| ᠪᠠᠷᠠᠭᠤᠨ ᠦᠵᠦᠮᠦᠴᠢᠨ ᠬᠤᠰᠢᠭᠤᠨ ᠤ ᠴᠠᠭᠠᠨ ᠢᠳᠡᠭᠡᠨ ᠤ | ᠨᠡᠶᠢᠭᠡᠮᠯᠢᠭ ᠤᠨ ᠬᠢᠨ ᠰᠢᠯᠢᠳᠡᠭ ᠬᠢᠷᠢ ᠪᠦᠳᠦᠮᠵᠢ ᠡᠬᠦᠳᠦᠯ᠎ᠡ | | | 7 ᠰᠠᠷ᠎ᠠ ᠶᠢᠨ 30 — 31 ᠬᠦᠷᠳᠡᠯ᠎ᠡ ᠬᠤᠶᠠᠷ ᠡᠲᠦᠷ ᠶᠠᠪᠤᠭᠳᠠᠭᠰᠠᠨ ᠬᠤᠶᠠᠳᠤᠭᠠᠷ ᠬᠤᠭᠤᠴᠠᠭᠠᠨ ᠤ | ᠰᠢᠯᠢ ᠶᠢᠨ ᠭᠤᠤᠯ ᠴᠠᠭᠠᠨ ᠢᠳᠡᠭᠡᠨ ᠤ ᠰᠢᠯᠭᠠᠷᠠᠭᠤᠯᠤᠯᠲᠠ ᠵᠢᠴᠢ ᠠᠮᠳᠠᠳᠤ ᠢᠳᠡᠭᠡᠨ ᠠᠮᠳᠠᠯᠠᠨ ᠦᠨᠡᠯᠡᠬᠦ ᠴᠤᠭᠯᠠᠭᠠᠨ | ᠰᠢᠯᠢ ᠶᠢᠨ ᠬᠤᠳᠠ ᠳᠤ ᠠᠮᠵᠢᠯᠲᠠᠲᠠᠢ ᠦᠨᠳᠦᠷᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ | ᠲᠡᠳ᠋ ᠬᠤᠰᠢᠭᠤ ᠲᠠᠷᠤᠭ᠎ᠠ ᠵᠢᠶᠠ ᠶᠦᠩ ᠰᠢᠶᠠ ᠪᠤᠯᠤᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ | ᠨᠢᠭᠡᠳᠦᠯᠲᠠᠢ ᠵᠤᠬᠢᠶᠠᠨ ᠪᠠᠶᠢᠭᠤᠯᠤᠯᠲᠠ ᠪᠠᠷ ᠴᠠᠭᠠᠨ ᠢᠳᠡᠭᠡᠨ ᠤ ᠨᠡᠶᠢᠭᠡᠮᠯᠢᠭ ᠤᠨ ︽ᠠᠷᠢᠭᠤᠨ ᠰᠠᠭᠠᠯᠢ︾ ᠴᠠᠭᠠᠨ ᠢᠳᠡᠭᠡᠨ | ᠤ ᠺᠤᠮᠫᠠᠨᠢ᠂ ︽ᠲᠠᠭᠠᠭᠠᠴᠠ︾ ᠮᠠᠯᠵᠢᠯ ᠤᠨ ᠦᠢᠯᠡᠰ ᠤᠨ ᠲᠤᠰᠬᠠᠢ ᠬᠤᠷᠰᠢᠶᠠᠵᠢᠯ ᠂ ᠲᠡᠭᠡᠵᠢ ᠴᠠᠭᠠᠨ ᠢᠳᠡᠭᠡᠨ ᠤ | ᠲᠡᠯᠭᠡᠭᠦᠷ ᠵᠡᠷᠭᠡ 12 ᠨᠢᠭᠡᠴᠡ ᠶᠢᠨ 27 ᠬᠦᠮᠦᠨ ᠂ ᠤᠯᠠᠮᠵᠢᠯᠠᠯᠲᠤ ᠴᠠᠭᠠᠨ ᠢᠳᠡᠭᠡᠨ ᠤ ᠲᠦᠷᠦᠯ ᠪᠤᠯᠤᠨ ᠰᠢᠨ᠎ᠡ | ᠮᠠᠶ᠋ᠢᠭ ᠤᠨ ᠴᠠᠭᠠᠨ ᠢᠳᠡᠭᠡᠨ ᠤ ᠪᠦᠳᠦᠭᠡᠭᠳᠡᠭᠦᠨ ᠢᠶᠠᠷ ᠢᠶᠠᠨ ᠰᠢᠯᠭᠠᠷᠠᠭᠤᠯᠤᠯᠲᠠ ᠳᠤ ᠤᠷᠤᠯᠴᠠᠭᠠᠳ ᠰᠢᠯᠢᠳᠡᠭ ᠬᠢᠷᠢ | ᠪᠦᠳᠦᠮᠵᠢ ᠡᠭᠦᠳᠦᠭᠰᠡᠨ ᠪᠠᠶᠢᠨ᠎ᠠ᠃ | ᠴᠠᠭᠠᠨ ᠢᠳᠡᠭᠡᠨ ᠤ ᠰᠢᠯᠭᠠᠷᠠᠭᠤᠯᠤᠯᠲᠠ ᠵᠢᠴᠢ ᠠᠮᠳᠠᠳᠤ ᠢᠳᠡᠭᠡᠨ ᠢ ᠠᠮᠳᠠᠯᠠᠨ ᠦᠨᠡᠯᠡᠬᠦ ᠴᠤᠭᠯᠠᠭᠠᠨ ᠲᠡᠭᠡᠷ᠎ᠡ ᠰᠢᠯᠢ | ᠶᠢᠨ ᠭᠤᠤᠯ ᠴᠠᠭᠠᠨ ᠢᠳᠡᠭᠡᠨ ᠤ ᠰᠢᠨᠡᠴᠢᠯᠡᠭᠰᠡᠨ ᠪᠦᠳᠦᠭᠡᠭᠳᠡᠭᠦᠨ ᠢ ᠲᠡᠯᠭᠡᠨ ᠦᠵᠡᠭᠦᠯᠦᠨ ᠠᠮᠳᠠᠯᠠᠨ ᠦᠨᠡᠯᠡᠬᠦ | ᠰᠢᠯᠭᠠᠷᠠᠭᠤᠯᠤᠯᠲᠠ᠂ ᠴᠠᠭᠠᠨ ᠢᠳᠡᠭᠡᠨ ᠢ ᠵᠠᠬᠠᠵᠢᠭᠤᠯᠤᠨ ᠪᠤᠷᠤᠯᠠᠭᠤᠯᠵᠤ ᠲᠦᠭᠡᠮᠡᠯᠵᠢᠬᠦᠯᠬᠦ ᠰᠢᠯᠭᠠᠷᠠᠭᠤᠯᠤᠯᠲᠠ᠂ | ᠤᠯᠠᠮᠵᠢᠯᠠᠯᠲᠤ ᠤᠷᠠᠨ ᠬᠢᠴᠡᠲᠦ ᠬᠤᠷᠤᠳ ᠬᠢᠬᠦ ᠰᠢᠯᠭᠠᠷᠠᠭᠤᠯᠤᠯᠲᠠ᠂ ᠴᠠᠭᠠᠨ ᠢᠳᠡᠭᠡᠨ ᠤ ᠪᠤᠭᠤᠳᠠᠯ ᠪᠠᠭᠯᠠᠭ᠎ᠠ ᠶᠢᠨ | ᠲᠦᠰᠦᠪᠵᠢᠬᠦᠯᠦᠯᠲᠡ ᠶᠢᠨ ᠰᠢᠯᠭᠠᠷᠠᠭᠤᠯᠤᠯᠲᠠ ᠂ ᠤᠷᠳᠤᠨ ᠤ ᠲᠦᠳ᠋ ᠭᠢᠬᠦ ᠰᠢᠯᠭᠠᠷᠠᠭᠤᠯᠤᠯᠲᠠ ᠵᠡᠷᠭᠡ 5 ᠲᠦᠷᠦᠯ ᠤᠨ | ᠰᠢᠯᠭᠠᠷᠠᠭᠤᠯᠤᠯᠲᠠ ᠶᠢᠨ ᠠᠵᠢᠯᠯᠠᠭ᠎ᠠ ᠶᠠᠪᠤᠭᠳᠠᠭᠤᠯᠤᠨ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠤ ᠤᠷᠤᠯᠴᠠᠭᠰᠠᠳ | ᠬᠦᠷᠦᠯᠴᠡᠨ ᠢᠷᠡᠵᠡᠬᠡᠵᠦ᠂ ᠴᠠᠭᠠᠨ ᠢᠳᠡᠭᠡᠨ ᠬᠢᠬᠦ ᠤᠷ᠎ᠠ ᠮᠡᠷᠭᠡᠵᠢᠯ᠂ ᠤᠬᠠᠭᠠᠨ ᠪᠢᠯᠢᠭ ᠢᠶᠠᠨ ᠰᠤᠶᠢᠯᠴᠠᠵᠠᠢ᠃ | ᠰᠠᠭᠠᠯᠢ ᠶᠢᠨ ᠦᠢᠯᠡᠰ ᠡᠷᠬᠢᠯᠡᠵᠦ ᠶᠠᠪᠤᠭ᠎ᠠ ᠦᠢ ᠤᠯᠠᠨ ᠤᠷᠤᠯᠴᠠᠭᠰᠠᠳ ᠤᠨ ᠤᠬᠠᠭᠠᠨ ᠲᠠᠮᠢᠷ᠂ ᠬᠦᠴᠦ | ᠬᠦᠳᠡᠯᠮᠦᠷᠢ ᠢ ᠬᠠᠷᠠᠭᠤᠯᠤᠭᠰᠠᠨ ᠬᠤᠷᠴᠠ ᠰᠢᠷᠦᠬᠦᠨ ᠤᠷᠢᠰᠦᠯᠳᠦᠬᠡᠨ᠂ ᠲᠦᠪ ᠭᠤᠤᠯᠴᠢ ᠰᠢᠯᠭᠠᠷᠠᠭᠤᠯᠤᠯᠲᠠ ᠪᠠᠷ | ᠲᠠᠮᠵᠢᠨ ᠪᠠᠷᠠᠭᠤᠨ ᠦᠵᠦᠮᠦᠴᠢᠨ ᠬᠤᠰᠢᠭᠤᠨ ᠤ ︽ᠠᠷᠢᠭᠤᠨ ᠰᠠᠭᠠᠯᠢ︾ ᠴᠠᠭᠠᠨ ᠢᠳᠡᠭᠡᠨ ᠤ ᠺᠤᠮᠫᠠᠨᠢ ᠨᠢ ᠠᠬᠤᠢ | ᠲᠠᠯᠠᠪᠠᠢ ᠳᠤ ᠤᠷᠳᠤᠨ ᠤ ᠲᠦᠳ᠋ ᠬᠢᠬᠦ ᠤᠷᠤᠯᠳᠤᠭᠠᠨ ᠳᠤ ᠨᠢᠭᠡᠳᠦᠭᠡᠷ ᠲᠡᠰ ᠤᠨ ᠱᠠᠩᠨᠠᠯ ᠭᠠᠷᠳᠠᠵᠤ᠂ ᠴᠠᠭᠠᠨ | ᠢᠳᠡᠭᠡᠨ ᠤ ᠪᠤᠭᠤᠳᠠᠯ ᠪᠠᠭᠯᠠᠭ᠎ᠠ ᠶᠢᠨ ᠲᠦᠰᠦᠪᠵᠢᠬᠦᠯᠦᠯᠲᠡ ᠶᠢᠨ ᠠᠳᠠᠯᠢᠳᠬᠠᠨ ᠰᠢᠯᠭᠠᠷᠠᠭᠤᠯᠤᠯᠲᠠ ᠳᠤ ᠰᠢᠯᠢᠳᠡᠭ ᠲᠡᠰ | ᠲᠤ ᠲᠤᠳᠤᠷᠠᠵᠠᠢ᠃ | ᠪᠠᠷᠠᠭᠤᠨ ᠦᠵᠦᠮᠦᠴᠢᠨ ᠬᠤᠰᠢᠭᠤᠨ ᠤ ︽ᠲᠠᠭᠠᠭᠠᠴᠠ ︾ ᠮᠠᠯᠵᠢᠯ ᠤᠨ ᠦᠢᠯᠡᠰ ᠤᠨ ᠲᠤᠰᠬᠠᠢ ᠬᠤᠷᠰᠢᠶᠠᠵᠢᠯ ᠨᠢ | ᠴᠠᠭᠠᠨ ᠢᠳᠡᠭᠡᠨ ᠢ ᠵᠠᠬᠠᠵᠢᠭᠤᠯᠤᠨ ᠪᠤᠷᠤᠯᠠᠭᠤᠯᠵᠤ ᠲᠦᠭᠡᠮᠡᠯᠵᠢᠬᠦᠯᠬᠦ ᠰᠢᠯᠭᠠᠷᠠᠭᠤᠯᠤᠯᠲᠠ ᠳᠤ ᠬᠤᠶᠠᠳᠤᠭᠠᠷ ᠲᠡᠰ ᠤᠨ | ᠱᠠᠩᠨᠠᠯ ᠭᠠᠷᠳᠠᠵᠠᠢ᠃ | ᠰᠢᠯᠢ ᠶᠢᠨ ᠭᠤᠤᠯ ᠴᠠᠭᠠᠨ ᠢᠳᠡᠭᠡᠨ ᠤ ᠰᠢᠨᠡᠴᠢᠯᠡᠭᠰᠡᠨ ᠪᠦᠳᠦᠭᠡᠭᠳᠡᠬᠦᠨ ᠤ ᠰᠢᠯᠭᠠᠷᠠᠭᠤᠯᠤᠯᠲᠠ ᠳᠤ ᠪᠠᠷᠠᠭᠤᠨ | ᠦᠵᠦᠮᠦᠴᠢᠨ ᠬᠤᠰᠢᠭᠤᠨ ᠤ ︽ᠠᠷᠢᠭᠤᠨ ᠰᠠᠭᠠᠯᠢ︾ ᠴᠠᠭᠠᠨ ᠢᠳᠡᠭᠡᠨ ᠤ ᠺᠤᠮᠫᠠᠨᠢ᠂ ︽ᠠᠯᠳᠠᠨ ᠨᠠᠮᠤᠷ ︾ ᠴᠠᠭᠠᠨ | ᠢᠳᠡᠭᠡᠨ ᠤ ᠲᠡᠯᠭᠡᠭᠦᠷ᠂ ︽ᠲᠠᠭᠠᠭᠠᠴᠠ ︾ ᠮᠠᠯᠵᠢᠯ ᠤᠨ ᠦᠢᠯᠡᠰ ᠤᠨ ᠲᠤᠰᠬᠠᠢ ᠬᠤᠷᠰᠢᠶᠠᠵᠢᠯ ᠢᠶᠠᠷ ᠪᠦᠷᠢᠯᠳᠦᠭᠰᠡᠨ | ᠨᠢᠭᠡᠳᠦᠭᠡᠷ ᠲᠤᠭᠤᠶᠢᠯᠠᠩ ᠪᠤᠯᠤᠨ ︽ᠬᠦᠷᠦᠩᠭᠡ︾ ᠴᠠᠭᠠᠨ ᠢᠳᠡᠭᠡᠨ ᠤ ᠲᠡᠯᠭᠡᠭᠦᠷ᠂ ᠲᠤᠩᠭᠠᠯᠠᠭ ᠦᠵᠦᠮᠦᠴᠢᠨ ᠴᠠᠭᠠᠨ | ᠢᠳᠡᠭᠡᠨ ᠤ ᠲᠡᠯᠭᠡᠭᠦᠷ᠂ ︽ᠪᠠᠶᠠᠨ ᠭᠡᠰᠢᠭ︾ ᠮᠤᠩᠭᠤᠯ ᠢᠳᠡᠭᠡᠨ ᠡᠳ᠋ᠰᠢᠯᠡᠬᠦᠯᠦᠨ ᠪᠤᠷᠤᠯᠠᠭᠤᠯᠬᠤ ᠲᠤᠰᠬᠠᠢ ᠬᠤᠷᠰᠢᠶᠠᠵᠢᠯ | ᠢᠶᠠᠷ ᠪᠦᠷᠢᠯᠳᠦᠭᠰᠡᠨ ᠬᠤᠶᠠᠳᠤᠭᠠᠷ ᠲᠤᠭᠤᠶᠢᠯᠠᠩ ᠤᠨ ᠬᠢᠨ ᠲᠤᠰ ᠲᠤᠰ ᠰᠢᠯᠢᠳᠡᠭ ᠲᠡᠰ ᠲᠤ ᠲᠤᠳᠤᠷᠠᠨ᠂ ᠤᠯᠠᠮᠵᠢᠯᠠᠯᠲᠤ | ᠤᠷᠠᠨ ᠬᠢᠴᠡᠲᠦ ᠬᠤᠷᠤᠳ ᠬᠢᠬᠦ ᠰᠢᠯᠭᠠᠷᠠᠭᠤᠯᠤᠯᠲᠠ ᠳᠤ ︽ᠲᠡᠭᠡᠵᠢ︾ ᠴᠠᠭᠠᠨ ᠢᠳᠡᠭᠡᠨ ᠤ ᠲᠡᠯᠭᠡᠭᠦᠷ ᠨᠢ ᠰᠢᠯᠢᠳᠡᠭ | ᠲᠡᠰ᠂ ᠪᠠᠷᠠᠭᠤᠨ ᠦᠵᠦᠮᠦᠴᠢᠨ ᠬᠤᠰᠢᠭᠤ ᠰᠢᠯᠢᠳᠡᠭ ᠵᠤᠬᠢᠶᠠᠨ ᠪᠠᠶᠢᠭᠤᠯᠤᠭᠰᠠᠨ ᠨᠢᠭᠡᠴᠡ ᠶᠢᠨ ᠱᠠᠩᠨᠠᠯ ᠢ ᠲᠤᠰ ᠲᠤᠰ | ᠭᠠᠷᠳᠠᠵᠤ᠂ ᠦᠵᠦᠮᠦᠴᠢᠨ ᠨᠤᠳᠤᠭ ᠤᠨ ᠰᠠᠭᠠᠯᠢ ᠶᠢᠨ ᠦᠢᠯᠡᠰ ᠤᠨ ᠦᠷᠨᠢᠬᠦᠨ ᠭᠦᠭᠵᠢᠭᠡ ᠲᠦᠷᠢ ᠪᠠᠶᠢᠳᠠᠯ ᠢ | ᠬᠠᠷᠠᠭᠤᠯᠵᠤ᠂ ᠴᠠᠭᠠᠨ ᠢᠳᠡᠭᠡᠨ ᠤ ᠦᠢᠯᠡᠰ ᠤᠨ ᠤᠯᠠᠮ ᠴᠢᠨᠠᠭᠰᠢᠲᠠ ᠶᠢᠨ ᠴᠢᠨᠠᠷ ᠰᠠᠶᠢᠲᠠᠢ ᠬᠦᠭᠵᠢᠯᠲᠡ ᠳᠤ ᠬᠦᠴᠦ | ᠨᠡᠮᠡᠷᠢᠯᠡᠭᠰᠡᠨ ᠪᠠᠶᠢᠨ᠎ᠠ᠃ | ᠡᠬᠦᠨ ᠤ ᠬᠠᠮᠳᠤ᠂ ᠤᠷᠤᠯᠳᠤᠭᠠᠨ ᠳᠤ ᠤᠷᠤᠯᠴᠠᠭᠰᠠᠳ ᠨᠢ ᠬᠤᠶᠠᠳᠤᠭᠠᠷ ᠬᠤᠭᠤᠴᠠᠭᠠᠨ ᠤ ᠰᠢᠯᠢ ᠶᠢᠨ ᠭᠤᠤᠯ ᠴᠠᠭᠠᠨ | ᠢᠳᠡᠭᠡᠨ ᠤ ᠰᠢᠯᠭᠠᠷᠠᠭᠤᠯᠤᠯᠲᠠ ᠵᠢᠴᠢ ᠠᠮᠳᠠᠳᠤ ᠢᠳᠡᠭᠡᠨ ᠠᠮᠳᠠᠯᠠᠨ ᠦᠨᠡᠯᠡᠬᠦ ᠴᠤᠭᠯᠠᠭᠠᠨ ᠤ ᠡᠬᠢᠯᠡᠯᠲᠡ ᠶᠢᠨ ᠶᠤᠰᠤᠯᠠᠯ | ᠪᠤᠯᠤᠨ ᠱᠠᠩᠨᠠᠯ ᠤᠯᠭᠤᠬᠤ ᠦᠳᠡᠰᠢᠯᠡᠭᠡ ᠶᠢᠨ ᠦᠵᠡᠬᠦᠯᠦᠯᠭᠡ ᠶᠢᠨ ᠲᠤᠭᠯᠠᠯᠲᠠ ᠳᠤ ᠢᠳᠡᠪᠬᠢᠳᠠᠢ ᠤᠷᠤᠯᠴᠠᠵᠤ ᠬᠦᠷ | ᠨᠠᠷᠬᠢᠶᠠᠨ ᠨᠡᠮᠡᠷᠢᠯᠡᠭᠰᠡᠨ ᠶᠤᠮ ᠃ | |