ᠦᠷᠨᠢᠬᠦᠨ ᠬᠦᠭᠵᠢᠭᠡ ᠰᠠᠭᠠᠯᠢ ᠶᠢᠨ ᠦᠢᠯᠡᠰ | | ᠤᠷᠴᠢᠮᠬᠠᠨ ᠪᠤᠯᠵᠤ ᠦᠩᠭᠡᠷᠡᠭᠰᠡᠨ ᠬᠤᠶᠠᠳᠤᠭᠠᠷ ᠬᠤᠭᠤᠴᠠᠭᠠᠨ ᠤ ᠰᠢᠯᠢ ᠶᠢᠨ ᠭᠤᠤᠯ ᠴᠠᠭᠠᠨ ᠢᠳᠡᠭᠡᠨ ᠤ | ᠰᠢᠯᠭᠠᠷᠠᠭᠤᠯᠤᠯᠲᠠ ᠵᠢᠴᠢ ᠠᠮᠳᠠᠳᠤ ᠢᠳᠡᠭᠡᠨ ᠠᠮᠳᠠᠯᠠᠨ ᠦᠨᠡᠯᠡᠬᠦ ᠴᠤᠭᠯᠠᠭᠠᠨ ᠳᠤ ᠪᠠᠷᠠᠭᠤᠨ ᠦᠵᠦᠮᠦᠴᠢᠨ ᠬᠤᠰᠢᠭᠤᠨ ᠤ | ᠦᠵᠦᠮᠦᠴᠢᠨ ᠴᠠᠭᠠᠨ ᠢᠳᠡᠭᠡᠨ ᠤ ᠨᠡᠶᠢᠭᠡᠮᠯᠢᠭ ᠤᠨ ᠬᠢᠨ ᠰᠢᠯᠢᠳᠡᠭ ᠬᠢᠷᠢ ᠪᠦᠳᠦᠮᠵᠢ ᠤᠯᠤᠭᠰᠠᠨ ᠰᠠᠶᠢᠬᠠᠨ ᠰᠤᠨᠤᠰᠬᠠᠯ | ᠢᠶᠠᠷ ᠮᠠᠨ ᠤ ᠰᠤᠷᠪᠤᠯᠵᠢᠯᠠᠭ᠎ᠠ ᠶᠢᠨ ᠪᠠᠭ ᠤᠨ ᠬᠢᠨ ᠲᠦᠯᠦᠭᠡᠯᠡᠭᠴᠢ ᠴᠢᠨᠠᠷᠲᠠᠢ ᠬᠤᠶᠠᠷ ᠴᠡᠭ ᠢ ᠰᠤᠷᠪᠤᠯᠵᠢᠯᠠᠨ ᠮᠡᠳᠡᠭᠡᠯᠡᠬᠦ | ᠪᠠᠷ ᠪᠤᠯᠵᠤᠭᠰᠠᠨ ᠨᠢ ᠡᠨᠡ ᠪᠢᠯᠡ᠃ | | | | | ᠦᠵᠦᠮᠦᠴᠢᠨ ᠴᠠᠭᠠᠨ ᠢᠳᠡᠭᠡᠨ ᠤ ᠨᠡᠶᠢᠭᠡᠮᠯᠢᠭ 2020 ᠣᠨ ᠤ 8 ᠰᠠᠷ᠎ᠠ ᠶᠢᠨ 10 ᠤ ᠡᠳᠦᠷ ᠪᠠᠶᠢᠭᠤᠯᠤᠭᠳᠠᠵᠤ᠂ | ᠣᠲᠣ ᠪᠤᠯᠬᠤ ᠳᠤ 70 ᠭᠠᠷᠤᠢ ᠭᠡᠰᠢᠭᠦᠨ ᠲᠠᠢ᠂ ᠰᠢᠨ᠎ᠡ ᠶᠢ ᠡᠭᠦᠳᠬᠦ᠂ ᠲᠥᠷᠥᠯ ᠵᠦᠢᠯ ᠡᠷᠡᠮᠡᠯᠵᠡᠯᠡᠬᠦ᠂ ᠶᠠᠰᠤ ᠴᠢᠨᠠᠷ ᠢ | ᠳᠡᠭᠡᠭᠰᠢᠯᠡᠭᠦᠯᠬᠦ᠂ ᠨᠠᠷᠠᠲᠤ ᠲᠡᠮᠳᠡᠭᠲᠦ ᠡᠭᠦᠳᠬᠦ ᠶᠢ ᠬᠠᠶᠢᠨ ᠰᠦᠪᠡᠭᠴᠢᠯᠡᠵᠦ᠂ ᠵᠠᠬ᠎ᠠ ᠲᠡᠯᠭᠡᠭᠦᠷ ᠤᠨ ᠬᠡᠷᠡᠭᠴᠡᠭᠡ ᠳᠤ | ᠵᠣᠬᠢᠴᠠᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠶ | ᠠᠬᠢᠭᠤᠯᠬᠤ ᠪᠠᠷ ᠬᠠᠷᠠᠯᠲᠠ ᠪᠤᠯᠭᠠᠨ᠂ ᠦᠵᠦᠮᠦᠴᠢᠨ ᠨᠤᠳᠤᠭ ᠤᠨ ᠴᠠᠭᠠᠨ ᠢᠳᠡᠭᠡᠨ ᠤ ᠠᠵᠢᠯ ᠲᠥᠷᠥᠯ ᠳᠤ | ᠦᠢᠯᠡᠴᠢᠯᠡᠳᠡᠭ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠯᠬᠤ ᠶᠤᠮ᠃ | | | | | ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠤᠯᠠᠮ ᠴᠢᠨᠠᠷᠵᠢᠭᠤᠨ ᠬᠦᠭᠵᠢᠯᠲᠡ ᠶᠢ ᠪᠠᠳᠤᠯᠠᠭᠰᠠᠨ ᠰᠠᠭᠤᠷᠢᠨ ᠳᠤ᠂ | ᠰᠢᠨ᠎ᠡ ᠶᠢ ᠡᠬᠦᠳᠦᠨ᠂ ᠡᠭᠦᠷᠭᠡ ᠴᠢᠳᠠᠪᠬᠢ ᠪᠠᠨ ᠲᠠᠰᠤᠷᠠᠯᠲᠠ ᠥᠬᠡᠶ ᠰᠠᠶᠢᠵᠢᠷᠠᠭᠤᠯᠤᠨ᠂ ᠮᠠᠯᠴᠢᠳ ᠤᠨ ᠣᠷᠣᠯᠭ᠎ᠠ ᠶᠢ | ᠨᠡᠮᠡᠭᠳᠡᠬᠦᠯᠵᠤ᠂ ︽ᠨᠡᠶᠢᠭᠡᠮᠯᠢᠭ︾ ᠭᠡᠬᠦ ᠰᠢᠨ᠎ᠡ ᠬᠤᠷᠰᠢᠭᠰᠠᠨ ᠠᠵᠤ ᠠᠬᠤᠶ ᠶᠢᠨ ᠬᠡᠯᠪᠡᠷᠢ ᠪᠠᠷ ᠳᠠᠮᠵᠢᠭᠤᠯᠤᠨ᠂ ᠮᠠᠯᠴᠢᠳ ᠢ | ᠬᠥᠲᠥᠯᠦᠨ ᠵᠢᠯᠣᠭᠤᠳᠴᠤ ᠵᠣᠬᠢᠶᠠᠨ ᠪᠠᠶᠢᠭᠤᠯᠤᠨ ᠵᠠᠬ᠎ᠠ ᠳᠡᠯᠭᠡᠭᠦᠷ ᠲᠤ ᠣᠷᠣᠭᠤᠯᠵᠤ᠂ ᠵᠠᠬ᠎ᠠ ᠳᠡᠯᠭᠡᠭᠦᠷ ᠤᠨ | ᠥᠷᠢᠰᠥᠯᠳᠦᠭᠡᠨ ᠤ ᠳᠤᠮᠳᠠ ᠮᠠᠯᠴᠢᠨ ᠲᠦᠮᠡᠨ ᠳᠤ ᠦᠨᠡᠨ ᠪᠣᠳᠠᠲᠠᠶ ᠪᠠᠷ ᠠᠰᠢᠭ ᠬᠦᠷᠳᠡᠭᠡᠬᠦ ᠵᠤᠷᠢᠯᠭ᠎ᠠ ᠠᠴᠠ | ᠠᠵᠢᠯᠯᠠᠭᠤᠯᠵᠤ ᠪᠠᠶᠢᠭ᠎ᠠ ᠶᠤᠮ᠃ | | | | | ᠪᠠᠶᠠᠩᠬᠤᠸᠠ ᠪᠠᠯᠭᠠᠰᠤᠨ ᠤ ᠪᠤᠷᠭᠠᠰᠤᠲᠠᠢ ᠭᠠᠴᠠᠭᠠᠨ ᠳᠤ ᠪᠠᠶᠢᠷᠢᠯᠠᠭ᠎ᠠ ︽ᠲᠠᠭᠠᠭᠠᠴᠠ︾ ᠮᠠᠯᠵᠢᠯ ᠤᠨ ᠦᠢᠯᠡᠰ ᠤᠨ | ᠲᠤᠰᠬᠠᠢ ᠬᠤᠷᠰᠢᠶᠠᠵᠢᠯ ᠨᠢ 2017 ᠣᠨ ᠳᠤ ᠰᠠᠨᠠᠭ᠎ᠠ ᠵᠤᠷᠢᠯᠲᠠ ᠨᠢᠭᠡᠲᠠᠢ ᠮᠠᠯᠴᠢᠳ ᠤᠨ ᠰᠠᠨᠠᠭᠠᠴᠢᠯᠭ᠎ᠠ ᠪᠠᠷ | ᠪᠠᠶᠢᠭᠤᠯᠤᠭᠳᠠᠵᠤ᠂ ︽ᠣᠩᠭᠤᠨ ᠪᠠᠶᠢᠭᠠᠯᠢ ᠪᠠᠨ ᠬᠠᠮᠠᠭᠠᠯᠠᠬᠤ᠂ᠣᠳᠣᠬᠢᠴᠢᠯᠠᠭᠰᠠᠨ ᠮᠠᠯ ᠠᠵᠦ ᠠᠬᠤᠢ ᠶᠢ ᠬᠥᠭᠵᠢᠭᠦᠯᠣᠨ᠂ | ᠥᠭᠡᠳᠡᠷᠬᠡᠭ ᠠᠮᠢᠳᠤᠷᠠᠯ ᠢᠶᠠᠨ ᠴᠣᠭᠴᠠᠯᠠᠬᠤ︾ ᠵᠤᠷᠢᠯᠭ᠎ᠠ ᠠᠴᠠ ᠡᠷᠬᠢᠯᠡᠨ ᠠᠵᠢᠯᠯᠠᠭᠤᠯᠵᠤ ᠪᠠᠶᠢᠭ᠎ᠠ ᠴᠣᠯ ᠮᠠᠯᠵᠢᠬᠤ | ᠬᠤᠷᠰᠢᠶᠠᠵᠢᠯ ᠪᠤᠯᠬᠤ ᠶᠤᠮ᠃ ᠤᠳᠤᠬᠠᠨ ᠳᠤ 13 ᠬᠡᠰᠢᠬᠦᠨ ᠡᠷᠣᠭᠡ ᠲᠠᠢ ᠂ 2020 ᠣᠨ ᠳᠤ ᠪᠦᠬᠦ ᠣᠷᠤᠯᠭ᠎ᠠ | 190 ᠭᠠᠷᠤᠢ ᠲᠦᠮᠡ ᠬᠦᠷᠦᠭᠰᠡᠨ ᠪᠠ ᠡᠭᠦᠨ ᠳᠤ 60 ᠣᠷᠴᠢᠮ ᠲᠦᠮᠡ ᠨᠢ ᠶᠢ ᠬᠡᠰᠢᠬᠦᠳ ᠲᠤ ᠪᠠᠨ ᠬᠤᠪᠢᠶᠠᠷᠢᠯᠠᠵᠠᠢ᠃ | ᠡᠶᠢᠨᠬᠦ ᠲᠠᠳᠠ ᠪᠠᠰᠠ 2020 ᠣᠨ ᠳᠤ ᠮᠠᠯ ᠠᠵᠦ ᠠᠬᠤᠢ ᠪᠠᠨ ᠨᠢᠭᠡᠳᠭᠡᠭᠰᠡᠨ ᠰᠠᠭᠤᠷᠢᠨ ᠳᠤ᠂ ᠲᠠᠪᠬᠤᠴᠠᠭᠰᠠᠨ | ᠵᠠᠷᠤᠳᠠᠯ ᠢᠶᠠᠨ ᠪᠠᠭᠠᠰᠬᠠᠨ᠂ ᠴᠠᠭᠠᠨ ᠢᠳᠡᠭᠡᠨ ᠪᠣᠯᠪᠠᠰᠤᠷᠠᠭᠤᠯᠬᠤ ᠲᠥᠪ ᠪᠠᠶᠢᠭᠤᠯᠵᠤ᠂ ᠪᠠᠷᠢᠮᠵᠢᠶᠠᠵᠢᠭᠰᠠᠨ᠂ ᠪᠤᠬᠢᠷᠳᠤᠯ | ᠦᠭᠡᠢ ᠵᠢᠵᠢᠭ ᠦᠢᠯᠡᠳᠬᠡᠯ ᠤᠨ ᠲᠠᠰᠤᠭ ᠪᠠᠶᠢᠭᠤᠯᠵᠤ᠂ ᠴᠠᠭᠠᠨ ᠢᠳᠡᠭᠡ ᠪᠤᠯᠪᠠᠰᠤᠷᠠᠭᠤᠯᠤᠨ ᠪᠤᠷᠤᠯᠠᠭᠤᠯᠵᠤ ᠡᠬᠢᠯᠡᠭᠰᠡᠨ | ᠪᠠᠶᠢᠨ᠎ᠠ᠃ ᠬᠡᠳᠦᠢ ᠰᠦᠨ ᠤ ᠢᠷᠡᠯᠲᠠ ᠲᠤᠳᠠᠮᠠᠭ ᠪᠠᠶᠢᠯ᠎ᠠ ᠴᠦ ᠵᠠᠭᠤᠭᠠᠳ ᠦᠨᠢᠶ᠎ᠡ ᠰᠠᠭᠠᠵᠤ᠂ ᠡᠲᠦᠷ ᠤᠨ 200 | ᠭᠠᠷᠤᠢ ᠵᠢᠩ ᠤᠨ ᠰᠦ ᠪᠤᠯᠪᠠᠰᠤᠷᠠᠭᠤᠯᠤᠨ ᠡᠳ᠋ᠰᠢᠯᠡᠬᠦᠯᠵᠦ᠂ ᠬᠤᠰᠢᠭᠤᠨ ᠲᠦᠪ ᠲᠤ ᠬᠦᠷᠭᠡᠵᠦ᠂ ᠮᠠᠯᠵᠢᠯ ᠤᠨ ᠪᠤᠰᠤ | ᠤᠷᠤᠯᠭ᠎ᠠ ᠡᠬᠦᠳᠴᠦ᠂ ᠬᠤᠷᠰᠢᠶᠠᠵᠢᠯ ᠤᠨ ᠬᠡᠰᠢᠬᠦᠳ ᠢᠶᠠᠨ ᠲᠠᠶᠢᠴᠢᠯᠠᠨ ᠲᠠᠭᠠᠭᠤᠯᠵᠤ᠂ ᠴᠠᠭᠠᠨ ᠢᠳᠡᠭᠡᠨ ᠤ ᠦᠢᠯᠡᠰ | ᠤᠨ ᠵᠠᠬ᠎ᠠ ᠲᠡᠯᠭᠡᠭᠦᠷ ᠳᠠᠬᠢ ᠬᠦᠭᠵᠢᠯᠲᠠ ᠶᠢᠨ ᠦᠷᠭᠡᠨ ᠵᠠᠢ ᠶᠢ ᠮᠡᠳᠡᠷᠡᠬᠦᠯᠵᠦ᠂ ᠵᠠᠬᠠᠵᠢᠭᠰᠠᠨ ᠪᠤᠭᠤᠳᠠᠯ ᠪᠠᠭᠯᠠᠭᠠᠨ ᠤ | ᠲᠠᠯ᠎ᠠ ᠳᠤ ᠰᠢᠨ᠎ᠡ ᠶᠢ ᠡᠬᠦᠳᠴᠦ᠂ ᠤᠷᠤᠯᠭ᠎ᠠ ᠪᠠᠨ ᠨᠡᠮᠡᠭᠳᠡᠬᠦᠯᠬᠦ ᠵᠢᠴᠢ ᠵᠠᠬᠠᠵᠢᠭᠤᠯᠤᠨ ᠪᠤᠷᠤᠯᠠᠭᠤᠯᠵᠤ ᠲᠦᠭᠡᠮᠡᠯᠵᠢᠬᠦᠯᠬᠦ | ᠪᠠᠷ ᠬᠦᠴᠦᠯᠡᠨ ᠴᠢᠷᠮᠠᠶᠢᠵᠤ ᠂ ᠪᠠᠶᠢᠭᠠᠯᠢ ᠤᠷᠴᠢᠨ ᠤ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠭᠰᠡᠨ | ᠠᠴᠠ ᠤᠷᠴᠢᠮ ᠤᠨ ᠵᠢᠯ ᠠᠴᠠ ᠡᠬᠢᠯᠡᠨ ᠬᠤᠷᠰᠢᠶᠠᠵᠢᠯ ᠤᠨ ᠨᠤᠳᠤᠭ ᠪᠡᠯᠴᠢᠭᠡᠷ ᠤᠨ ᠰᠡᠷᠭᠦᠯᠲᠡ ᠰᠠᠶᠢᠨ ᠪᠠᠶᠢᠵᠤ᠂ | ᠤᠷᠭᠤᠮᠠᠯ ᠤᠨ ᠲᠦᠷᠦᠯ ᠵᠦᠢᠯ ᠴᠦ ᠤᠯᠠᠰᠢᠷᠠᠨ᠂ ᠨᠢᠳᠦᠨ ᠳᠤ ᠦᠵᠡᠭᠳᠡᠮ᠎ᠡ ᠠᠮᠢ ᠠᠬᠤᠢ ᠠᠵᠤ ᠠᠬᠤᠢ ᠶᠢᠨ ᠬᠤᠤᠰ | ᠦᠷ᠎ᠡ ᠠᠰᠢᠭ ᠢ ᠡᠬᠦᠳᠦᠭᠰᠡᠨ ᠶᠤᠮ᠃ | ︽ᠲᠠᠭᠠᠭᠠᠴᠠ︾ ᠮᠠᠯᠵᠢᠯ ᠤᠨ ᠦᠢᠯᠡᠰ ᠤᠨ ᠲᠤᠰᠬᠠᠢ ᠬᠤᠷᠰᠢᠶᠠᠵᠢᠯ ᠨᠢ ᠪᠠᠰᠠ 2021 ᠤᠨ ᠠᠴᠠ ᠡᠬᠢᠯᠡᠨ | ᠴᠠᠭᠠᠨ ᠬᠡᠬᠦᠦ ᠰᠠᠭᠠᠵᠤ ᠪᠤᠷᠤᠯᠠᠭᠤᠯᠬᠤ ᠠᠵᠢᠯ ᠢᠶᠠᠨ ᠡᠬᠢᠯᠡᠬᠦᠯᠦᠭᠰᠡᠨ ᠪᠠᠶᠢᠭ᠎ᠠ ᠶᠤᠮ᠃ | ᠬᠤᠰᠢᠭᠤᠨ ᠲᠦᠪ ᠪᠠᠯᠭᠠᠷᠭᠤᠤᠯ ᠪᠠᠯᠭᠠᠰᠤᠨ ᠳᠤ ᠪᠠᠶᠢᠷᠰᠢᠭᠠ ︽ᠠᠷᠢᠭᠤᠨ ᠰᠠᠭᠠᠯᠢ︾ ᠴᠠᠭᠠᠨ ᠢᠳᠡᠭᠡᠨ ᠤ | ᠬᠢᠵᠠᠭᠠᠷᠲᠤ ᠺᠣᠮᠫᠠᠨᠢ ᠨᠢ ᠬᠠᠮᠤᠭ ᠠᠩᠬ᠎ᠠ 2011 ᠤᠨ ᠳᠤ ᠡᠷᠬᠢᠯᠡᠨ ᠠᠵᠢᠯᠯᠠᠭᠤᠯᠵᠤ᠂ ᠤᠤᠯ ᠨᠡᠷ᠎ᠡ ᠨᠢ ︽ᠰᠠᠭᠠᠯᠢ︾ | ᠴᠠᠭᠠᠨ ᠢᠳᠡᠭᠡᠨ ᠤ ᠲᠡᠯᠭᠡᠭᠦᠷ ᠪᠠᠶᠢᠭᠰᠠᠨ ᠪᠠᠶᠢᠵᠠᠢ᠃ 2020 ᠤᠨ ᠳᠤ ᠤᠯᠤᠰ ᠤᠨ ᠰᠦᠨ ᠤ ᠦᠢᠯᠡᠰ ᠢ | ᠬᠦᠭᠵᠢᠬᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠲᠠᠭᠠᠤ ᠵᠢᠵᠢᠭ ᠠᠵᠤ ᠠᠬᠤᠶᠢᠯᠠᠯ ᠪᠤᠯᠤᠨ ᠲᠡᠰ ᠲᠡᠪᠰᠢᠵᠤ᠂ | ᠲᠠᠸᠠᠷ ᠤᠨ ᠲᠡᠮᠳᠡᠭ ᠲᠠᠩᠰᠠᠯᠠᠭᠤᠯᠵᠤ ᠺᠤᠮᠫᠠᠨᠢ ᠪᠤᠯᠤᠨ ᠦᠷᠭᠡᠵᠢᠭᠰᠡᠨ ᠶᠤᠮ᠃ | | | ︽ᠠᠷᠢᠭᠤᠨ ᠰᠠᠭᠠᠯᠢ︾ ᠴᠠᠭᠠᠨ ᠢᠳᠡᠭᠡᠨ ᠤ ᠬᠢᠵᠠᠭᠠᠷᠲᠤ ᠺᠣᠮᠫᠠᠨᠢ ᠳᠤ ᠤᠷᠤᠬᠤ ᠳᠤ ᠤᠯᠠᠨ ᠶᠠᠩᠵᠤ ᠶᠢᠨ ᠴᠠᠭᠠᠨ | ᠢᠳᠡᠭᠡᠨ ᠤ ᠲᠦᠷᠦᠯ ᠢ ᠲᠡᠷᠢ ᠲᠡᠭᠰᠢ ᠵᠢᠭᠳᠡᠷᠡᠬᠦᠯᠵᠦ᠂ ᠴᠡᠪᠡᠷ ᠲᠣᠬᠢᠯᠢᠭ ᠣᠳᠣᠬᠢᠴᠢᠯᠠᠭᠰᠠᠨ ᠵᠠᠰᠠᠯ ᠴᠢᠮᠡᠭᠯᠡᠯ ᠨᠢ | ᠬᠥᠮᠦᠰ ᠢ ᠲᠠᠭᠠᠯᠠᠮᠵᠢᠲᠠᠢ ᠰᠠᠶᠢᠬᠠᠨ ᠰᠠᠨᠠᠭᠳᠠᠭᠤᠯᠵᠤ᠂ ᠨᠢᠭᠡᠳᠦᠭᠡᠷ ᠲᠠᠪᠬᠤᠷᠭ᠎ᠠ ᠨᠢ ᠬᠤᠳᠠᠯᠳᠤᠭᠠᠨ ᠤ ᠲᠣᠭᠤᠷᠢᠭ᠂ | ᠬᠤᠶᠠᠳᠤᠭᠠᠷ ᠲᠠᠪᠬᠤᠷᠭ᠎ᠠ ᠶᠢ ᠴᠠᠭᠠᠨ ᠢᠳᠡᠭᠡ ᠪᠣᠯᠪᠠᠰᠤᠷᠠᠭᠤᠯᠬᠤ ᠲᠣᠭᠤᠷᠢᠭ ᠪᠤᠯᠭᠠᠨ ᠬᠤᠪᠢᠶᠠᠬᠤ ᠶᠢᠨ ᠬᠠᠮᠲᠤ ᠠᠷᠢᠭᠤᠨ | ᠴᠡᠪᠡᠷ ᠤᠨ ᠪᠠᠷᠢᠮᠵᠢᠶ᠎ᠠ ᠳᠤ ᠬᠦᠷᠭᠡᠬᠦ ᠦᠢᠯᠡᠳᠪᠦᠷᠢ ᠶᠢᠨ ᠲᠠᠰᠤᠭ ᠢᠶᠠᠨ ᠰᠦ ᠰᠢᠯᠭᠠᠨ ᠪᠠᠶᠢᠴᠠᠭᠠᠬᠤ ᠲᠠᠰᠤᠭ᠂ ᠰᠦ | ᠢᠰᠬᠡᠬᠦ ᠲᠠᠰᠤᠭ᠂ ᠬᠤᠷᠤᠳ ᠪᠣᠯᠪᠠᠰᠤᠷᠠᠭᠤᠯᠬᠤ ᠲᠠᠰᠤᠭ᠂ ᠰᠦ ᠪᠣᠯᠪᠠᠰᠤᠷᠠᠭᠤᠯᠬᠤ ᠲᠠᠰᠤᠭ᠂ ᠬᠠᠲᠠᠭᠠᠵᠤ ᠪᠣᠭᠤᠳᠠᠯᠯᠠᠬᠤ | ᠲᠠᠰᠤᠭ᠂ ᠠᠵᠢᠯᠲᠠᠳ ᠤᠨ ᠬᠤᠪᠴᠠᠰᠤ ᠰᠣᠯᠢᠬᠤ ᠲᠠᠰᠤᠭ ᠵᠡᠷᠭᠡ ᠪᠤᠯᠭᠠᠨ᠂ ᠠᠵᠢᠯ ᠤᠨ ᠬᠤᠪᠢᠶᠠᠷᠢᠯᠠᠯᠲᠠ ᠨᠢ ᠡᠮᠬᠢ | ᠴᠡᠭᠴᠡ ᠲᠠᠢ ᠨᠠᠷᠢᠯᠢᠭ ᠲᠤᠳᠤᠷᠬᠠᠢ ᠪᠠᠶᠢᠯ᠎ᠠ᠃ | ᠤᠳᠤᠬᠠᠨ ᠳᠤ᠂ ᠺᠣᠮᠫᠠᠨᠢ ᠨᠢ ᠰᠠᠭᠠᠯᠢ ᠶᠢᠨ ᠦᠨᠢᠶ᠎ᠡ ᠮᠠᠯᠵᠢᠬᠤ ᠪᠠ ᠴᠠᠭᠠᠨ ᠢᠳᠡᠭᠡᠨ ᠪᠤᠯᠪᠠᠰᠤᠷᠠᠭᠤᠯᠬᠤ ᠨᠢᠭᠡ | ᠵᠤᠷᠪᠤᠰ ᠱᠤᠭᠤᠮ ᠢ ᠪᠦᠷᠢᠯᠳᠦᠬᠦᠯᠦᠨ᠂ ᠰᠢᠨᠡᠭᠤᠤᠯ ᠨᠡᠭᠦᠳᠡᠯ ᠠᠷᠠᠳ ᠤᠨ ᠲᠤᠭᠤᠷᠢᠭ ᠲᠤ 70 ᠭᠠᠷᠤᠶ ᠬᠠᠷ᠎ᠠ ᠠᠯᠠᠭ | ᠰᠠᠭᠠᠯᠢ ᠶᠢᠨ ᠦᠨᠢᠶ᠎ᠡ ᠮᠠᠯᠵᠢᠨ᠂ ᠰᠠᠭᠠᠯᠠᠢ ᠶᠢᠨ ᠦᠨᠢᠶᠡᠨ ᠤ ᠮᠠᠯᠵᠢᠯ ᠤᠨ ᠲᠠᠯᠠᠪᠠᠶ ᠨᠢ 2300 ᠲᠡᠭᠰᠢ ᠳᠥᠷᠪᠡᠯᠵᠢᠨ | ᠮᠧᠲᠷ ᠪᠠᠶᠢᠵᠤ᠂ ᠡᠭᠦᠨ ᠳᠤ ᠪᠠᠷᠢᠯᠭ᠎ᠠ ᠶᠢᠨ ᠲᠠᠯᠠᠪᠠᠶ ᠨᠢ 900 ᠲᠡᠭᠰᠢ ᠳᠥᠷᠪᠡᠯᠵᠢᠨ ᠮᠧᠲᠷ ᠪᠠᠶᠢᠬᠤ ᠪᠥᠭᠡᠳ ᠢᠳᠡᠭᠡᠨ | ᠡᠳ᠋ᠰᠢᠯᠡᠬᠦᠯᠦᠨ ᠪᠤᠯᠪᠠᠰᠤᠷᠠᠭᠤᠯᠬᠤ ᠪᠠᠷᠢᠮᠵᠢᠶᠠᠵᠢᠭᠤᠯᠤᠭᠰᠠᠨ ᠲᠠᠰᠤᠭ 1 ᠢ ᠪᠠᠶᠢᠭᠤᠯᠵᠤ᠂ ︽ ᠬᠤᠷᠰᠢᠶᠠᠵᠢᠯ + ᠠᠵᠤ | ᠠᠬᠤᠶᠢᠯᠠᠯ + ᠮᠠᠯᠵᠢᠬᠤ ᠡᠷᠦᠬᠡ︾ ᠶᠢᠨ ᠵᠠᠭᠪᠤᠷ ᠢ ᠪᠦᠷᠢᠯᠳᠦᠬᠦᠯᠵᠦ᠂ ᠡᠷᠬᠢᠨ ᠲᠣᠭᠤᠷᠢᠨ ᠤ ᠰᠠᠭᠠᠯᠢ ᠶᠢᠨ ᠦᠨᠢᠶ᠎ᠡ | ᠮᠠᠯᠵᠢᠵᠤ ᠪᠠᠶᠢᠭ᠎ᠠ ᠡᠷᠦᠬᠡ ᠶᠢ ᠳᠠᠶᠢᠴᠢᠯᠠᠨ ᠦᠨᠢᠶᠡᠨ ᠰᠦ ᠶᠢ ᠨᠢ ᠬᠤᠳᠠᠯᠳᠤᠨ ᠠᠪᠴᠤ᠂ ᠡᠳᠦᠷ ᠪᠦᠷᠢ ᠳᠤᠮᠳᠠᠴᠢ ᠪᠠᠷ | 3000 ᠵᠢᠩ ᠰᠢᠨ᠎ᠡ ᠰᠦ ᠪᠤᠯᠪᠠᠰᠤᠷᠠᠭᠤᠯᠵᠤ᠂ ᠵᠢᠯ ᠤᠨ ᠪᠤᠯᠪᠠᠰᠤᠷᠠᠭᠤᠯᠤᠭᠰᠠᠨ ᠭᠠᠷᠤᠯᠲᠠ ᠶᠢᠨ ᠬᠡᠮᠵᠢᠶ᠎ᠡ ᠨᠢ 500 | ᠲᠣᠨ ᠳᠤ ᠬᠦᠷᠴᠦ ᠂ ᠬᠠᠮᠤᠭ ᠤᠨ ᠪᠠᠶᠢᠭᠠᠯᠢᠯᠢᠭ ᠪᠡᠯᠴᠢᠭᠡᠷ ᠪᠣᠯᠤᠨ ᠴᠢᠨᠠᠷ ᠰᠠᠶᠢᠲᠠᠶ ᠦᠨᠢᠶᠡᠨ ᠰᠦ ᠶᠢ ᠰᠣᠩᠭᠤᠨ | ᠬᠡᠷᠡᠭᠯᠡᠵᠦ᠂ ᠤᠯᠠᠮᠵᠢᠯᠠᠯᠲᠤ ᠠᠷᠭ᠎ᠠ ᠪᠠᠷᠢᠯ ᠢ ᠬᠠᠳᠠᠭᠠᠯᠠᠭᠰᠠᠨ ᠰᠠᠭᠤᠷᠢᠨ ᠳᠤ᠂ ᠣᠳᠣᠬᠢᠴᠢᠯᠠᠭᠰᠠᠨ ᠲᠣᠨᠤᠭ | ᠲᠥᠬᠦᠭᠡᠷᠦᠮᠵᠢ ᠶᠢ ᠠᠰᠢᠭᠯᠠᠨ ᠬᠤᠷᠤᠳ᠂ ᠦᠷᠦᠮ᠎ᠡ᠂ ᠰᠢᠷ᠎ᠠ ᠲᠤᠰᠤ᠂ ᠴᠠᠭᠠᠨ ᠲᠤᠰᠤ᠂ ᠵᠦᠭᠡᠭᠡᠢ᠂ ᠠᠶᠢᠷᠠᠭ ᠵᠡᠷᠭᠡ | ᠤᠯᠠᠮᠵᠢᠯᠠᠯᠲᠤ ᠴᠠᠭᠠᠨ ᠢᠳᠡᠭᠡᠨ ᠢ ᠬᠢᠵᠦ ᠪᠤᠯᠪᠠᠰᠤᠷᠠᠭᠤᠯᠬᠤ ᠶᠢᠨ ᠲᠠᠭᠠᠤ ᠲᠦᠳ᠋᠂ ᠰᠢᠷᠠᠰᠤᠨ ᠰᠢᠬᠢᠷ᠂ ᠰᠢᠷᠠᠰᠤᠨ ᠤ | ᠤᠮᠳᠠᠭᠠᠨ ᠵᠡᠷᠭᠡ ᠰᠢᠨ᠎ᠡ ᠪᠦᠳᠦᠭᠡᠭᠳᠡᠬᠦᠨ ᠢ ᠦᠢᠯᠡᠳᠴᠦ᠂ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠬᠤ᠂ ᠰᠢᠨ᠎ᠡ | ᠰᠣᠷᠭᠤᠭ ᠦᠨᠦᠷ ᠠᠮᠲᠠ᠂ ᠴᠡᠪᠡᠷ ᠪᠠᠶᠢᠭᠠᠯᠢᠯᠢᠭ ᠵᠡᠷᠭᠡ ᠣᠨᠴᠠᠯᠢᠭ ᠨᠢ ᠥᠷᠭᠡᠨ ᠣᠯᠠᠨ ᠭᠡᠷᠡᠭᠯᠡᠭᠴᠢᠳ ᠤᠨ ᠰᠠᠶᠢᠨ | ᠦᠨᠡᠯᠡᠯᠲᠡ ᠶᠢ ᠣᠯᠵᠤ᠂ ᠲᠣᠰ ᠭᠠᠵᠠᠷ ᠣᠷᠣᠨ ᠵᠢᠴᠢ ᠮᠠᠰᠢ ᠣᠯᠠᠨ ᠭᠠᠳᠠᠨ᠎ᠠ ᠣᠷᠣᠨ ᠤ ᠵᠢᠭᠤᠯᠴᠢᠯᠠᠭᠴᠢᠳ ᠤᠨ | ᠠᠩᠬᠠᠷᠤᠯ ᠢ ᠲᠠᠲᠠᠵᠤ᠂ ᠤᠶᠢᠷ᠎ᠠ ᠵᠡᠷᠭᠡᠯᠡᠳᠡᠭᠡ ᠬᠤᠰᠢᠭᠤ ᠰᠢᠶᠠᠨ᠂ ᠯᠢᠨᠳᠦ᠋ᠩ᠂ ᠪᠠᠭᠠᠷᠢᠨ ᠪᠠᠷᠠᠭᠤᠨ ᠬᠤᠰᠢᠭᠤ᠂ ᠵᠡᠭᠦᠨ | ᠦᠵᠦᠮᠦᠴᠢᠨ ᠬᠤᠰᠢᠭᠤ᠂ ᠤᠯᠠᠭᠠᠶ ᠂ ᠰᠢᠯᠢᠩᠬᠤᠲᠠ᠂ ᠤᠯᠠᠭᠠᠨᠬᠠᠳᠠ᠂ ᠬᠥᠬᠡᠬᠤᠲᠠ ᠵᠡᠷᠭᠡ ᠭᠠᠵᠠᠷ ᠣᠷᠣᠨ ᠤ | ᠭᠡᠷᠡᠭᠯᠡᠭᠴᠢᠳ ᠠᠴᠠ ᠦᠷᠭᠡᠵᠢᠨ ᠪᠡᠭᠡᠵᠢᠩ᠂ ᠲᠢᠶᠠᠨᠵᠢᠨ᠂ ᠲᠦᠩᠯᠢᠶᠣᠤ᠂ ᠣᠷᠳᠣᠰ᠂ ᠪᠠᠶᠠᠨᠨᠠᠭᠤᠷ᠂ ᠠᠯᠠᠱᠠ᠂ ᠪᠤᠭᠤᠲᠤ | ᠬᠤᠲᠠ᠂ ᠬᠥᠯᠥᠨ ᠪᠤᠶᠢᠷ ᠵᠡᠷᠭᠡ ᠭᠠᠵᠠᠷ ᠣᠷᠣᠨ ᠤ ᠬᠡᠷᠡᠭᠯᠡᠭᠴᠢᠳ ᠬᠦᠷᠳᠡᠯ᠎ᠡ ᠲᠡᠯᠡᠭᠰᠡᠨ ᠤ ᠬᠠᠮᠳᠤ ᠱᠦᠨ ᠹᠧᠩ | ᠲᠦᠷᠭᠡᠨ ᠭᠤᠪᠢᠭᠤᠯᠭ᠎ᠠ ᠲᠠᠢᠬᠠᠮᠲᠤᠷᠠᠨ ᠠᠵᠢᠯᠯᠠᠵᠤ᠂ ᠬᠡᠷᠡᠭᠯᠡᠭᠴᠢᠳ ᠤᠨ ᠵᠠᠬᠢᠶᠠᠯᠠᠭᠠᠨᠢᠭᠡᠪᠦᠷᠢ ᠶᠢ ᠴᠥᠮ ᠬᠠᠮᠤᠭ ᠤᠨ | ᠬᠤᠷᠳᠤᠨ ᠬᠤᠷᠳᠤᠴᠠ ᠪᠠᠷ ᠭᠤᠪᠢᠭᠤᠯᠬᠤ ᠶᠢ ᠪᠠᠲᠤᠯᠠᠵᠤ ᠪᠠᠶᠢᠨ᠎ᠠ᠃ | ᠢᠩᠭᠢᠵᠤ ᠡᠵᠡᠩᠨᠡᠯᠲᠡ ᠶᠢᠨ ᠬᠡᠪᠴᠢᠶ᠎ᠡ ᠪᠠᠨ ᠲᠠᠰᠤᠷᠠᠯᠲᠠ ᠥᠬᠡᠶ ᠦᠷᠭᠡᠳᠭᠡᠭᠰᠡᠨ ᠠᠴᠠ ᠬᠤᠲᠠ ᠣᠷᠣᠵᠤ ᠠᠵᠢᠯ | ᠬᠥᠳᠡᠯᠮᠦᠷᠢ ᠬᠢᠭᠰᠡᠳ ᠲᠤ ᠢᠳᠡᠪᠬᠢᠲᠡᠶ ᠪᠠᠷ ᠠᠵᠢᠯ ᠤᠨ ᠪᠠᠶᠢᠷᠢ ᠬᠠᠩᠭᠠᠨ ᠥᠭᠴᠦ᠂ ︽ᠪᠥᠬᠦᠳᠡ ᠣᠯᠠᠨ ᠢᠶᠠᠷ ᠢᠶᠠᠨ | ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠲᠥᠷᠥ ᠶᠢᠨ ᠪᠣᠳᠣᠯᠭ᠎ᠠ ᠶᠢᠨ ᠲᠠᠭᠠᠤ ᠪᠤᠰᠤᠳ | ᠭᠠᠵᠠᠷ ᠣᠷᠣᠨ ᠵᠢᠴᠢ ᠡᠷᠬᠢᠨ ᠲᠣᠭᠤᠷᠢᠨ ᠤ ᠮᠠᠯᠵᠢᠬᠤ ᠡᠷᠦᠬᠡ ᠳᠤ ᠤᠷ᠎ᠠ ᠴᠢᠳᠠᠪᠤᠷᠢ ᠶᠢᠨ ᠪᠣᠯᠪᠠᠰᠤᠷᠠᠯ ᠬᠠᠩᠭᠠᠵᠤ᠂ | ᠦᠨᠳᠦᠰᠦᠲᠡᠨ ᠤ ᠣᠨᠴᠠᠯᠢᠭ ᠪᠥᠬᠦᠶ ᠤᠯᠠᠮᠵᠢᠯᠠᠯᠲᠤ ᠴᠠᠭᠠᠨ ᠢᠳᠡᠭᠡᠨ ᠤ ᠰᠣᠶᠣᠯ ᠤᠨ ᠰᠣᠯᠢᠯᠴᠠᠭ᠎ᠠ ᠳᠤ ᠵᠣᠬᠢᠬᠤ ᠬᠤᠪᠢ | ᠨᠡᠮᠡᠷᠢ ᠦᠵᠡᠭᠦᠯᠵᠦ᠂ ᠠᠵᠢᠯ ᠨᠢᠭᠡᠳᠡᠳ ᠤᠨ ᠲᠤᠮᠳᠠ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠬᠦᠢᠴᠡᠳ | ᠪᠠᠳᠠᠷᠠᠭᠤᠯᠵᠤ ᠶᠠᠪᠤᠨ᠎ᠠ᠃ | ᠨᠠᠷᠠᠨᠳᠤᠶᠠᠭ᠎ᠠ ᠶᠢᠨ ᠴᠠᠭᠠᠨ ᠢᠳᠡᠭᠡᠨ ᠤ ᠦᠢᠯᠡᠰ ᠠᠩᠬ᠎ᠠ ᠡᠬᠢᠯᠡᠬᠦ ᠳᠡᠭᠡᠨ ᠲᠤᠷᠰᠢᠯᠭ᠎ᠠ ᠮᠡᠬᠦᠰ᠂ ᠤᠷᠤᠯᠭ᠎ᠠ | ᠬᠤᠮᠰᠠ ᠪᠠᠶᠢᠭᠰᠠᠨ ᠪᠣᠯᠪᠠᠴᠤ ᠰᠠᠭᠠᠯᠢ ᠶᠢᠨ ᠦᠨᠢᠶ᠎ᠡ ᠮᠠᠯᠵᠢᠬᠤ ᠪᠠ ᠴᠠᠭᠠᠨ ᠢᠳᠡᠭᠡᠨ ᠤ ᠪᠤᠷᠤᠯᠠᠭᠤᠯᠤᠯᠲᠠ ᠶᠢᠨ ᠴᠡᠪᠡᠷ | ᠣᠷᠣᠯᠭ᠎ᠠ ᠶᠢ ᠴᠢᠷᠮᠠᠶᠢᠨ ᠨᠡᠮᠡᠭᠳᠡᠭᠦᠯᠬᠦ ᠪᠠᠷ ᠳᠡᠮᠵᠢᠨ᠂ 2020 ᠣᠨ ᠪᠣᠯᠬᠤ ᠳᠤ ᠴᠠᠭᠠᠨ ᠢᠳᠡᠭᠡᠨ ᠤ ᠵᠢᠯ ᠤᠨ | ᠪᠣᠷᠣᠯᠠᠭᠤᠯᠭ᠎ᠠ 220 ᠲᠦᠮᠡᠨ ᠲᠥᠭᠦᠷᠢᠭ ᠲᠤ ᠬᠦᠷᠴᠦ᠂ ᠡᠭᠦᠨ ᠳᠤ ᠴᠠᠭᠠᠨ ᠢᠳᠡᠭᠡᠨ ᠤ ᠪᠤᠷᠤᠯᠠᠭᠤᠯᠤᠯᠲᠠ ᠶᠢᠨ ᠴᠡᠪᠡᠷ | ᠣᠷᠣᠯᠭ᠎ᠠ 50 ᠲᠦᠮᠡ᠂ ᠰᠠᠭᠠᠯᠢ ᠶᠢᠨ ᠦᠨᠢᠶ᠎ᠡ ᠮᠠᠯᠵᠢᠭᠰᠠᠨ ᠴᠡᠪᠡᠷ ᠣᠷᠣᠯᠭ᠎ᠠ 30 ᠲᠦᠮᠡ ᠬᠦᠷᠦᠭᠰᠡᠨ ᠶᠤᠮ᠃ | ᠤᠶᠢᠷ᠎ᠠ ᠶᠢᠨ ᠵᠢᠯ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠨᠢ ᠰᠦᠨ ᠤ | ᠦᠢᠯᠡᠰ ᠢ ᠬᠦᠭᠵᠢᠬᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠲᠤᠰᠬᠠᠶᠢᠵᠢᠭᠤᠯᠤᠨ ᠴᠢᠩᠭ᠎ᠠ | ᠠᠳᠬᠤᠨ᠂ ᠵᠢᠷᠤᠮᠵᠢᠭᠤᠯᠤᠨ ᠲᠡᠬᠦᠯᠳᠡᠷᠵᠢᠬᠦᠯᠵᠦ᠂ ᠬᠠᠮᠢᠶᠠᠲᠠᠢ ᠠᠵᠢᠯ ᠤᠨ ᠲᠦᠰᠦᠯ ᠢ ᠲᠤᠭᠤᠷᠪᠢᠨ ᠲᠣᠭᠲᠠᠭᠠᠬᠤ ᠶᠢᠨ | ᠬᠠᠮᠲᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠠᠵᠢᠯ ᠢ | ᠠᠬᠢᠭᠤᠯᠵᠤ᠂ ᠨᠥᠬᠦᠴᠡᠯ ᠳᠤ ᠨᠡᠶᠢᠴᠡᠬᠦ ᠵᠢᠵᠢᠭ ᠦᠢᠯᠡᠳᠬᠡᠯ ᠤᠨ ᠭᠠᠵᠠᠷ ᠢ ᠰᠢᠯᠢᠨ ᠰᠣᠩᠭᠤᠵᠤ ᠪᠠᠷᠢᠮᠵᠢᠶᠠᠵᠢᠭᠰᠠᠨ ᠭᠠᠷ | ᠦᠢᠯᠡᠳᠬᠡᠯ ᠤᠨ ᠲᠠᠰᠤᠭ ᠪᠤᠯᠭᠠᠨ ᠪᠠᠶᠢᠭᠤᠯᠬᠤ ᠶᠢᠨ ᠵᠡᠷᠭᠡᠪᠡᠷ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ | ᠂ ᠴᠠᠭᠠᠨ ᠢᠳᠡᠭᠡᠨ ᠤ ᠨᠠᠷᠠᠲᠤ ᠲᠡᠮᠳᠡᠭᠲᠦ ᠡᠬᠦᠳᠬᠦ ᠶᠢ ᠵᠤᠷᠢᠭᠵᠢᠭᠤᠯᠤᠨ᠂ ᠰᠦᠨ ᠤ ᠢᠷᠡᠯᠲᠠ ᠶᠢᠨ ᠲᠠᠩᠰᠠ ᠡᠪᠬᠡᠮᠡᠯ | ᠢ ᠨᠠᠷᠢᠯᠢᠭ ᠪᠠᠶᠢᠭᠤᠯᠵᠤ᠂ ᠲᠦᠭᠦᠬᠡᠶ ᠰᠦ ᠵᠢᠨᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠴᠠᠭᠠᠨ ᠢᠳᠡᠭᠡᠨ ᠤ ᠶᠠᠰᠤ | ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠢ | ᠪᠠᠳᠤᠯᠠᠵᠤ᠂ ᠴᠠᠭᠠᠨ ᠢᠳᠡᠭᠡᠨ ᠤ ᠦᠢᠯᠡᠰ ᠤᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠵᠤ ᠪᠠᠶᠢᠭ᠎ᠠ ᠶᠤᠮ᠃ | |