︽ᠬᠠᠷᠠᠯᠲᠠ︾ ᠲᠠᠪᠳᠠᠯᠭ᠎ᠠ ᠶᠢᠨ ᠦᠷᠦᠭᠡᠨ ᠤ ᠬᠢᠨ | | ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠤᠷᠢ ᠵᠠᠯᠠᠭᠤ ᠨᠠᠰᠤ ᠭᠡᠵᠦ ᠬᠦᠰᠡᠯ ᠲᠡᠮᠡᠦᠯᠦᠯ ᠤᠨ ᠪᠡᠶᠡᠯᠡᠯ᠂ ᠢᠳᠡᠭᠡᠯ | ᠵᠢᠳᠬᠦᠯ ᠤᠨ ᠤᠨᠳᠤᠷᠠᠭ᠎ᠠ ᠪᠠᠶᠢᠵᠤ ᠲᠠᠭᠠᠷᠠᠨ᠎ᠠ᠃ | | | | | ᠦᠵᠡᠬᠦ ᠳᠤ ᠨᠠᠮᠠᠭᠤᠬᠠᠨ ᠬᠡᠯᠡ ᠴᠦ ᠠᠯᠤᠰ ᠤᠨ ᠰᠠᠶᠢᠬᠠᠨ ᠬᠦᠰᠡᠯᠡᠩ᠂ ᠦᠢᠯᠡᠰ ᠪᠦᠳᠦᠭᠡᠭᠦ ᠢᠭᠳᠦᠯᠦᠯ | ᠲᠤᠭᠳᠤᠯᠤᠯ ᠢᠶᠠᠨ ᠨᠢᠭᠤᠴᠠᠬᠠᠨ ᠰᠡᠳᠬᠢᠯ ᠳᠡᠭᠡᠨ ᠬᠠᠳᠠᠭᠤᠬᠠᠨ ᠲᠡᠭᠡᠭᠡᠵᠦ ᠶᠠᠪᠤᠭ᠎ᠠ ᠡᠨᠡ ᠵᠠᠯᠠᠭᠤ ᠪᠦᠰᠡᠬᠦᠢ ᠶᠢ | ᠨᠤᠭᠤᠨᠳᠡᠬᠦᠲᠦ ᠬᠡᠳᠡᠭ᠃ | | | | | ᠲᠡᠷᠡᠪᠡᠷ ᠪᠠᠷᠠᠭᠤᠨ ᠦᠵᠦᠮᠦᠴᠢᠨ ᠬᠤᠰᠢᠭᠤᠨ ᠤ ᠪᠠᠶᠠᠩᠬᠤᠸᠠ ᠪᠠᠯᠭᠠᠰᠤᠨ ᠤ ᠦᠦᠷᠢᠨᠳᠤᠶᠠᠭ᠎ᠠ ᠭᠠᠴᠠᠭ᠎ᠠ ᠢᠶᠠᠷ | ᠨᠤᠳᠤᠭ ᠲᠠᠢ᠂ 2017 ᠣᠨ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠯ ᠡᠮᠨᠡᠯᠭᠡ ᠶᠢᠨ | ᠳᠡᠭᠡᠳᠦ ᠰᠤᠷᠭᠠᠭᠤᠯᠢ ᠠᠴᠠ ᠰᠤᠷᠤᠯᠭ᠎ᠠ ᠲᠡᠭᠦᠰᠦᠨ ᠨᠤᠳᠤᠭ ᠲᠠᠭᠠᠨ ᠪᠤᠴᠠᠨ ᠢᠷᠡᠵᠦ᠂ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠳᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠠᠵᠢᠯ ᠢ | ᠬᠢᠵᠦ ᠪᠠᠶᠢᠭᠰᠠᠨ ᠢᠶᠠᠨ ᠠᠵᠢᠯ ᠤᠨ ᠬᠤᠭᠤᠴᠠᠭ᠎ᠠ ᠪᠠᠨ ᠲᠠᠭᠠᠤᠰᠬᠠᠨ᠂ ᠠᠬᠢᠨ ᠡᠪᠡᠳᠴᠢᠨ ᠬᠢᠵᠢᠭ ᠢ ᠰᠡᠷᠭᠡᠶᠢᠯᠡᠨ | ᠬᠢᠵᠠᠭᠠᠷᠯᠠᠬᠤ ᠲᠥᠪ ᠲᠤ ᠵᠢᠯ ᠭᠠᠷᠤᠢᠠᠵᠢᠯᠯᠠᠭᠠᠳ᠂ ᠬᠠᠷᠢ ᠳᠤ ᠮᠤᠷᠳᠠᠵᠤ᠂ ᠦᠷ᠎ᠡ ᠶᠢᠨ ᠵᠤᠯᠠᠢ ᠦᠨᠦᠷᠯᠡᠨ᠂ ᠡᠵᠢ | ᠪᠤᠯᠬᠤ ᠶᠢᠨ ᠵᠢᠷᠭᠠᠯ ᠢ ᠡᠳ᠋ᠯᠡᠵᠦ ᠶᠠᠪᠤᠬᠤ ᠳᠠᠭᠠᠨ ᠶᠠᠭᠤ ᠨᠢᠭᠡ ᠶᠢ ᠬᠢᠵᠦ ᠤᠷᠤᠯᠳᠤᠶ᠎ᠠ ᠬᠡᠬᠦ ᠵᠤᠷᠢᠯᠭ᠎ᠠ ᠠᠴᠠ ︽ᠬᠠᠷᠠᠯᠲᠠ︾ | ᠲᠠᠪᠳᠠᠬᠤ ᠦᠷᠦᠬᠡ ᠢᠶᠠᠨ ᠡᠷᠬᠢᠯᠡᠨ ᠠᠵᠢᠯᠯᠠᠭᠤᠯᠤᠭᠰᠠᠨ ᠪᠠᠶᠢᠭ᠎ᠠ ᠶᠤᠮ᠃ | | | ᠢᠩᠭᠢᠵᠦ ᠲᠤᠰ ᠵᠢᠯ ᠤᠨ 7 ᠰᠠᠷ᠎ᠠ ᠶᠢᠨ 15 ᠳᠤ᠂ ᠰᠢᠨ᠎ᠡ ᠶᠢ ᠡᠬᠦᠳᠦᠨ ᠦᠢᠯᠡᠰ ᠪᠦᠳᠦᠭᠡᠭᠦ ᠰᠠᠭᠤᠷᠢᠨ ᠭᠠᠵᠠᠷ | ᠲᠤ᠂ ᠬᠦᠰᠡᠭᠰᠡᠨ ᠤᠯᠠᠨ ᠤ ᠰᠠᠨᠠᠭᠠᠨ ᠳᠤ ᠲᠠᠭᠠᠯᠠᠭᠳᠠᠭᠰᠠᠨ ︽ᠬᠠᠷᠠᠯᠲᠠ︾ ᠲᠠᠪᠳᠠᠯᠭ᠎ᠠ ᠶᠢᠨ ᠦᠷᠦᠭᠡ ᠢᠶᠠᠨ ᠡᠷᠬᠢᠯᠡᠨ | ᠠᠵᠢᠯᠯᠠᠭᠤᠯᠵᠤ᠂ ᠨᠤᠮ ᠲᠠᠪᠳᠠᠵᠤ ᠰᠤᠷᠤᠯᠴᠠᠬᠤ ᠨᠠᠮ ᠵᠢᠮ ᠲᠠᠭᠠᠯᠠᠮᠵᠢᠲᠠᠢ᠂ ᠡᠶᠡᠷᠬᠦ ᠬᠠᠨᠳᠤᠯᠭ᠎ᠠ᠂ ᠡᠷᠴᠢᠮ ᠬᠦᠴᠦ ᠪᠠᠷ | ᠪᠢᠯᠬᠠᠮ᠎ᠠ ᠤᠷᠴᠢᠨ ᠢ ᠦᠷᠦᠭᠡᠯ ᠪᠤᠰᠤᠳ ᠲᠤ ᠬᠠᠩᠭᠠᠬᠤ ᠶᠢᠨ ᠵᠡᠷᠭᠡᠪᠡᠷ ᠦᠪᠡᠷ ᠢᠶᠠᠨ ᠴᠦ ᠠᠮᠢᠳᠤᠷᠠᠯ ᠤᠨ ᠴᠢᠯᠦᠭᠡ | ᠵᠠᠪᠰᠠᠷ ᠢᠶᠠᠷ ᠪᠢᠷ ᠪᠡᠬᠡᠰ ᠢᠶᠠᠨ ᠡᠷᠬᠢᠴᠡᠬᠦᠯᠦᠨ᠂ ᠨᠡᠶᠢᠭᠡᠮ ᠨᠡᠶᠢᠲᠡ ᠳᠤ ᠬᠠᠨᠳᠤᠭᠰᠠᠨ ᠡᠯ᠎ᠡ ᠵᠦᠢᠯ ᠤᠨ ᠰᠢᠯᠭᠠᠯᠳᠠᠨ ᠳᠤ | ᠪᠡᠯᠡᠳᠭᠡᠨ ᠬᠦᠰᠡᠭᠰᠡᠨ ᠮᠦᠷᠦᠭᠡᠳᠦᠯ ᠢᠶᠠᠨ ᠲᠡᠷᠭᠡᠯᠰᠢᠯᠡᠬᠦᠯᠬᠦ ᠪᠠᠷ ᠴᠢᠷᠮᠠᠶᠢᠵᠤ᠂ ᠠᠵᠢᠯ ᠠᠮᠢᠳᠤᠷᠠᠯ ᠠᠯᠠᠢ ᠠᠯᠢᠨ ᠢ ᠴᠦ | ᠠᠮᠵᠢᠭᠤᠯᠤᠨ᠂ ᠦᠷᠭᠡᠨ ᠤᠯᠠᠨ ᠲᠠᠪᠳᠠᠬᠤ ᠰᠤᠷᠤᠭᠴᠢᠳ ᠪᠤᠯᠤᠨ ᠲᠠᠪᠳᠠᠬᠤ ᠬᠡᠷᠡᠭᠴᠡᠭᠡ ᠲᠠᠢ ᠨᠡᠶᠢᠭᠡᠮ ᠤᠨ ᠬᠦᠮᠦᠰ ᠤᠨ | ᠬᠠᠯᠠᠭᠤᠨ ᠬᠦᠷᠢᠶᠡᠯᠡᠯ ᠢ ᠤᠯᠵᠤ ᠶᠠᠪᠤᠨ᠎ᠠ᠃ |