ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠬᠦᠷᠢᠷ᠎ᠡ ᠴᠠᠷ᠎ᠠ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠦ ᠪᠤᠢ
ᠨᠡᠶᠢᠲᠡᠯᠡᠭᠰᠡᠨ ᠴᠠᠭ᠄
2021/8/10
   ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ    ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠬᠦᠷᠢᠷ᠎ᠡ ᠴᠠᠷ᠎ᠠ ᠳᠠᠬᠢ ᠬᠢᠵᠢᠭ ᠤᠨ    ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠦ ᠪᠤᠢ                           ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠬᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠣᠳᠣᠬᠠᠨ ᠤ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠬᠦᠷᠢᠶ᠎ᠠ ᠴᠠᠷ᠎ᠠ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠬᠦᠷᠢᠶ᠎ᠠ ᠴᠠᠷ᠎ᠠ  ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠪᠠᠷ ᠨᠠᠶᠢᠳᠠᠪᠦᠷᠢᠵᠢᠭᠤᠯᠵᠦ ᠪᠤᠢ᠃    ᠠᠷᠠᠯᠵᠢᠶ᠎ᠠ ᠬᠤᠳᠠᠯᠳᠤᠭᠠᠨ ᠤ ᠬᠦᠷᠢᠶ᠎ᠠ ᠴᠠᠷ᠎ᠠ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭ᠎ᠠ ᠠᠳᠬᠤᠬᠤ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠬᠤᠳᠠᠯᠳᠤᠭᠠᠨ ᠤ ᠶᠠᠪᠤᠳᠠᠯ  ᠤᠨ ᠲᠣᠪᠴᠢᠶ᠎ᠠ ᠨᠢ24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ 4 ᠱᠠᠯᠠᠪᠳᠠᠨ ᠪᠠᠶᠢᠴᠠᠭᠠᠬᠤ ᠳᠤᠭᠤᠶᠢᠯᠠᠩ ᠬᠤᠪᠢᠶᠠᠨ ᠨᠡᠶᠢᠲᠡ 9 ᠬᠥᠮᠦᠨ ᠲᠣᠰ ᠪᠦᠷᠢ 81 ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠡᠷ ᠬᠥᠷᠥᠩᠭᠡ ᠶᠢᠨ ᠵᠠᠭᠤᠴᠢᠯᠠᠬᠤ ᠠᠵᠢᠯ ᠲᠥᠷᠥᠯ᠂ ᠬᠦᠶᠲᠡᠨ ᠪᠤᠰᠤ ᠬᠡᠯᠬᠢᠶᠡᠲᠦ ᠪᠠᠷᠠᠭ᠎ᠠ ᠲᠠᠸᠠᠷ᠂ ᠲᠣᠰᠣ ᠨᠡᠮᠡᠬᠦ ᠥᠷᠲᠡᠭᠡ ᠵᠡᠷᠭᠡ ᠭᠤᠤᠯᠳᠠᠯᠭ᠎ᠠ ᠲᠠᠢ ᠬᠦᠷᠢᠶ᠎ᠠ ᠴᠠᠷ᠎ᠠ ᠳᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠱᠠᠯᠠᠪᠳᠠᠭᠤᠯᠤᠨ ᠪᠠᠶᠢᠴᠠᠭᠠᠬᠤ ᠲᠤᠮᠳᠠ᠂ ᠪᠡᠶ᠎ᠡ ᠶᠢᠨ ᠳᠤᠯᠠᠭᠠᠨ ᠢ ᠭᠡᠮᠵᠢᠵᠦ ᠪᠠᠶᠢᠭ᠎ᠠ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠨᠣᠮᠧᠷ ᠢ ᠰᠢᠯᠭᠠᠨ ᠪᠠᠶᠢᠴᠠᠭᠠᠬᠤ᠂ ᠡᠳ᠋ ᠪᠣᠳᠠᠰ ᠨᠥᠭᠡᠴᠡᠯᠡᠬᠦ᠂ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠤᠨ ᠪᠦᠷᠢᠳᠬᠡᠯ᠂ ᠭᠠᠳᠠᠭᠠᠳᠤ  ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠢ ᠮᠡᠳᠡᠭᠦᠯᠦᠨ ᠳᠠᠩᠰᠠᠯᠠᠭᠤᠯᠬᠤ ᠵᠡᠷᠭᠡ ᠲᠠᠯ᠎ᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠪᠠᠶᠢᠴᠠᠭᠠᠬᠤ ᠲᠤᠮᠳᠠ ᠪᠠᠰᠠ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠬᠦᠷᠢᠶ᠎ᠠ ᠴᠠᠷ᠎ᠠ ᠳᠠᠬᠢ ᠡᠯ᠎ᠡ ᠵᠠᠬ᠎ᠠ ᠳᠡᠯᠭᠡᠭᠦᠷ ᠤᠨ ᠭᠤᠤᠯ  ᠴᠣᠭᠴᠠ ᠳᠤ ︽ᠳᠥᠷᠪᠡᠨ ᠢᠵᠢ ᠬᠦᠰᠦᠨᠦᠭᠲᠦ︾᠂ ᠠᠵᠢᠯᠲᠠᠨ ᠤ ᠪᠡᠶ᠎ᠡ ᠶᠢᠨ ᠳᠤᠯᠠᠭᠠᠨ ᠤ ᠳᠡᠩᠰᠡᠯᠡᠯᠲᠡ ᠶᠢᠨ ᠬᠦᠰᠦᠨᠦᠭᠲᠦ᠂ ᠰᠠᠯᠬᠢ ᠨᠡᠪᠲᠡᠷᠡᠬᠦ ᠲᠡᠮᠳᠡᠭᠯᠡᠯ ᠤᠨ ᠬᠦᠰᠦᠨᠦᠭᠲᠦ᠂ ᠣᠯᠠᠨ ᠨᠡᠶᠢᠲᠡ ᠶᠢᠨ ᠲᠥᠬᠦᠭᠡᠷᠦᠮᠵᠢ ᠠᠷᠢᠭᠤᠳᠬᠠᠯ ᠤᠨ ᠲᠡᠮᠳᠡᠭᠯᠡᠯ ᠤᠨ ᠬᠦᠰᠦᠨᠦᠭᠲᠦ᠂ ᠵᠣᠴᠢᠳ ᠤᠨ ᠪᠡᠶ᠎ᠡ ᠶᠢᠨ ᠳᠤᠯᠠᠭᠠᠨ ᠤ ᠬᠡᠪ ᠤᠨ ᠪᠤᠰᠤ ᠪᠠᠶᠢᠳᠠᠯ ᠤᠨ ᠳᠡᠩᠰᠡᠯᠡᠯᠲᠡ  ᠶᠢᠨ ᠬᠦᠰᠦᠨᠦᠭᠲᠦ ᠶᠢ ᠲᠠᠷᠬᠠᠭᠠᠨ ᠦᠭᠴᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠵᠠᠰᠠᠬᠤ ᠰᠠᠨᠠᠯ ᠳᠤᠷᠠᠳᠴᠤ᠂ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠠᠵᠤ ᠠᠬᠤᠶᠢᠯᠠᠯ ᠤᠨ ᠴᠡᠭᠴᠡᠯᠡᠨ ᠵᠠᠰᠠᠵᠦ ᠳᠡᠶᠢᠯᠬᠦ ᠶᠢ ᠨᠢ ᠲᠤᠬᠠᠶ ᠶᠢᠨ ᠲᠠᠯᠠᠪᠤᠷ ᠲᠤᠨᠢ ᠴᠡᠭᠴᠡᠯᠡᠨ ᠵᠠᠰᠠᠵᠦ᠂ ᠳᠠᠷᠦ᠋ᠢᠬᠠᠨ ᠴᠡᠭᠴᠡᠯᠡᠨ ᠵᠠᠰᠠᠵᠦ ᠳᠡᠶᠢᠯᠬᠦ ᠥᠬᠡᠶ  ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠠᠴᠠ ᠭᠠᠳᠠᠨ᠎ᠠ᠂ ᠪᠣᠭᠤᠮᠲᠠ ᠨᠢᠭᠡᠪᠦᠷᠢ ᠶᠢ ᠰᠠᠶᠢᠲᠤᠷ ᠡᠵᠡᠮᠳᠡᠵᠦ᠂ ᠰᠡᠷᠭᠡᠶᠢᠯᠡᠯᠲᠡ ᠶᠢᠨ ᠱᠤᠭᠤᠮ ᠨᠢᠭᠡᠪᠦᠷᠢ  ᠶᠢ ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠵᠤ᠂ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ᠶᠢᠨ ᠲᠤᠰᠠᠳᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠠᠢ ᠬᠠᠮᠲᠤᠷᠠᠨ ᠭᠠᠳᠠᠭᠠᠳᠤ ᠠᠴᠠ ᠤᠷᠤᠭᠤᠯᠵᠦ ᠪᠠᠶᠢᠭ᠎ᠠ ᠬᠦᠶᠲᠡᠨ ᠬᠡᠯᠬᠢᠶᠡᠲᠦ ᠪᠤᠰᠤ ᠪᠣᠳᠠᠰ ᠳᠠᠬᠢ   ᠪᠠᠶᠢᠴᠠᠭᠠᠯᠲᠠ ᠶᠢᠨ ᠠᠵᠢᠯ ᠢ ᠦᠷᠨᠢᠭᠦᠯᠵᠦ᠂ ᠠᠵᠢᠯᠯᠠᠬᠤ ᠳᠤᠭᠤᠶᠢᠯᠠᠩ ᠤᠨ ᠬᠢᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠬᠡ ᠳᠠᠩᠰᠠ ᠪᠦᠷᠢᠨ ᠭᠦᠢᠴᠡᠳ ᠪᠠᠶᠢᠬᠤ ᠡᠰᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠪᠣᠯᠪᠠᠰᠤᠷᠠᠯ ᠭᠦᠢᠴᠡᠳ ᠪᠠᠶᠢᠬᠤ ᠡᠰᠡᠬᠦ ᠪᠠ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯ᠂ ᠠᠵᠢᠯᠲᠠᠳ ᠤᠨ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠭᠰᠠᠨ ᠲᠡᠮᠳᠡᠭᠯᠡᠯ᠂ ᠠᠷᠢᠭᠤᠳᠬᠠᠭᠰᠠᠨ ᠲᠡᠮᠳᠡᠭᠯᠡᠯ᠂ ᠰᠠᠯᠬᠢ ᠨᠡᠪᠲᠡᠷᠡᠭᠰᠡᠨ ᠲᠡᠮᠳᠡᠭᠯᠡᠯ᠂ ᠭᠠᠳᠠᠨ᠎ᠠ ᠠᠴᠠ ᠢᠷᠡᠭᠰᠡᠨ ᠬᠥᠮᠦᠰ ᠤᠨ ᠠᠶᠠᠯᠠᠯ  ᠤᠨ ᠨᠣᠮᠧᠷ᠂ ᠡᠷᠡᠭᠦᠯ ᠮᠡᠨᠳᠦ ᠶᠢᠨ ᠨᠣᠮᠧᠷ᠂ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠭᠰᠠᠨ ᠵᠡᠷᠭᠡ ᠲᠠᠯ᠎ᠠ ᠶᠢᠨ ᠳᠤᠪᠤᠶᠢᠮ᠎ᠠ ᠠᠰᠠᠭᠤᠳᠠᠯ ᠤᠨ ᠲᠣᠭᠤᠷᠢᠨ ᠳᠤ ᠲᠤᠰᠬᠠᠢ ᠪᠠᠶᠢᠴᠠᠭᠠᠯᠲᠠ ᠬᠢᠪᠡ᠃ ᠡᠭᠦᠨ ᠤ ᠬᠠᠮᠲᠤ ᠭᠠᠳᠠᠭᠠᠳᠤ ᠠᠴᠠ ᠣᠷᠣᠭᠤᠯᠤᠭᠰᠠᠨ ᠡᠳ᠋ ᠪᠣᠳᠠᠰ ᠢ ᠠᠷᠢᠭᠤᠳᠬᠠᠨ ᠰᠢᠶᠳᠪᠦᠷᠢᠯᠡᠭᠰᠡᠨ ᠭᠡᠷᠡᠴᠢ ᠪᠣᠯᠤᠨ ᠡᠳ᠋ ᠪᠣᠳᠠᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ ᠪᠥᠭᠡᠮ ᠬᠦᠴᠢᠯ ᠢ ᠰᠢᠯᠭᠠᠨ ᠪᠠᠶᠢᠴᠠᠭᠠᠭᠰᠠᠨ ᠬᠦᠢᠳᠡᠨ ᠬᠡᠯᠬᠢᠶᠡᠲᠦ ᠪᠤᠰᠤ ᠪᠠᠷᠠᠭᠠᠨ ᠤ ᠲᠤᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠷ ᠨᠠᠷᠢᠨ ᠨᠢᠭᠲᠠ  ᠪᠠᠶᠢᠴᠠᠭᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠥᠬᠡᠶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠢᠭᠡᠨᠲᠡ ᠲᠤᠬᠠᠶ ᠶᠢᠨ ᠲᠠᠯᠠᠪᠤᠷ ᠲᠤᠨᠢ ᠪᠠᠶᠢᠴᠠᠭᠠᠨ ᠰᠢᠶᠳᠪᠦᠷᠢᠯᠡᠵᠦ ᠴᠡᠭᠴᠡᠯᠡᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠦᠷᠭᠦᠯᠵᠢᠯᠡᠨ ᠪᠥᠬᠦ ᠬᠤᠰᠢᠭᠤᠨ ᠤ ᠭᠠᠳᠠᠭᠠᠳᠤ ᠠᠴᠠ ᠣᠷᠣᠭᠤᠯᠤᠭᠰᠠᠨ ᠬᠦᠶᠲᠡᠨ ᠬᠡᠯᠬᠢᠶᠡᠲᠦ ᠪᠤᠰᠤ ᠪᠣᠳᠠᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ ᠂ ᠬᠤᠯᠪᠤᠭᠳᠠᠯ ᠪᠦᠬᠦᠢ ᠠᠵᠤ ᠠᠬᠤᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠬᠦ  ᠳᠤ ᠬᠢᠨᠠᠯᠲᠠ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠮᠡᠳᠡᠭᠦᠯᠦᠨ ᠳᠠᠩᠰᠠᠯᠠᠭᠤᠯᠬᠤ᠂ ᠪᠠᠶᠢᠴᠠᠭᠠᠨ ᠰᠢᠯᠭᠠᠬᠤ᠂ ᠠᠷᠢᠭᠤᠳᠬᠠᠬᠤ ᠵᠡᠷᠭᠡ ᠬᠠᠮᠢᠶ᠎ᠠ ᠪᠥᠬᠦᠶ ᠠᠵᠢᠯ ᠢ ᠨᠠᠶᠢᠳᠠᠪᠤᠷᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠂ ᠭᠠᠳᠠᠭᠠᠳᠤ ᠠᠴᠠ ᠣᠷᠣᠭᠤᠯᠤᠭᠰᠠᠨ ᠬᠦᠶᠲᠡᠨ ᠬᠡᠯᠬᠢᠶᠡᠲᠦ ᠪᠤᠰᠤ ᠪᠣᠳᠠᠰ ᠤᠨ ᠠᠮᠤᠷ ᠲᠦᠪᠰᠢᠨ ᠢ ᠪᠠᠲᠤᠯᠠᠵᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠦᠷ ᠬᠢᠬᠦ ᠪᠤᠯᠥᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号