ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ ︶ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/8/20
         ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ  ︶ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ   ⒈ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ   ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠨᠠᠶᠢᠳᠠᠵᠤ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ ᠠᠵᠢᠯ ᠢ ᠬᠠᠮᠵᠢᠯᠴᠠᠨ ᠬᠡᠷᠡᠭᠵᠢᠭᠦᠯᠦᠨ᠎ᠡ᠃ ᠲᠣᠰ ᠪᠠᠶᠢᠭᠤᠯᠤᠮᠵᠢ ᠨᠢ ᠲᠤᠰᠬᠠᠶᠢᠯᠠᠨ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ ᠪᠠᠶᠢᠭᠤᠯᠵᠤ᠂ ᠬᠡᠷ ᠪᠠᠶᠢᠰᠢᠩ ᠬᠤᠳᠠᠯᠳᠤᠨ ᠠᠪᠤᠭᠴᠢ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠨᠠᠶᠢᠳᠠᠯᠭ᠎ᠠ ᠶᠢ ᠭᠥᠯᠢᠶᠡᠨ ᠠᠪᠴᠤ᠂ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠶᠴᠡᠳᠬᠡᠨ᠎ᠡ᠄   ︵ᠨᠢᠭᠡ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠴᠤᠭᠯᠠᠭᠤᠯᠬᠤ᠃   ︵ᠬᠤᠶᠠᠷ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠠᠳᠠᠭᠠᠯᠠᠨ ᠬᠠᠮᠢᠶᠠᠷᠬᠤ᠃   ︵ᠭᠤᠷᠪᠠ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠥᠭᠬᠦ᠃   ︵ᠳᠥᠷᠪᠡ︶ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠲᠦᠭᠰᠢᠭᠦᠷᠢ ᠶᠢᠨ ᠲᠥᠷᠥᠯ ᠵᠦᠶᠯ ᠢ ᠰᠢᠶᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠠ᠃ᠬᠢᠨᠠᠨ ᠬᠠᠮᠢᠶᠠᠷᠬᠤ ᠲᠥᠷᠥᠯ ᠵᠦᠶᠯ ᠤᠨ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠪᠦᠬᠦᠨ ᠢ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠪᠠᠶᠢᠭᠤᠯᠤᠭᠰᠠᠨ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ ᠳᠤ ᠬᠠᠳᠠᠭᠠᠯᠠᠬᠤ ᠬᠡᠷᠡᠭᠲᠡᠶ᠃ ᠭᠡᠷ ᠪᠠᠶᠢᠰᠢᠩ ᠬᠤᠳᠠᠯᠳᠤᠨ ᠠᠪᠤᠭᠴᠢ ᠨᠢ ᠪᠠᠷᠢᠴᠠᠭᠠᠳᠦ ᠵᠢᠭᠡᠯᠡᠯᠭᠡ ᠪᠠᠷ ᠲᠠᠸᠠᠷ ᠤᠨ ᠭᠡᠷ ᠪᠠᠶᠢᠰᠢᠩ ᠬᠤᠳᠠᠯᠳᠤᠨ ᠠᠪᠤᠭᠰᠠᠨ ᠪᠠᠶᠢᠪᠠᠯ᠂ ᠪᠠᠷᠢᠴᠠᠭᠠᠳᠦ ᠵᠢᠭᠡᠯᠡᠯᠭᠡ ᠪᠠᠨ ᠵᠢᠭᠡᠯᠡᠯᠭᠡ ᠶᠢᠨ ᠪᠠᠩᠬᠢ  ᠠᠴᠠ ᠰᠢᠭᠤᠳ ᠨᠠᠶᠢᠳᠠᠨ ᠬᠠᠮᠢᠶᠠᠷᠤᠭᠤᠯᠬᠤ ᠳᠠᠩᠰᠠᠨ ᠳᠤ ᠰᠢᠯᠵᠢᠭᠦᠯᠦᠨ ᠣᠷᠣᠭᠤᠯᠤᠨ᠎ᠠ᠃ᠥᠪᠥᠷ ᠮᠣᠩᠭᠤᠯ ᠤᠨ ᠬᠤᠩ ᠰᠢ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠨᠢ ᠰᠢᠨ᠎ᠡ  ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠤᠨ ᠲᠥᠷᠥᠯ ᠵᠦᠶᠯ ᠤᠨ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠨᠠᠶᠢᠳᠠᠨ ᠬᠠᠮᠢᠶᠠᠷᠬᠤ ᠶᠢ ᠬᠠᠷᠢᠭᠤᠴᠠᠨ᠎ᠠ᠃    ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ  ︶︾ ᠤᠨ ᠳᠣᠯᠣᠳᠤᠭᠠᠷ ᠵᠦᠢᠯ᠂ ᠠᠷᠪᠠᠨ ᠨᠢᠭᠡᠳᠦᠭᠡᠷ ᠵᠦᠢᠯ᠂ ᠠᠷᠪᠠᠨ ᠲᠠᠪᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ᠃   ︽ᠥᠪᠥᠷ ᠮᠣᠩᠭᠤᠯ ᠤᠨ ᠬᠤᠩ ᠰᠢ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠬᠢᠨᠠᠨ ᠬᠠᠮᠢᠶᠠᠷᠬᠤ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠬᠤ ᠪᠠᠶᠢᠭᠤᠯᠤᠮᠵᠢ ᠪᠣᠯᠭᠠᠬᠤ ᠲᠤᠬᠠᠶ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠬᠢᠳᠠᠯ︾᠃    ⒉ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠭᠡᠳᠡᠭ ᠨᠢ ᠭᠡᠷ ᠪᠠᠶᠢᠰᠢᠩ ᠭᠠᠵᠠᠷ ᠰᠢᠷᠣᠢ  ᠶᠢᠨ ᠭᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠦᠶ᠎ᠡ ᠳᠤ᠂ ᠭᠡᠷ ᠬᠤᠳᠠᠯᠳᠤᠨ ᠠᠪᠤᠭᠴᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠥᠭᠬᠦ ᠤᠷᠢᠳᠴᠢᠯᠠᠨ ᠬᠤᠳᠠᠯᠳᠤᠨ ᠠᠪᠬᠤ ᠭᠡᠷ ᠪᠠᠶᠢᠰᠢᠩ ᠤᠨ ᠵᠣᠭᠤᠰ ︵ᠡᠬᠢᠨ ᠤ ᠭᠡᠰᠡᠭ ᠤᠨ ᠵᠣᠭᠤᠰ ᠢ ᠥᠭᠬᠦ᠂ ᠬᠤᠭᠤᠴᠠᠭ᠎ᠠ ᠬᠤᠪᠢᠶᠠᠨ ᠵᠣᠭᠤᠰ ᠥᠭᠬᠦ᠂ ᠨᠢᠭᠡ ᠯᠡ ᠤᠳᠠᠭ᠎ᠠ ᠳᠤ ᠵᠣᠭᠤᠰ ᠥᠭᠬᠦ ᠪᠠ ᠪᠠᠩᠬᠢ ᠶᠢᠨ ᠪᠠᠷᠢᠴᠠᠭᠠᠳᠦ ᠵᠢᠭᠡᠯᠡᠯᠭᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠵᠢᠴᠢ ᠲᠡᠷᠭᠡᠨ ᠵᠣᠭᠰᠣᠭᠠᠯ᠂ ᠬᠠᠳᠠᠭᠠᠯᠠᠬᠤ ᠦᠷᠦᠭᠡ᠂ ᠲᠡᠷᠭᠡᠨ ᠬᠥᠮᠥᠷᠭᠡ ᠵᠡᠷᠭᠡ ᠡᠯ᠎ᠡ ᠲᠦᠷᠦᠯ ᠤᠨ ᠭᠡᠷ ᠪᠠᠶᠢᠰᠢᠩ ᠬᠤᠳᠠᠯᠳᠤᠨ ᠠᠪᠬᠤ ᠵᠣᠭᠤᠰ ᠪᠠᠭᠲᠠᠨ᠎ᠠ︶ ᠢ ᠵᠢᠭᠠᠵᠤ ᠪᠠᠶᠢᠨ᠎ᠠ᠃    ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ  ︵ᠲᠤᠷᠰᠢᠨ ᠬᠡᠷᠡᠭᠵᠢᠭᠦᠯᠬᠦ︶ 》 ᠤᠨ ᠭᠤᠷᠪᠠᠳᠤᠭᠠᠷ ᠵᠦᠢᠯ     ⒊ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠵᠠᠷᠴᠢᠮᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ︽ᠵᠠᠰᠠᠭ ᠤᠨ ᠣᠷᠳᠣᠨ ᠵᠢᠯᠣᠭᠤᠳᠬᠤ᠂ ᠪᠠᠩᠬᠢ ᠬᠢᠨᠠᠨ ᠬᠠᠮᠢᠶᠠᠷᠬᠤ᠂ ᠲᠤᠰᠬᠠᠶ ᠲᠠᠩᠰᠠ ᠪᠠᠷ ᠲᠤᠰᠬᠠᠶ ᠬᠠᠳᠠᠭᠠᠯᠠᠬᠤ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ᠂ ᠪᠦᠬᠦ ᠶᠠᠪᠤᠴᠠ ᠶᠢ ᠬᠢᠨᠠᠨ ᠬᠠᠮᠢᠶᠠᠷᠬᠤ᠂ ᠵᠠᠩᠭᠢᠯᠠᠭ᠎ᠠ ᠶᠢᠨ ᠴᠢᠭ ᠢᠶᠠᠷ ᠡᠵᠡᠮᠳᠡᠬᠦ︾ ᠵᠠᠷᠴᠢᠮ ᠢ ᠵᠢᠷᠤᠮᠯᠠᠵᠤ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠲᠠᠸᠠᠷ ᠤᠨ ᠭᠡᠷ ᠪᠠᠶᠢᠰᠢᠩ ᠤᠨ ᠲᠥᠷᠥᠯ ᠵᠦᠢᠯ ᠤᠨ ᠢᠨᠵᠧᠨᠧᠷᠢᠩ ᠤᠨ ᠪᠠᠶᠢᠭᠤᠯᠤᠯᠲᠠ ᠳᠤ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃    ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠳᠥᠷᠪᠡᠳᠦᠭᠡᠷ ᠵᠦᠢᠯ   ⒋ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠪᠴᠢᠶ᠎ᠡ    ᠬᠤᠰᠢᠭᠤ ᠵᠠᠰᠠᠭ ᠵᠠᠬᠢᠷᠭᠠᠨ ᠤ ᠣᠷᠣᠨ ᠳᠤᠳᠤᠷᠠᠬᠢ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠶᠢ ᠵᠦᠪᠰᠢᠶᠡᠷᠡᠬᠦᠯᠦᠭᠰᠡᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ︵ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠲᠥᠷᠥᠯ ᠵᠦᠶᠯ ᠪᠠᠭᠲᠠᠬᠤ ᠥᠬᠡᠶ︶ ᠥᠯᠥ ᠬᠥᠳᠡᠯᠬᠦ ᠬᠥᠷᠥᠩᠭᠡ ᠪᠠᠷ ᠠᠩᠬ᠎ᠠ ᠤᠳᠠᠭ᠎ᠠ ᠳᠠᠩᠰᠠᠯᠠᠬᠤ ᠠᠴᠠ ᠡᠮᠦᠨ᠎ᠡ ᠪᠣᠷᠣᠯᠠᠭᠤᠯᠤᠨ᠎ᠠ᠂ ᠲᠡᠭᠦᠨ ᠤ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠲᠤᠰᠢᠶᠠᠨ ᠬᠠᠳᠠᠭᠠᠯᠠᠬᠤ᠂ ᠬᠡᠷᠡᠭᠯᠡᠬᠦ ᠵᠢᠴᠢ ᠬᠢᠨᠠᠨ ᠬᠠᠮᠢᠶᠠᠷᠬᠤ ᠳᠤ ᠲᠣᠰ ᠨᠠᠷᠢᠨ ᠲᠦᠷᠢᠮ ᠳᠣᠭᠢᠷᠠᠨ᠎ᠠ᠃︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠬᠤᠶᠠᠳᠤᠭᠠᠷ ᠵᠦᠢᠯ    ⒌ ᠬᠢᠨᠠᠯᠲᠠ ᠬᠠᠮᠢᠶᠠᠷᠤᠯᠲᠠ ᠶᠢᠨ ᠬᠤᠭᠤᠴᠠᠭ᠎ᠠ ᠬᠢᠵᠠᠭᠠᠷ    ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠬᠤᠭᠤᠴᠠᠭ᠎ᠠ  ᠨᠢ ︽ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ︾ ᠢ ᠬᠢᠨᠠᠨ ᠣᠯᠭᠤᠭᠰᠠᠨ ᠠᠴᠠ ᠡᠬᠢᠯᠡᠵᠦ᠂ ᠦᠯᠦ ᠬᠥᠳᠡᠯᠬᠦ ᠬᠦᠷᠦᠩᠭᠡ ᠶᠢ ᠠᠩᠬ᠎ᠠ ᠤᠳᠠᠭ᠎ᠠ ᠳᠠᠩᠰᠠᠯᠠᠭᠤᠯᠤᠭᠰᠠᠨ ᠤ ᠲᠠᠷᠠᠭ᠎ᠠ ᠳᠠᠭᠤᠰᠤᠨ᠎ᠠ᠃ ᠡᠭᠦᠨ ᠳᠤ᠂ ᠪᠦᠷᠢᠨ ᠵᠠᠰᠠᠵᠤ ᠴᠢᠮᠡᠭᠯᠡᠬᠦ ᠲᠠᠸᠠᠷ ᠤᠨ ᠣᠷᠣᠨ ᠰᠠᠭᠤᠴᠠ ᠶᠢ ᠡᠷᠬᠡᠪᠰᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠵᠠᠰᠠᠵᠤ ᠴᠢᠮᠡᠭᠯᠡᠬᠦ ᠠᠵᠢᠯ ᠢ ᠳᠠᠭᠤᠰᠬᠠᠭᠰᠠᠨ ᠤ ᠲᠠᠷᠠᠭ᠎ᠠ ᠰᠠᠶ᠋ᠢ ᠳᠠᠭᠤᠰᠬᠠᠵᠤ ᠪᠣᠯᠤᠨ᠎ᠠ᠃    ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠲᠠᠪᠤᠳᠤᠭᠠᠷ ᠵᠦᠢᠯ   ⒍ᠪᠠᠩᠬᠢ ᠶᠢ ᠬᠢᠨᠠᠨ ᠬᠠᠮᠢᠶᠠᠷᠬᠤ   ᠬᠢᠨᠠᠨ ᠬᠠᠮᠢᠶᠠᠷᠬᠤ ᠪᠠᠩᠬᠢ ᠨᠢ ᠵᠢᠭᠡᠯᠡᠯᠭᠡ ᠲᠠᠯᠪᠢᠬᠤ ᠡᠩ ᠤᠨ ᠦᠶᠡᠯᠡᠯ ᠤᠨ ᠬᠤᠭᠤᠴᠠᠭ᠎ᠠ ᠶᠢ ᠦᠨᠳᠦᠰᠦᠯᠡᠨ᠂ ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠶᠢᠨ ᠳᠠᠩᠰᠠᠨ ᠳᠤ ᠣᠷᠣᠭᠤᠯᠬᠤ ᠪᠠᠶᠢᠳᠠᠯ ᠢ ᠨᠢᠭᠲᠠ ᠬᠢᠨᠠᠨ ᠡᠵᠡᠮᠳᠡᠬᠦ ᠬᠡᠷᠡᠭᠲᠡᠶ᠃ ᠡᠩ ᠤᠨ ᠵᠢᠭᠡᠯᠡᠯᠭᠡ ᠲᠠᠯᠪᠢᠬᠤ ᠬᠤᠭᠤᠴᠠᠭ᠎ᠠ ᠠᠴᠠ ᠢᠯᠡᠳᠲᠡ ᠬᠡᠲᠦᠷᠡᠭᠰᠡᠨ ᠪᠠᠶᠢᠪᠠᠯ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠴᠠᠭ ᠲᠤᠬᠠᠶ ᠳᠤᠨᠢ ᠬᠠᠷᠢᠭᠤ ᠲᠤᠰᠬᠠᠵᠤ ᠪᠠᠶᠢᠴᠠᠭᠠᠨ ᠬᠢᠨᠠᠨ ᠬᠠᠷᠭᠤᠭᠤᠯᠤᠨ᠎ᠠ᠃   ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ  ︵ᠲᠤᠷᠰᠢᠨ ᠬᠡᠷᠡᠭᠵᠢᠭᠦᠯᠬᠦ︶︾ ᠤᠨ ᠠᠷᠪᠠᠨ ᠨᠠᠶᠮᠠᠳᠤᠭᠠᠷ ᠵᠦᠶᠯ᠃   ⒎ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ   ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠨᠡᠭᠡᠭᠡᠨ ᠬᠥᠭᠵᠢᠭᠦᠯᠬᠦ ᠲᠥᠷᠥᠯ ᠵᠦᠶᠯ ︵ᠳᠣᠷᠣᠭᠰᠢ ᠬᠢᠨᠠᠨ ᠬᠠᠮᠢᠶᠠᠷᠬᠤ ᠲᠥᠷᠥᠯ ᠵᠦᠶᠯ ᠭᠡᠵᠦ ᠲᠣᠪᠴᠢᠯᠠᠨ᠎ᠠ︶ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠨᠡᠷᠡᠰ ᠤᠨ ᠵᠢᠭᠰᠠᠭᠠᠯᠲᠠ ᠳᠠᠬᠢ ᠬᠤᠳᠠᠯᠳᠤᠭᠠᠨ ᠤ ᠪᠠᠩᠬᠢ ᠶᠢ ᠰᠠᠶᠢᠨ ᠳᠤᠷ᠎ᠠ ᠠᠴᠠ ᠪᠠᠨ ᠰᠣᠩᠭᠤᠵᠤ ᠬᠢᠨᠠᠨ ᠬᠠᠮᠢᠶᠠᠷᠬᠤ ᠪᠠᠩᠬᠢ ᠪᠣᠯᠭᠠᠵᠤ᠂ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠠᠴᠠ ᠬᠠᠮᠵᠢᠯᠴᠠᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠨᠠᠶᠢᠳᠠᠨ ᠬᠠᠮᠢᠶᠠᠷᠤᠭᠤᠯᠬᠤ ᠲᠤᠰᠬᠠᠶ ᠲᠠᠩᠰᠠᠨ ᠡᠷᠦᠬᠡ ᠪᠠᠶᠢᠭᠤᠯᠬᠤ ᠪᠠᠷ ᠭᠤᠶᠤᠴᠢᠯᠠᠵᠤ ᠪᠣᠯᠤᠨ᠎ᠠ᠃    ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠨᠢᠭᠡ ᠬᠢᠨᠠᠨ ᠬᠠᠮᠢᠶᠠᠷᠬᠤ ᠲᠥᠷᠥᠯ ᠵᠦᠶᠯ ᠳᠤ ᠵᠥᠪᠬᠡᠨ ᠨᠢᠭᠡ ᠯᠡ ᠨᠠᠶᠢᠳᠠᠨ ᠬᠠᠮᠢᠶᠠᠷᠤᠭᠤᠯᠬᠤ ᠳᠠᠩᠰᠠᠨ ᠡᠷᠦᠬᠡ ᠭᠠᠷᠭᠠᠵᠤ ᠪᠣᠯᠤᠨ᠎ᠠ᠂ ᠲᠡᠷᠡ ᠮᠥᠷᠲᠡᠭᠡᠨ ᠬᠢᠨᠠᠨ ᠬᠠᠮᠢᠶᠠᠷᠬᠤ ᠲᠥᠷᠥᠯ ᠵᠦᠶᠯ ᠢ ᠤᠷᠢᠳᠴᠢᠯᠠᠨ ᠬᠤᠳᠠᠯᠳᠤᠬᠤ ᠶᠠᠪᠤᠴᠠ ᠳᠤ᠂ ᠨᠠᠶᠢᠳᠠᠨ ᠬᠠᠮᠢᠶᠠᠷᠤᠭᠤᠯᠬᠤ ᠳᠠᠩᠰᠠᠨ ᠡᠷᠦᠬᠡ ᠭᠠᠷᠭᠠᠭᠰᠠᠨ ᠪᠠᠩᠬᠢ ᠶᠢ ᠵᠠᠷᠴᠢᠮ ᠳᠡᠭᠡᠷ᠎ᠡ ᠪᠠᠨ ᠬᠤᠪᠢᠷᠠᠭᠤᠯᠵᠤ ᠪᠣᠯᠬᠤ ᠥᠬᠡᠶ᠂ ᠬᠢᠨᠠᠨ ᠬᠠᠮᠢᠶᠠᠷᠬᠤ ᠪᠠᠩᠬᠢ᠂ ᠨᠠᠶᠢᠳᠠᠨ ᠬᠠᠮᠢᠶᠠᠷᠤᠭᠤᠯᠬᠤ ᠳᠠᠩᠰᠠᠨ ᠨᠣᠮᠧᠷ᠂ ᠠᠵᠤ ᠠᠬᠤᠶᠢᠯᠠᠯ ᠤᠨ ᠨᠡᠷᠡᠶᠢᠳᠦᠯ᠂ ᠲᠥᠷᠥᠯ ᠵᠦᠶᠯ ᠤᠨ ᠨᠡᠷᠡᠶᠢᠳᠦᠯ ᠵᠡᠷᠭᠡ ᠮᠡᠳᠡᠭᠡ ᠵᠠᠩᠭᠢ ᠶᠢ ᠦᠨᠡᠨᠬᠦ ᠬᠤᠪᠢᠷᠠᠭᠤᠯᠬᠤ ᠴᠢᠬᠤᠯᠠᠲᠠᠶ ᠪᠣᠯ᠂ ᠴᠠᠭ ᠲᠤᠬᠠᠶ ᠳᠤᠨᠢ ᠲᠤᠬᠠᠶ ᠶᠢᠨ ᠭᠠᠵᠠᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠬᠤ ᠪᠠᠶᠢᠭᠤᠯᠤᠮᠵᠢ᠂ ᠬᠢᠨᠠᠨ ᠬᠠᠮᠢᠶᠠᠷᠬᠤ ᠪᠠᠩᠬᠢ ᠳᠤ ᠬᠠᠮᠢᠶ᠎ᠠ ᠪᠦᠬᠦᠢ ᠬᠤᠪᠢᠷᠠᠭᠤᠯᠬᠤ ᠭᠠᠷᠳᠠᠮ ᠢ ᠭᠦᠶᠴᠡᠳᠬᠡᠬᠦ ᠪᠠᠷ ᠭᠤᠶᠤᠴᠢᠯᠠᠬᠤ ᠶᠢᠨ ᠬᠠᠮᠲᠤ ᠬᠤᠪᠢᠷᠠᠭᠤᠯᠬᠤ ᠬᠤᠭᠤᠴᠠᠭᠠᠨ ᠳᠤ ᠠᠯᠢᠪᠠ ᠲᠤᠬᠠᠶᠢᠯᠠᠭᠰᠠᠨ ᠠᠵᠢᠯ  ᠢ ᠭᠦᠶᠴᠡᠳᠬᠡᠬᠦ ᠪᠠᠨ ᠲᠦᠷ ᠵᠣᠭᠰᠣᠭᠠᠬᠤ ᠬᠡᠷᠡᠭᠲᠡᠶ᠃   ᠲᠣᠰ ᠲᠠᠩᠰᠠᠨ ᠡᠷᠦᠬᠡ ᠶᠢ ᠵᠥᠪᠬᠡᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ  ᠶᠢ ᠬᠤᠷᠢᠶᠠᠨ ᠬᠠᠳᠠᠭᠠᠯᠠᠬᠤ᠂ ᠰᠠᠯᠭᠠᠨ ᠥᠭᠴᠦ ᠬᠡᠷᠡᠭᠯᠡᠭᠦᠯᠬᠦ ᠳᠤ ᠬᠡᠷᠡᠭᠯᠡᠨ᠎ᠡ᠂ ᠪᠡᠯᠡᠨ ᠵᠣᠭᠤᠰ ᠭᠠᠷᠭᠠᠨ ᠠᠪᠴᠤ ᠪᠣᠯᠬᠤ ᠥᠬᠡᠶ᠃   ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ  ︵ᠲᠤᠷᠰᠢᠨ ᠬᠡᠷᠡᠭᠵᠢᠭᠦᠯᠬᠦ︶︾ ᠤᠨ ᠠᠷᠪᠠᠳᠤᠭᠠᠷ ᠵᠦᠢᠯ   ⒏ᠨᠠᠶᠢᠳᠠᠨ ᠬᠠᠮᠢᠶᠠᠷᠤᠭᠤᠯᠬᠤ ᠬᠡᠯᠡᠯᠴᠡᠭᠡᠷ    ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠲᠠᠸᠠᠷ ᠤᠨ ᠬᠡᠷ ᠪᠠᠶᠢᠰᠢᠩ ᠢ ᠨᠡᠭᠡᠭᠡᠨ ᠬᠥᠭᠵᠢᠭᠦᠯᠬᠦ ᠲᠥᠷᠥᠯ ᠵᠦᠶᠯ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠢ ᠭᠤᠶᠤᠴᠢᠯᠠᠬᠤ ᠠᠴᠠ ᠡᠮᠦᠨ᠎ᠡ᠂ ᠲᠥᠷᠥᠯ ᠵᠦᠶᠯ ᠤᠨ ᠦᠨᠳᠦᠰᠦᠨ ᠪᠠᠶᠢᠳᠠᠯ᠂ ᠨᠠᠶᠢᠳᠠᠨ ᠬᠠᠮᠢᠶᠠᠷᠤᠭᠤᠯᠬᠤ ᠠᠭᠤᠯᠭ᠎ᠠ᠂ ᠨᠠᠶᠢᠳᠠᠨ ᠬᠠᠮᠢᠶᠠᠷᠤᠭᠤᠯᠬᠤ ᠴᠠᠭ᠂ ᠭᠡᠷ᠎ᠡ ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠲᠤᠬᠠᠶ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠲᠠᠢ ︽ᠪᠠᠷᠠᠭᠤᠨ ᠦᠵᠦᠮᠦᠴᠢᠨ ᠬᠤᠰᠢᠭᠤᠨ ᠤ ᠲᠠᠸᠠᠷ  ᠤᠨ ᠬᠡᠷ ᠪᠠᠶᠢᠰᠢᠩ ︵ᠲᠥᠷᠥᠯ ᠵᠦᠶᠯ︶ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠬᠡᠯᠡᠯᠴᠡᠭᠡᠷ︾ ᠲᠣᠭᠲᠠᠨ᠎ᠠ᠃ ︽ᠪᠠᠷᠠᠭᠤᠨ ᠦᠵᠦᠮᠦᠴᠢᠨ ᠬᠤᠰᠢᠭᠤᠨ ᠤ ᠲᠠᠸᠠᠷ ᠤᠨ ᠬᠡᠷ ᠪᠠᠶᠢᠰᠢᠩ ︵ᠲᠥᠷᠥᠯ ᠵᠦᠶᠯ︶ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠬᠡᠯᠡᠯᠴᠡᠭᠡᠷ︾ ᠲᠣᠭᠲᠠᠭᠰᠠᠨ ᠥᠬᠡᠶ ᠲᠥᠷᠥᠯ ᠵᠦᠶᠯ ᠳᠤ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ︽ᠲᠠᠸᠠᠷ  ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠤᠨ ᠦᠨᠡᠮᠯᠡᠯ︾ ᠣᠯᠭᠤᠬᠤ ᠥᠬᠡᠶ᠃    ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ  ︵ᠲᠤᠷᠰᠢᠨ ᠬᠡᠷᠡᠭᠵᠢᠭᠦᠯᠬᠦ︶︾ ᠤᠨ ᠠᠷᠪᠠᠨ ᠭᠤᠷᠪᠠᠳᠤᠭᠠᠷ ᠵᠦᠢᠯ   ⒐ᠨᠠᠶᠢᠳᠠᠨ ᠬᠠᠮᠢᠶᠠᠷᠤᠭᠤᠯᠬᠤ ᠪᠠᠷᠢᠮᠵᠢᠶ᠎ᠠ   ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠨᠠᠶᠢᠳᠠᠨ ᠬᠠᠮᠢᠶᠠᠷᠤᠭᠤᠯᠬᠤ ᠪᠠᠷᠢᠮᠵᠢᠶ᠎ᠠ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠣᠷᠣᠨ ᠪᠦᠰᠡ ᠶᠢᠨ ᠪᠠᠷᠢᠯᠭ᠎ᠠ ᠶᠢᠨ ᠪᠦᠲᠦᠴᠡ᠂ ᠶᠡᠷᠦᠩᠬᠡᠶ ᠳᠠᠪᠬᠤᠷᠭ᠎ᠠ ᠶᠢᠨ ᠲᠤᠭ᠎ᠠ᠂ ᠬᠡᠷᠡᠭᠴᠡᠭᠡ ᠵᠡᠷᠭᠡ ᠬᠦᠴᠦᠨ ᠵᠦᠢᠯ ᠲᠠᠢ ᠤᠶᠠᠯᠳᠤᠭᠤᠯᠤᠨ ᠶᠡᠷᠦᠩᠬᠡᠶᠢᠯᠡᠨ ᠬᠡᠮᠵᠢᠨ ᠲᠣᠭᠲᠠᠭᠠᠵᠤ᠂ ᠵᠠᠬ᠎ᠠ ᠳᠡᠯᠭᠡᠭᠦᠷ ᠤᠨ ᠪᠠᠶᠢᠳᠠᠯ ᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠨ ᠨᠡᠶᠢᠲᠡᠯᠡᠨ᠎ᠡ᠃︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠠᠷᠪᠠᠨ ᠳᠥᠷᠪᠡᠳᠦᠭᠡᠷ ᠵᠦᠢᠯ᠃    ⒑ᠨᠠᠶᠢᠳᠠᠨ ᠬᠠᠮᠢᠶᠠᠷᠤᠭᠤᠯᠬᠤ ᠲᠣᠭᠠᠨ ᠤ ᠨᠡᠶᠢᠯᠡᠪᠦᠷᠢᠨᠠᠶᠢᠳᠠᠨ ᠬᠠᠮᠢᠶᠠᠷᠤᠭᠤᠯᠬᠤ ᠲᠤᠭ᠎ᠠ ᠬᠡᠮᠵᠢᠶ᠎ᠡ ᠭᠡᠳᠡᠭ ᠨᠢ ᠲᠥᠷᠥᠯ ᠵᠦᠶᠯ ᠤᠨ ᠪᠠᠷᠢᠯᠭ᠎ᠠ ᠶᠢᠨ ᠠᠵᠢᠯ ᠬᠢᠬᠦ᠂ ᠲᠥᠬᠦᠭᠡᠷᠦᠮᠵᠢ ᠤᠭᠰᠠᠷᠠᠬᠤ᠂ ᠮᠠᠲ᠋ᠧᠷᠢᠶᠠᠯ ᠬᠤᠳᠠᠯᠳᠤᠨ ᠠᠪᠬᠤ ᠪᠠ ᠲᠥᠷᠥᠯ ᠵᠦᠶᠯ ᠤᠨ ᠢᠵᠢ ᠪᠦᠷᠢᠳᠦᠭᠦᠯᠬᠦ ᠪᠠᠷᠢᠯᠭ᠎ᠠ ᠶᠢ ᠬᠢᠨᠠᠨ ᠬᠠᠮᠢᠶᠠᠷᠬᠤ ᠳᠤ ᠬᠡᠷᠡᠭᠰᠡᠬᠦ ᠪᠥᠲᠥᠭᠡᠨ ᠪᠠᠶᠢᠭᠤᠯᠬᠤ ᠵᠠᠷᠤᠳᠠᠯ ᠤᠨ ᠨᠡᠶᠢᠯᠡᠪᠦᠷᠢ ᠶᠢ ᠵᠢᠭᠠᠵᠤ ᠪᠠᠶᠢᠨ᠎ᠠ᠂ ᠪᠦᠷᠢᠨ ᠵᠠᠰᠠᠵᠤ ᠴᠢᠮᠡᠭᠯᠡᠬᠦ ᠲᠥᠷᠥᠯ ᠵᠦᠶᠯ ᠳᠤ ᠵᠠᠰᠠᠵᠤ ᠴᠢᠮᠡᠭᠯᠡᠬᠦ ᠵᠠᠷᠤᠳᠠᠯ ᠢ ᠪᠤᠳᠤᠵᠤ ᠣᠷᠣᠭᠤᠯᠬᠤ ᠬᠡᠷᠡᠭᠲᠡᠶ᠂ ᠡᠭᠦᠨ ᠳᠤ ᠲᠥᠷᠥᠯ ᠵᠦᠶᠯ ᠢ ᠨᠡᠭᠡᠭᠡᠨ ᠬᠥᠭᠵᠢᠭᠦᠯᠬᠦ ᠪᠠ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠶᠠᠪᠤᠴᠠ ᠳᠤ ᠪᠣᠶ ᠪᠣᠯᠤᠭᠰᠠᠨ ᠭᠠᠶᠢᠯᠢ ᠰᠦᠶᠳᠬᠡᠯ ᠪᠠᠭᠲᠠᠬᠤ ᠥᠬᠡᠶ᠃ᠨᠠᠶᠢᠳᠠᠨ ᠬᠠᠮᠢᠶᠠᠷᠤᠭᠤᠯᠬᠤ ᠲᠤᠭ᠎ᠠ ᠬᠡᠮᠵᠢᠶ᠎ᠡ ᠶᠢ ᠰᠠᠭᠤᠷᠢ ᠬᠤᠪᠢᠶᠠᠨ ᠪᠤᠳᠤᠨ᠎ᠠ᠂ ᠲᠤᠬᠠᠶᠢᠯᠠᠪᠠᠯ ᠬᠢᠨᠠᠨ ᠬᠠᠮᠢᠶᠠᠷᠬᠤ ᠲᠥᠷᠥᠯ ᠵᠦᠶᠯ ᠨᠢᠭᠡᠪᠦᠷᠢ ᠶᠢᠨ ᠨᠠᠶᠢᠳᠠᠨ ᠬᠠᠮᠢᠶᠠᠷᠤᠭᠤᠯᠬᠤ ᠲᠤᠭ᠎ᠠ ᠬᠡᠮᠵᠢᠶ᠎ᠡ = ᠲᠣᠰ ᠰᠠᠭᠤᠷᠢ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ × ᠲᠡᠭᠰᠢ ᠳᠥᠷᠪᠡᠯᠵᠢᠨ ᠮᠧᠲᠷ ᠪᠦᠷᠢ ᠶᠢᠨ ᠨᠠᠶᠢᠳᠠᠨ ᠬᠠᠮᠢᠶᠠᠷᠤᠭᠤᠯᠬᠤ ᠪᠠᠷᠢᠮᠵᠢᠶ᠎ᠠ ᠪᠣᠯᠤᠨ᠎ᠠ᠃   ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ  ︵ᠲᠤᠷᠰᠢᠨ ᠬᠡᠷᠡᠭᠵᠢᠭᠦᠯᠬᠦ︶︾ ᠤᠨ ᠠᠷᠪᠠᠨ ᠳᠥᠷᠪᠡᠳᠦᠭᠡᠷ ᠵᠦᠢᠯ   ⒒ᠬᠤᠭᠤᠴᠠᠭ᠎ᠠ ᠬᠤᠪᠢᠶᠠᠨ ᠲᠥᠯᠥᠬᠦᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠬᠢᠨᠠᠨ ᠬᠠᠮᠢᠶᠠᠷᠬᠤ ᠲᠥᠷᠥᠯ ᠵᠦᠶᠯ  ᠤᠨ ᠨᠠᠶᠢᠳᠠᠨ ᠬᠠᠮᠢᠶᠠᠷᠤᠭᠤᠯᠬᠤ ᠲᠤᠭ᠎ᠠ ᠬᠡᠮᠵᠢᠶ᠎ᠡ ᠶᠢᠨ ᠳᠣᠲᠣᠷᠠᠬᠢ ᠪᠠᠯᠠ ᠮᠥᠩᠭᠦ ᠶᠢ ᠬᠡᠷᠡᠭᠯᠡᠬᠦ ᠪᠠᠷ ᠭᠤᠶᠤᠴᠢᠯᠠᠬᠤ ᠦᠶᠡᠰ᠂ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠬᠤ ᠪᠠᠶᠢᠭᠤᠯᠤᠮᠵᠢ ᠨᠢ ᠳᠣᠤᠷᠠᠬᠢ ᠱᠠᠭᠠᠷᠳᠠᠯᠭ᠎ᠠ ᠶᠣᠰᠣᠭᠠᠷ ᠳᠡᠰ ᠬᠤᠪᠢᠶᠠᠵᠤ᠂ ᠬᠤᠭᠤᠴᠠᠭ᠎ᠠ ᠬᠤᠪᠢᠶᠠᠨ ᠲᠣᠭᠠᠴᠠᠭ᠎ᠠ ᠬᠢᠬᠦ ᠬᠡᠷᠡᠭᠲᠡᠶ᠄   ⑴ᠪᠠᠷᠢᠯᠭ᠎ᠠ ᠶᠢᠨ ᠠᠵᠢᠯ ᠨᠢ ᠠᠩᠬᠠᠨ ᠤ ᠳᠠᠪᠬᠤᠷᠭ᠎ᠠ ᠶᠢᠨ ᠭᠡᠷ ᠳᠣᠲᠣᠷᠠᠬᠢ ᠭᠠᠵᠠᠷ ᠤᠨ ᠲᠦᠪᠰᠢᠨ ᠤ ᠥᠨᠳᠥᠷ ᠪᠣᠯᠬᠤ ᠦᠶᠡᠰ᠂ ᠨᠠᠶᠢᠳᠠᠨ ᠬᠠᠮᠢᠶᠠᠷᠤᠭᠤᠯᠬᠤ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠶᠢᠨ 80% ᠨᠢ ᠬᠢᠵᠠᠭᠠᠷᠯᠠᠭᠳᠠᠨ᠎ᠠ᠃   ⑵ᠪᠠᠷᠢᠯᠭ᠎ᠠ ᠶᠢᠨ ᠭᠤᠤᠯ ᠪᠦᠲᠦᠴᠡ ᠶᠢᠨ ᠭᠤᠷᠪᠠᠨ ᠤ ᠨᠢᠭᠡ ᠶᠢ ᠪᠡᠶᠡᠯᠡᠭᠦᠯᠬᠦ ᠦᠶ᠎ᠡ ᠳᠤ᠂ ᠨᠠᠶᠢᠳᠠᠨ ᠬᠠᠮᠢᠶᠠᠷᠤᠭᠤᠯᠬᠤ ᠪᠠᠯᠠ ᠮᠥᠩᠭᠦ ᠶᠢᠨ ᠶᠡᠷᠦᠩᠬᠡᠶ ᠬᠡᠮᠵᠢᠶ᠎ᠡ ᠶᠢᠨ 65% ᠨᠢ ᠬᠢᠵᠠᠭᠠᠷᠯᠠᠭᠳᠠᠨ᠎ᠠ᠃  ⑶ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ ᠭᠤᠷᠪᠠᠨ ᠤ ᠬᠤᠶᠠᠷ ᠬᠤᠪᠢ ᠶᠢ ᠪᠡᠶᠡᠯᠡᠭᠦᠯᠬᠦ ᠦᠶ᠎ᠡ  ᠳᠤ᠂ ᠨᠠᠶᠢᠳᠠᠨ ᠬᠠᠮᠢᠶᠠᠷᠤᠭᠤᠯᠬᠤ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠶᠢᠨ 50% ᠨᠢ ᠬᠢᠵᠠᠭᠠᠷᠯᠠᠭᠳᠠᠨ᠎ᠠ᠃  ⑷ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ ᠣᠷᠣᠶ ᠶᠢ ᠪᠦᠭᠯᠡᠬᠦ ᠦᠶ᠎ᠡ ᠳᠤ᠂ ᠨᠠᠶᠢᠳᠠᠨ ᠬᠠᠮᠢᠶᠠᠷᠤᠭᠤᠯᠬᠤ ᠪᠡᠯᠡ ᠮᠥᠩᠭᠦ ᠶᠢᠨ ᠶᠡᠷᠦᠩᠬᠡᠶ ᠲᠤᠭ᠎ᠠ ᠶᠢᠨ 35% ᠨᠢ ᠬᠢᠵᠠᠭᠠᠷᠯᠠᠭᠳᠠᠨ᠎ᠠ᠃  ⑸ᠪᠠᠷᠢᠯᠭ᠎ᠠ ᠶᠢᠨ ᠭᠠᠳᠠᠷ ᠲᠠᠯ᠎ᠠ ᠶᠢᠨ ᠵᠠᠰᠠᠯ ᠴᠢᠮᠡᠭᠯᠡᠯ ᠢ ᠪᠡᠶᠡᠯᠡᠭᠦᠯᠬᠦ ᠦᠶᠡᠰ᠂ ᠨᠠᠶᠢᠳᠠᠨ ᠬᠠᠮᠢᠶᠠᠷᠤᠭᠤᠯᠬᠤ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠶᠢᠨ 20% ᠨᠢ ᠬᠢᠵᠠᠭᠠᠷᠯᠠᠭᠳᠠᠨ᠎ᠠ᠃   ⑹ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠲᠠᠪᠤᠨ ᠲᠠᠯ᠎ᠠ ᠶᠢᠨ ᠬᠢᠨ ᠢ ᠵᠣᠬᠢᠶᠠᠨ ᠪᠠᠶᠢᠭᠤᠯᠤᠨ ᠰᠢᠯᠭᠠᠨ ᠠᠪᠬᠤ ᠶᠢᠨ ᠬᠠᠮᠲᠤ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ ᠬᠢᠨᠠᠯᠲᠠ ᠲᠠᠯᠪᠢᠬᠤ ᠮᠡᠳᠡᠭᠳᠡᠯ ᠤᠨ ᠪᠢᠴᠢᠭ︾ ᠢ ᠣᠯᠤᠭᠰᠠᠨ ᠮᠥᠷᠲᠡᠭᠡᠨ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠵᠡᠷᠭᠡ ᠬᠤᠲᠠ ᠶᠢᠨ ᠶᠠᠪᠤᠳᠠᠯ ᠤᠨ ᠪᠡᠶᠡᠯᠡᠬᠦᠯᠬᠦ ᠠᠵᠢᠯ ᠪᠦᠬᠦᠨ ᠢᠶᠠᠷ ᠢᠶᠠᠨ ᠳᠠᠭᠤᠰᠴᠤ᠂ ᠬᠡᠷᠡᠭᠯᠡᠬᠦ ᠨᠥᠬᠦᠴᠡᠯ ᠢ ᠪᠦᠷᠢᠯᠳᠦᠭᠦᠯᠦᠭᠰᠡᠨ ᠦᠶ᠎ᠡ ᠳᠤ᠂ ᠨᠠᠶᠢᠳᠠᠨ ᠬᠠᠮᠢᠶᠠᠷᠤᠭᠤᠯᠬᠤ ᠪᠡᠯᠡ ᠮᠥᠩᠭᠦ ᠶᠢᠨ ᠶᠡᠷᠦᠩᠬᠡᠶ ᠲᠤᠭ᠎ᠠ ᠶᠢᠨ 10% ᠨᠢ ᠬᠢᠵᠠᠭᠠᠷᠯᠠᠭᠳᠠᠨ᠎ᠠ᠃    ⒎ ᠬᠢᠨᠠᠯᠲᠠ ᠬᠠᠮᠢᠶᠠᠷᠤᠯᠲᠠ ᠶᠢᠨ ᠲᠥᠷᠥᠯ ᠵᠦᠶᠯ ᠨᠢ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠪᠦᠷᠢᠳᠬᠡᠨ ᠳᠠᠩᠰᠠᠯᠠᠬᠤ ᠬᠦᠰᠦᠨᠦᠭᠲᠦ︾ ᠵᠢᠴᠢ ᠪᠠᠷᠢᠯᠭ᠎ᠠ ᠶᠢᠨ ᠠᠵᠢᠯ ᠳᠠᠭᠤᠰᠤᠭᠰᠠᠨ ᠢ ᠬᠠᠮᠲᠤᠷᠠᠨ ᠰᠢᠯᠭᠠᠨ ᠠᠪᠴᠤ ᠪᠦᠷᠢᠳᠬᠡᠨ ᠳᠠᠩᠰᠠᠯᠠᠬᠤ ᠭᠡᠷᠡᠴᠢ ᠪᠢᠴᠢᠭ ᠮᠠᠲ᠋ᠧᠷᠢᠶᠠᠯ ᠢ ᠣᠯᠵᠤ᠂ ᠨᠠᠶᠢᠳᠠᠨ ᠬᠠᠮᠢᠶᠠᠷᠤᠭᠤᠯᠬᠤ ᠪᠠᠯᠠ ᠮᠥᠩᠭᠦ ᠶᠢᠨ ᠶᠡᠷᠦᠩᠬᠡᠶ ᠲᠤᠭ᠎ᠠ ᠶᠢᠨ 5% ᠪᠠᠷ ᠬᠢᠵᠠᠭᠠᠷᠯᠠᠭᠳᠠᠬᠤ ᠬᠡᠷᠡᠭᠲᠡᠶ᠃   ⒏ᠬᠢᠨᠠᠨ ᠬᠠᠮᠢᠶᠠᠷᠬᠤ ᠵᠦᠶᠯᠡᠰ ᠨᠢ ᠥᠯᠥ ᠬᠥᠳᠡᠯᠬᠦ ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠭᠤᠯᠤᠭᠰᠠᠨ ᠤ ᠳᠠᠷᠠᠭ᠎ᠠ ᠬᠢᠨᠠᠨ ᠬᠠᠮᠢᠶᠠᠷᠤᠯᠲᠠ ᠨᠢ ᠳᠠᠭᠤᠰᠤᠨ᠎ᠠ᠃ ᠪᠦᠷᠢᠨ ᠵᠠᠰᠠᠵᠤ ᠴᠢᠮᠡᠭᠰᠡᠨ ᠲᠠᠸᠠᠷ ᠤᠨ ᠭᠡᠷ ᠪᠠᠶᠢᠰᠢᠩ ᠢ ᠭᠡᠷ ᠳᠣᠲᠣᠷᠠᠬᠢ ᠶᠢ ᠵᠠᠰᠠᠵᠤ ᠴᠢᠮᠡᠭᠰᠡᠨ ᠤ ᠳᠠᠷᠠᠭ᠎ᠠ᠂ ᠪᠦᠲᠦᠭᠡᠨ ᠪᠠᠶᠢᠭᠤᠯᠬᠤ ᠳᠤ ᠣᠷᠣᠯᠴᠠᠭᠰᠠᠨ ᠡᠯ᠎ᠡ ᠲᠠᠯ᠎ᠠ ᠶᠢᠨ  ᠬᠢᠨ ᠰᠢᠯᠭᠠᠨ ᠠᠪᠬᠤ ᠳᠤ ᠬᠢᠷᠢ ᠲᠡᠩᠴᠡᠪᠡᠯ᠂ ᠲᠡᠭᠰᠢ ᠳᠥᠷᠪᠡᠯᠵᠢᠨ ᠮᠧᠲᠷ ᠪᠦᠷᠢ ᠶᠢᠨ ᠵᠠᠰᠠᠵᠤ ᠴᠢᠮᠡᠭᠯᠡᠬᠦ ᠪᠠᠷᠢᠮᠵᠢᠶ᠎ᠠ ᠶᠣᠰᠣᠭᠠᠷ ᠬᠢᠨᠠᠨ ᠬᠠᠮᠢᠶᠠᠷᠬᠤ ᠪᠡᠯᠡ ᠮᠥᠩᠭᠦ ᠰᠠᠯᠭᠠᠨ ᠥᠭᠬᠦ ᠬᠡᠷᠡᠭᠲᠡᠶ᠃ ᠲᠥᠷᠥᠯ ᠵᠦᠶᠯ ᠤᠨ ᠬᠢᠨᠠᠯᠲᠠ ᠬᠠᠮᠢᠶᠠᠷᠤᠯᠲᠠ ᠳᠠᠭᠤᠰᠴᠤ᠂ ᠨᠠᠶᠢᠳᠠᠨ ᠬᠠᠮᠢᠶᠠᠷᠤᠭᠤᠯᠬᠤ ᠪᠠᠯᠠ ᠮᠥᠩᠭᠦ ᠶᠢ ᠪᠦᠬᠦᠨ ᠢ ᠲᠤᠰᠢᠶᠠᠵᠤ ᠳᠠᠭᠤᠰᠬᠠᠨ᠎ᠠ᠃   ᠥᠨᠳᠥᠷ ᠳᠠᠪᠬᠤᠷᠭ᠎ᠠ ᠶᠢᠨ ᠠᠰᠠᠷ ᠪᠤᠶᠤ ᠶᠡᠭᠡ ᠪᠠᠷᠢᠯᠭ᠎ᠠ ᠵᠢᠴᠢ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠪᠠᠭᠤᠷᠠᠭᠰᠠᠨ᠂ ᠬᠢᠵᠢᠭ ᠤᠨ ᠪᠠᠶᠢᠳᠠᠯ ᠤᠨ ᠨᠥᠯᠥᠭᠡ ᠵᠡᠷᠭᠡ ᠰᠢᠯᠲᠠᠭᠠᠨ ᠠᠴᠠ ᠪᠣᠯᠵᠤ ᠪᠣᠷᠣᠯᠠᠭᠤᠯᠤᠨ ᠬᠤᠳᠠᠯᠳᠤᠬᠤ ᠳᠤ ᠬᠦᠴᠢᠷᠲᠡᠶ ᠠᠴᠠ ᠪᠤᠯᠵᠦ᠂ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠦᠨᠡᠨᠬᠦ ᠭᠤᠶᠤᠴᠢᠯᠠᠨ ᠬᠡᠷᠡᠭᠯᠡᠬᠦ ᠴᠢᠬᠤᠯᠠ ᠲᠠᠢ ᠪᠣᠯ᠂ 2 —3 ᠬᠢᠵᠠᠭᠠᠷᠯᠠᠬᠤ ᠳᠡᠰ ᠨᠡᠮᠡᠵᠦ ᠪᠣᠯᠤᠨ᠎ᠠ᠂ ᠭᠡᠪᠡᠴᠦ ᠪᠡᠯᠡ ᠮᠥᠩᠭᠦ ᠶᠢᠨ ᠬᠡᠷᠡᠭᠯᠡᠬᠦ ᠬᠠᠷᠢᠴᠠᠯ ᠢ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠳᠠᠪᠠᠭᠤᠯᠵᠤ ᠪᠣᠯᠬᠤ ᠦᠭᠡᠶ᠃   ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠬᠤᠷᠢᠨ ᠬᠤᠶᠠᠳᠤᠭᠠᠷ ᠵᠦᠢᠯ    ⒓ ᠪᠡᠯᠡ ᠮᠥᠩᠭᠦ ᠰᠢᠯᠵᠢᠭᠦᠯᠦᠨ ᠥᠭᠬᠦ    ᠬᠢᠨᠠᠨ ᠬᠠᠮᠢᠶᠠᠷᠬᠤ ᠲᠥᠷᠥᠯ ᠵᠦᠶᠯ ᠤᠨ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ ᠳᠤ ᠬᠠᠳᠠᠭᠠᠯᠠᠭᠰᠠᠨ ᠤ ᠳᠠᠷᠠᠭ᠎ᠠ᠂ ᠬᠡᠷᠪᠡ ᠪᠠᠯᠠ ᠮᠥᠩᠭᠦ ᠶᠢᠨ ᠶᠡᠷᠦᠩᠬᠡᠶ ᠲᠤᠭ᠎ᠠ  ᠨᠢ ᠲᠣᠭᠲᠠᠭᠠᠭᠰᠠᠨ ᠨᠠᠶᠢᠳᠠᠨ ᠬᠠᠮᠢᠶᠠᠷᠤᠭᠤᠯᠬᠤ ᠲᠤᠭ᠎ᠠ ᠬᠡᠮᠵᠢᠶ᠎ᠡ ᠳᠤ ᠬᠦᠷᠦᠭᠰᠡᠨ᠂ ᠨᠠᠶᠢᠳᠠᠨ ᠬᠠᠮᠢᠶᠠᠷᠤᠭᠤᠯᠬᠤ ᠲᠤᠭ᠎ᠠ ᠬᠡᠮᠵᠢᠶ᠎ᠡ ᠠᠴᠠ ᠬᠡᠲᠦᠷᠡᠭᠰᠡᠨ ᠬᠡᠰᠡᠭ ᠪᠠᠶᠢᠪᠠᠯ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠤᠨ ᠬᠡᠯᠪᠡᠷᠢ ᠪᠠᠷ ᠬᠡᠷᠡᠭᠯᠡᠬᠦ ᠭᠤᠶᠤᠴᠢᠯᠠᠯ ᠭᠠᠷᠭᠠᠵᠤ᠂ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠢᠨᠠᠨ ᠬᠠᠮᠢᠶᠠᠷᠬᠤ ᠪᠠᠶᠢᠭᠤᠯᠤᠮᠵᠢ ᠠᠴᠠ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠮᠡᠳᠡᠭᠳᠡᠨ ᠭᠤᠶᠤᠴᠢᠯᠠᠭᠰᠠᠨ ᠪᠠᠯᠠ ᠮᠥᠩᠭᠦ ᠶᠢ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ ᠠᠴᠠ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠪᠠᠶᠢᠭᠤᠯᠤᠭᠰᠠᠨ ᠪᠠᠩᠬᠢ ᠶᠢᠨ ᠲᠠᠩᠰᠠᠨ ᠡᠷᠦᠬᠡ ᠳᠤ ᠰᠢᠯᠵᠢᠭᠦᠯᠦᠨ ᠣᠷᠣᠭᠤᠯᠬᠤ ᠬᠡᠷᠡᠭᠲᠡᠶ᠃︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ  ︵ᠲᠤᠷᠰᠢᠨ ᠬᠡᠷᠡᠭᠵᠢᠭᠦᠯᠬᠦ  ︶︾ ᠤᠨ ᠠᠷᠪᠠ ᠶᠢᠰᠦᠳᠦᠭᠡᠷ ᠵᠦᠢᠯ    ⒔ ᠨᠠᠶᠢᠳᠠᠯᠭ᠎ᠠ ᠶᠢᠨ ᠬᠠᠮᠢᠶᠠᠷᠤᠯᠲᠠ ᠶᠢ ᠳᠠᠭᠤᠰᠬᠠᠬᠤ ᠪᠠ ᠬᠦᠴᠦᠨ ᠦᠭᠡᠢ ᠪᠣᠯᠭᠠᠬᠤ᠃   ᠬᠢᠨᠠᠨ ᠬᠠᠮᠢᠶᠠᠷᠬᠤ ᠲᠥᠷᠥᠯ ᠵᠦᠶᠯ ᠨᠢ ᠥᠯᠥ ᠬᠥᠳᠡᠯᠬᠦ ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠭᠰᠠᠨ ᠤ ᠳᠠᠷᠠᠭ᠎ᠠ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ  ︽ᠬᠢᠨᠠᠨ ᠬᠠᠮᠢᠶᠠᠷᠬᠤ ᠶᠢ ᠵᠣᠭᠰᠣᠭᠠᠬᠤ ᠭᠤᠶᠤᠴᠢᠯᠠᠯ ᠤᠨ ᠪᠢᠴᠢᠭ︾ ᠲᠤᠰᠢᠶᠠᠵᠤ᠂ ᠨᠠᠶᠢᠳᠠᠨ ᠬᠠᠮᠢᠶᠠᠷᠤᠭᠤᠯᠬᠤ ᠲᠠᠩᠰᠠᠨ ᠡᠷᠦᠬᠡ ᠶᠢ ᠬᠦᠴᠦᠨ ᠥᠬᠡᠶ ᠪᠣᠯᠭᠠᠬᠤ ᠪᠠᠷ ᠭᠤᠶᠤᠴᠢᠯᠠᠨ᠎ᠠ᠃ ᠳᠣᠣᠷᠠᠬᠢ ᠮᠠᠲ᠋ᠧᠷᠢᠶᠠᠯ ᠤᠳ ᠢ ᠦᠨᠡᠨ ᠮᠥᠨ ᠢᠶᠠᠷ ᠨᠢ ᠲᠠᠭᠯᠠᠵᠤ᠂ ᠲᠤᠰᠢᠶᠠᠬᠤ ᠶᠢᠨ ᠬᠠᠮᠲᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠄   ︵ᠨᠢᠭᠡ︶ ᠬᠢᠨᠠᠯᠲᠠ ᠬᠠᠮᠢᠶᠠᠷᠤᠯᠲᠠ ᠶᠢ ᠳᠠᠭᠤᠰᠬᠠᠬᠤ ᠭᠤᠶᠤᠴᠢᠯᠠᠯ ᠤᠨ ᠪᠢᠴᠢᠭ᠃   ︵ᠬᠤᠶᠠᠷ︶ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠶᠯ ᠤᠨ ᠥᠯᠥ ᠬᠥᠳᠡᠯᠬᠦ ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠭᠰᠠᠨ ᠭᠡᠷᠡᠴᠢ ᠪᠢᠴᠢᠭ ᠮᠠᠲ᠋ᠧᠷᠢᠶᠠᠯ᠃   ︵ᠭᠤᠷᠪᠠ︶ ᠨᠠᠶᠢᠳᠠᠨ ᠬᠠᠮᠢᠶᠠᠷᠤᠭᠤᠯᠬᠤ ᠲᠠᠩᠰᠠᠨ ᠤ ᠲᠠᠩᠰᠠ ᠬᠠᠷᠭᠤᠭᠤᠯᠬᠤ ᠬᠠᠭᠤᠳᠠᠰᠤ᠃   ︵ᠲᠦᠷᠪᠡ︶ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠵᠢᠴᠢ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠠᠪᠤᠷᠢ᠃   ︵ᠲᠠᠪᠤ  ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠢᠴᠢᠭ ᠮᠠᠲ᠋ᠧᠷᠢᠶᠠᠯ᠃   ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠬᠤ ᠪᠠᠶᠢᠭᠤᠯᠤᠮᠵᠢ ᠨᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠶᠢ ᠳᠠᠭᠤᠰᠬᠠᠬᠤ ᠶᠢ ᠵᠥᠪᠰᠢᠶᠡᠷᠡᠭᠰᠡᠨ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠮᠢᠶᠠᠷᠬᠤ ᠪᠠᠩᠬᠢ ᠳᠤ ︽ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠬᠢᠨᠠᠨ ᠬᠠᠮᠢᠶᠠᠷᠬᠤ ᠶᠢ ᠳᠠᠭᠤᠰᠬᠠᠬᠤ ᠮᠡᠳᠡᠭᠳᠡᠯ ᠤᠨ ᠬᠠᠭᠤᠳᠠᠰᠤ︾ ᠭᠠᠷᠭᠠᠵᠤ ᠥᠭᠭᠦᠨ᠎ᠡ᠃ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠭᠠᠷᠭᠠᠭᠰᠠᠨ ︽ᠲᠠᠸᠠᠷ  ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠬᠢᠨᠠᠨ ᠬᠠᠮᠢᠶᠠᠷᠬᠤ ᠶᠢ ᠵᠣᠭᠰᠣᠭᠠᠬᠤ ᠮᠡᠳᠡᠭᠳᠡᠯ ᠤᠨ ᠬᠠᠭᠤᠳᠠᠰᠤ︾ ᠶᠢ ᠣᠯᠤᠭᠰᠠᠨ ᠤ ᠳᠠᠷᠠᠭ᠎ᠠ᠂ ᠬᠢᠨᠠᠨ ᠬᠠᠮᠢᠶᠠᠷᠬᠤ ᠪᠠᠩᠬᠢ ᠨᠢ ︽ᠠᠷᠠᠳ ᠤᠨ ᠵᠣᠭᠤᠰ  ᠤᠨ ᠪᠠᠩᠬᠢ ᠶᠢᠨ ᠳ᠋ᠦᠩᠨᠡᠨ ᠪᠤᠳᠤᠬᠤ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠠᠩᠰᠠᠨ ᠡᠷᠦᠬᠡ ᠶᠢ ᠬᠦᠴᠦᠨ ᠥᠬᠡᠶ ᠪᠣᠯᠭᠠᠬᠤ ᠭᠠᠷᠳᠠᠮ ᠢ ᠭᠦᠶᠴᠡᠳᠬᠡᠨ᠎ᠡ᠃   ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠵᠣᠭᠰᠣᠭᠠᠬᠤ ᠪᠠᠷ ᠭᠤᠶᠤᠴᠢᠯᠠᠭᠰᠠᠨ ᠢ ᠭᠦᠶᠴᠡᠳᠬᠡᠵᠦ ᠳᠠᠭᠤᠰᠬᠠᠭᠰᠠᠨ ᠤ ᠳᠠᠷᠠᠭ᠎ᠠ᠂ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠵᠢᠴᠢ ᠬᠢᠨᠠᠯᠲᠠ ᠬᠠᠮᠢᠶᠠᠷᠤᠯᠲᠠ ᠶᠢᠨ ᠪᠠᠩᠬᠢ ᠨᠢ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠶ᠃   ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠬᠤᠷᠢᠨ ᠲᠠᠪᠤᠳᠤᠭᠠᠷ ᠵᠦᠢᠯ   ⒕ ᠨᠠᠶᠢᠳᠠᠨ ᠬᠠᠮᠢᠶᠠᠷᠤᠭᠤᠯᠬᠤ ᠬᠠᠷᠢᠭᠤᠴᠠᠯᠭ᠎ᠠ  ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ᠂ ᠬᠢᠨᠠᠨ ᠬᠠᠮᠢᠶᠠᠷᠬᠤ ᠪᠠᠩᠬᠢ ᠨᠢ ᠲᠣᠭᠲᠠᠭᠠᠯ ᠠᠴᠠ ᠵᠥᠷᠢᠴᠡᠭᠰᠡᠨ ᠳᠣᠤᠷᠠᠬᠢ ᠮᠡᠲᠦ ᠦᠶᠯᠡ ᠠᠵᠢᠯᠯᠠᠭ᠎ᠠ ᠶᠢᠨ ᠨᠢᠭᠡ ᠨᠢ ᠪᠠᠶᠢᠬᠤ᠂ ᠡᠰᠡᠬᠦᠯ᠎ᠡ ᠲᠣᠭᠲᠠᠭᠠᠯ ᠠᠴᠠ ᠵᠥᠷᠢᠴᠡᠭᠰᠡᠨ ᠪᠤᠰᠤᠳ ᠦᠶᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ᠨᠠᠶᠢᠳᠠᠨ ᠬᠠᠮᠢᠶᠠᠷᠤᠭᠤᠯᠬᠤ᠂ ᠬᠢᠨᠠᠨ ᠬᠠᠮᠢᠶᠠᠷᠬᠤ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃︵ᠨᠢᠭᠡ︶ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠲᠣᠭᠲᠠᠭᠠᠯ ᠶᠣᠰᠣᠭᠠᠷ ᠨᠠᠶᠢᠳᠠᠨ ᠬᠠᠮᠢᠶᠠᠷᠤᠭᠤᠯᠬᠤ ᠳᠠᠩᠰᠠ ᠡᠷᠦᠭᠡ ᠳᠤ ᠬᠠᠳᠠᠭᠠᠯᠠᠭᠰᠠᠨ ᠦᠭᠡᠢ᠃︵ᠬᠤᠶᠠᠷ︶ ᠬᠢᠨᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠦᠭᠡᠶ ᠪᠠᠷ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠳᠤᠷ᠎ᠠ ᠪᠠᠷ ᠢᠶᠠᠨ ᠰᠠᠯᠭᠠᠨ ᠥᠭᠭᠦᠭᠰᠡᠨ ᠪᠤᠶᠤ ᠳᠠᠪᠠᠭᠤᠯᠤᠨ ᠰᠠᠯᠭᠠᠨ ᠥᠭᠭᠦᠭᠰᠡᠨ᠃︵ᠭᠤᠷᠪᠠ︶ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠳᠤᠷ᠎ᠠ ᠪᠠᠷ ᠢᠶᠠᠨ ᠦᠯᠡᠳᠡᠭᠡᠨ ᠠᠪᠤᠭᠰᠠᠨ᠂ ᠨᠡᠭᠦᠯᠭᠡᠨ ᠬᠡᠷᠡᠭᠯᠡᠭᠰᠡᠨ ᠪᠤᠶᠤ ᠥᠭᠬᠦ ᠪᠠᠨ ᠤᠳᠠᠭᠠᠰᠢᠷᠠᠭᠤᠯᠤᠭᠰᠠᠨ᠃︵ᠲᠦᠷᠪᠡ︶ ᠲᠤᠰ ᠨᠠᠷᠢᠨ ᠲᠦᠷᠢᠮ ᠪᠤᠶᠤ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠬᠡᠯᠡᠯᠴᠡᠭᠡᠷ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃    ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠲᠠᠯᠪᠢᠭᠰᠠᠨ ᠪᠠᠩᠬᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠳᠤ ᠨᠠᠶᠢᠳᠠᠭᠰᠠᠨ ᠵᠢᠭᠡᠯᠡᠯᠭᠡ ᠲᠠᠯᠪᠢᠭᠰᠠᠨ ᠪᠠᠩᠬᠢ ᠨᠢ ᠲᠣᠭᠲᠠᠭᠠᠯ ᠶᠣᠰᠣᠭᠠᠷ ᠵᠢᠭᠡᠯᠡᠯᠭᠡ ᠶᠢᠨ ᠪᠡᠯᠡ ᠮᠥᠩᠭᠦ ᠪᠠᠨ ᠰᠢᠭᠤᠳ ᠨᠠᠶᠢᠳᠠᠨ ᠬᠠᠮᠢᠶᠠᠷᠤᠭᠤᠯᠬᠤ ᠳᠠᠩᠰᠠᠨ ᠳᠤ ᠰᠢᠯᠵᠢᠭᠦᠯᠦᠨ ᠣᠷᠣᠭᠤᠯᠤᠭᠰᠠᠨ ᠦᠭᠡᠶ ᠪᠣᠯ᠂ ᠲᠡᠷᠡ ᠬᠡᠷᠪᠡ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠡᠭᠦᠷᠭᠡᠯᠡᠵᠦ ᠪᠠᠶᠢᠪᠠᠯ᠂ ᠬᠢᠨᠠᠨ ᠬᠠᠮᠢᠶᠠᠷᠬᠤ ᠬᠢᠷᠢ ᠬᠡᠮ ᠢ  ᠨᠢ ᠬᠦᠴᠦᠨ ᠦᠭᠡᠶ ᠪᠣᠯᠭᠠᠨ᠎ᠠ᠃ ᠬᠡᠷᠪᠡ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ  ᠶᠢ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠦᠭᠡᠢ ᠪᠠᠶᠢᠪᠠᠯ᠂ ᠭᠤᠷᠪᠠᠨ ᠵᠢᠯ ᠤᠨ ᠳᠣᠲᠣᠷ᠎ᠠ ᠲᠤᠰ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠬᠤ ᠦᠭᠡᠢ᠃    ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠬᠢᠨᠠᠯᠲᠠ ᠬᠠᠮᠢᠶᠠᠷᠤᠯᠲᠠ ᠶᠢᠨ ᠪᠠᠩᠬᠢ᠂ ᠵᠢᠭᠡᠯᠡᠯᠭᠡ ᠲᠠᠯᠪᠢᠬᠤ ᠪᠠᠩᠬᠢ ᠶᠢ ᠠᠷᠠᠳ ᠤᠨ ᠪᠠᠩᠬᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠭᠤᠷᠪᠠᠳᠠᠬᠢ ᠡᠲᠡᠭᠡᠳ ᠤᠨ ᠨᠠᠶᠢᠳᠠᠨ ᠬᠠᠮᠢᠶᠠᠷᠤᠭᠤᠯᠤᠭᠰᠠᠨ ᠪᠠᠶᠢᠭᠤᠯᠤᠮᠵᠢ ᠳᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠲᠡᠭᠦᠨ ᠲᠠᠢ ᠬᠤᠯᠪᠣᠭᠳᠠᠬᠤ ᠲᠤᠬᠠᠶᠢᠯᠠᠭᠰᠠᠨ ᠠᠵᠢᠯ ᠢ ᠨᠢ ᠲᠦᠷ ᠵᠣᠭᠰᠣᠭᠠᠵᠤ᠂ ᠬᠤᠬᠢᠷᠠᠯ ᠤᠴᠠᠷᠠᠭᠤᠯᠤᠭᠰᠠᠨ ᠪᠠᠶᠢᠪᠠᠯ᠂ ᠪᠠᠰᠠ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃    ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶  ︾ ᠤᠨ ᠭᠤᠴᠢᠳᠤᠭᠠᠷ ᠵᠦᠢᠯ    ︽ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ  ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号