ᠮᠠᠯ ᠪᠡᠯᠴᠢᠭᠡᠷ ᠤᠨ ᠲᠡᠩᠴᠡᠭᠦᠷᠢᠰᠢᠯ ᠢ ᠠᠬᠢᠭᠤᠯᠵᠤ ᠲᠠᠯ᠎ᠠ ᠨᠤᠳᠤᠭ ᠢᠶᠠᠨ ᠦᠨᠢᠳᠡ ᠦᠷᠬᠦᠯᠵᠢᠯᠡᠡ ᠠᠰᠢᠬᠯᠠᠨ᠎ᠠ | | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ 2021 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢᠨ ᠭᠤᠤᠯᠳᠠᠯᠭ᠎ᠠ ᠲᠠᠢ ᠬᠢᠨᠠᠨ ᠵᠥᠪᠯᠡᠬᠦ | ᠵᠦᠢᠯᠡᠰ ᠪᠣᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ︾ ᠢ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠷᠢᠨ ᠳᠣᠯᠣᠳᠤᠭᠠᠷ ᠬᠤᠷᠠᠯ ᠠᠴᠠ ᠪᠠᠲᠤᠯᠠᠵᠦ᠂ 10 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠤᠨ᠎ᠠ᠃ | ᠨᠢᠭᠡ ᠵᠢᠯ ᠭᠠᠷᠤᠶ ᠶᠢᠨ ᠬᠤᠭᠤᠴᠠᠭ᠎ᠠ ᠬᠡᠷᠡᠭᠰᠡᠨ ᠨᠡᠶᠢᠲᠡᠯᠡᠭᠰᠡᠨ ᠡᠨᠡ ᠬᠦ ᠲᠦᠷᠢᠮ ᠨᠢ ᠮᠠᠯ ᠪᠡᠯᠴᠢᠭᠡᠷ ᠤᠨ | ᠲᠡᠩᠴᠡᠬᠦᠷᠢ ᠶᠢ ᠬᠠᠮᠠᠭᠠᠯᠠᠬᠤ ᠳᠤ ᠶᠠᠮᠠᠷ ᠰᠢᠤ ᠦᠢᠯᠡᠳᠦᠯ ᠦᠵᠡᠬᠦᠯᠬᠦ ᠪᠤᠢ︖ | ︽ᠲᠦᠷᠢᠮ︾ ᠢ ᠲᠤᠬᠳᠠᠭᠠᠬᠰᠠᠨ ᠠᠬᠤᠢ ᠪᠠᠶᠢᠳᠠᠯ ᠲᠠᠯ᠎ᠠ ᠨᠤᠲᠤᠭ ᠪᠣᠯ ᠥᠪᠥᠷ ᠮᠣᠩᠭᠤᠯ ᠤᠨ ᠬᠠᠮᠤᠭ ᠤᠨ | ᠶᠡᠭᠡ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠪᠠ ᠪᠠᠶᠢᠭᠠᠯᠢ ᠶᠢᠨ ᠡᠬᠢ ᠪᠠᠶᠠᠯᠢᠭ ᠮᠥᠨ᠂ ᠪᠠᠰᠠ ᠴᠤ ᠮᠠᠯ | ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠪᠣᠳᠠᠰ ᠤᠨ ᠰᠠᠭᠤᠷᠢ ᠪᠠᠶᠢᠵᠤ᠂ ᠮᠠᠯᠴᠢᠨ ᠲᠦᠮᠡᠨ ᠤ ᠣᠷᠣᠰᠢᠨ | ᠠᠮᠢᠳᠤᠷᠠᠬᠤ ᠦᠨᠳᠦᠰᠦᠨ ᠦᠶ᠋ᠯᠡᠳᠪᠦᠷᠢᠯᠡᠯ ᠤᠨ ᠬᠡᠷᠡᠭᠰᠡᠯ ᠪᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢ | ᠰᠠᠶᠢᠲᠤᠷ ᠬᠠᠮᠠᠭᠠᠯᠠᠬᠤ ᠨᠢ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠵᠤ᠂ ᠡᠬᠡ ᠤᠯᠤᠰ ᠤᠨ | ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠴᠤᠬᠴᠠᠯᠠᠵᠤ᠂ ᠲᠠᠷᠢᠶᠠᠯᠠᠩ ᠮᠠᠯ ᠠᠵᠤ | ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠳᠤ ᠴᠢᠬᠤᠯᠠ ᠦᠶ᠋ᠯᠡᠳᠦᠯ ᠲᠠᠢ ᠶᠤᠮ᠃ ᠶᠡᠷᠦᠩᠬᠡᠢ | ᠱᠦᠵᠢ ᠰᠢ ᠶᠢᠨ ᠫᠢᠩ ᠪᠦᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠨᠤᠲᠤᠭ ᠪᠡᠯᠴᠢᠭᠡᠷ᠂ ᠤᠢ ᠰᠢᠭᠤᠢ ᠶᠢ ᠬᠠᠮᠠᠭᠠᠯᠠᠬᠤ ᠪᠣᠯ | ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠮᠥᠨ᠃ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ | ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠵᠤ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠲᠠᠭᠠᠭᠠᠮᠠᠭᠠᠢ ᠴᠢᠨᠠᠷ ᠢ | ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ︾ ᠢ | ᠲᠣᠭᠲᠠᠭᠠᠬᠤ ᠪᠣᠯ ᠮᠠᠨ ᠤ ᠣᠷᠣᠨ ᠤ ᠶᠡᠷᠦᠩᠭᠡᠢ ᠱᠦᠵᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ | ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠬᠦᠴᠦᠲᠡᠶ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠤᠨ᠎ᠠ᠃ | ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠶᠢ ᠴᠠᠭᠠᠵᠠᠯᠠᠬᠤ ᠪᠠ ᠮᠠᠯ ᠪᠡᠯᠴᠢᠭᠡᠷ ᠢ | ᠲᠡᠩᠴᠡᠭᠦᠷᠢᠰᠢᠬᠦᠯᠬᠦ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠰᠢᠷᠢᠰ ᠲᠣᠭᠲᠠᠭᠠᠯ ᠢ ᠨᠡᠶᠢᠲᠡᠯᠡᠵᠦ᠂ ᠮᠠᠯ | ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ | ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠠᠵᠢᠯ ᠢᠳᠡᠪᠬᠢᠲᠡᠶ ᠦᠷ᠎ᠡ ᠪᠦᠲᠦᠭᠡᠯ | ᠣᠯᠪᠠ᠃ ᠭᠡᠪᠡᠴᠦ ᠣᠯᠠᠨ ᠵᠦᠶ᠋ᠯ ᠤᠨ ᠬᠦᠴᠦᠨ ᠵᠦᠶ᠋ᠯ ᠤᠨ ᠨᠥᠯᠥᠭᠡ ᠠᠴᠠ ᠪᠣᠯᠵᠣ᠂ ᠨᠤᠲᠤᠭ ᠪᠡᠯᠴᠢᠭᠡᠷ ᠤᠨ | ᠳᠠᠭᠠᠭᠠᠴᠠ ᠲᠠᠰᠤᠷᠠᠯᠲᠠ ᠥᠬᠡᠶ ᠨᠡᠮᠡᠭᠳᠡᠵᠦ᠂ ᠳᠠᠭᠠᠭᠠᠴᠠ ᠠᠴᠠ ᠬᠡᠲᠦᠷᠡᠭᠰᠡᠨ ᠮᠠᠯᠵᠢᠬᠤ ᠶᠢ ᠬᠤᠷᠢᠬᠯᠠᠨ | ᠵᠣᠭᠰᠣᠭᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠢ ᠠᠰᠢᠬᠯᠠᠬᠤ ᠠᠰᠠᠭᠤᠳᠠᠯ ᠢ ᠪᠠᠴᠢᠮ | ᠰᠢᠢᠳᠪᠤᠷᠢᠯᠡᠬᠦ ᠴᠢᠬᠤᠯᠠᠳᠠᠢ ᠪᠤᠯᠵᠠᠢ᠃ ᠡᠭᠦᠨ ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠬᠦᠨ ᠮᠠᠯᠵᠢᠬᠤ | ᠲᠦᠷᠢᠮ︾ ᠤᠨ ᠬᠠᠤᠯᠢ ᠲᠣᠭᠲᠠᠭᠠᠬᠤ ᠳᠠᠷᠠᠭᠠᠯᠠᠯ ᠢ ᠡᠬᠢᠯᠡᠭᠦᠯᠵᠦ᠂ ᠬᠠᠤᠯᠢ ᠲᠣᠭᠲᠠᠭᠠᠬᠤ ᠪᠠᠷ ᠳᠠᠮᠵᠢᠭᠤᠯᠤᠨ | ᠨᠤᠲᠤᠭ ᠪᠡᠯᠴᠢᠭᠡᠷ ᠢ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠶᠢᠨ ᠠᠮᠢ ᠠᠬᠤᠶ ᠶᠢ | ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠰᠠᠨ ᠭᠦᠭᠵᠢᠯᠳᠠ ᠶᠢ | ᠠᠬᠢᠭᠤᠯᠪᠠ᠃ | ︽ᠲᠦᠷᠢᠮ︾ ᠤᠨ ᠬᠢᠯᠡᠰ ᠴᠡᠭ ᠲᠣᠰ ᠲᠦᠷᠢᠮ ᠨᠢ ᠨᠡᠶᠢᠲᠡ 38 ᠵᠦᠶ᠋ᠯ ᠪᠠᠶᠢᠵᠤ᠂ ᠮᠠᠯ ᠪᠡᠯᠴᠢᠭᠡᠷ ᠢ | ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠬᠦᠨ ᠮᠠᠯᠵᠢᠬᠤ ᠠᠵᠢᠯ ᠤᠨ ᠵᠠᠷᠴᠢᠮ᠂ ᠨᠥᠬᠦᠪᠥᠷᠢ ᠥᠭᠬᠦ | ᠲᠣᠭᠲᠠᠴᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠴᠠ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠣᠯᠭᠤᠬᠤ ᠵᠢᠴᠢ ᠬᠤᠯᠪᠣᠭᠳᠠᠯ ᠪᠥᠬᠦᠶ ᠬᠠᠤᠯᠢ | ᠴᠠᠭᠠᠵᠠ ᠶᠢᠨ ᠬᠠᠷᠢᠭᠤᠴᠠᠯᠭ᠎ᠠ ᠵᠡᠷᠭᠡ ᠲᠠᠯ᠎ᠠ ᠶᠢᠨ ᠠᠭᠤᠯᠭ᠎ᠠ ᠶᠢ ᠲᠣᠭᠲᠠᠭᠠᠵᠠᠶ᠃ ᠭᠤᠣᠯᠳᠠᠭᠤ᠄ ᠮᠠᠯ ᠪᠡᠯᠴᠢᠭᠡᠷ ᠢ | ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠬᠦᠨ ᠮᠠᠯᠵᠢᠬᠤ ᠠᠵᠢᠯ ᠤᠨ ᠤᠳᠤᠷᠢᠳᠤᠮᠵᠢ᠂ ᠬᠠᠷᠠᠯᠲᠠ᠂ | ᠴᠢᠭᠯᠡᠯᠲᠡ ᠪᠣᠯᠤᠨ ᠵᠠᠷᠴᠢᠮ ᠤᠨ ᠲᠤᠬᠠᠶ ᠲᠣᠭᠲᠠᠭᠠᠯ︔ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠡᠶᠡᠴᠢ | ᠴᠣᠭᠴᠠ ᠶᠢᠨ ᠲᠤᠬᠠᠶ ᠲᠣᠭᠲᠠᠭᠠᠯ︔ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ | ᠰᠡᠯᠬᠦᠨ ᠮᠠᠯᠵᠢᠬᠤ ᠣᠯᠠᠨ ᠡᠰᠢᠵᠢᠭᠰᠡᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠬᠤ ᠲᠤᠬᠠᠶ ᠲᠣᠭᠲᠠᠭᠠᠯ︔ ᠮᠠᠯ | ᠪᠡᠯᠴᠢᠭᠡᠷ ᠢ ᠲᠡᠩᠴᠡᠭᠦᠷᠢᠰᠢᠬᠦᠯᠬᠦ ᠣᠷᠣᠨ᠂ ᠮᠠᠯᠵᠢᠬᠤ ᠶᠢ ᠴᠠᠭᠠᠵᠠᠯᠠᠬᠤ ᠣᠷᠣᠨ᠂ ᠰᠡᠯᠭᠦᠨ ᠮᠠᠯᠵᠢᠬᠤ ᠣᠷᠣᠨ ᠢ | ᠲᠣᠭᠲᠠᠭᠠᠬᠤ ᠲᠤᠬᠠᠶ ᠲᠤᠬᠳᠠᠭᠠᠯ︔ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠪᠠ ᠮᠠᠯᠵᠢᠬᠤ ᠶᠢ ᠴᠠᠭᠠᠵᠠᠯᠠᠵᠤ ᠰᠡᠯᠬᠦᠨ | ᠮᠠᠯᠵᠢᠬᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠬᠤ | ᠲᠤᠬᠠᠶ ᠲᠣᠭᠲᠠᠭᠠᠯ︔ ᠤᠢ ︵ᠨᠤᠲᠤᠭ︶ ᠶᠢᠨ ᠳᠠᠷᠤᠭ᠎ᠠ ᠶᠢᠨ ᠳᠦ᠋ᠷᠢᠮ ᠢ ᠨᠠᠶᠢᠳᠠᠪᠤᠷᠢᠵᠢᠭᠤᠯᠬᠤ ᠲᠤᠬᠠᠶ ᠲᠣᠭᠲᠠᠭᠠᠯ | ︔ ᠮᠡᠯ ᠤᠨ ᠲᠤᠭ᠎ᠠ ᠬᠡᠮᠵᠢᠶ᠎ᠡ ᠶᠢ ᠬᠢᠨᠠᠨ ᠲᠣᠭᠲᠠᠭᠠᠬᠤ ᠲᠤᠬᠠᠶ ᠲᠣᠭᠲᠠᠭᠠᠯ︔ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠣᠯᠭᠤᠬᠤ ᠲᠤᠬᠠᠶ ᠲᠣᠭᠲᠠᠭᠠᠯ︔ ᠬᠠᠤᠯᠢ | ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠶ ᠲᠣᠭᠲᠠᠭᠠᠯ ᠵᠡᠷᠭᠡ ᠶᠢ ᠪᠠᠭᠳᠠᠭᠠᠪᠠ᠃ ᠲᠤᠰ ᠳᠦᠷᠢᠮ ᠤᠨ ᠬᠠᠮᠤᠭ ᠤᠨ | ᠬᠦᠮᠦᠰ ᠤᠨ ᠠᠩᠬᠠᠷᠤᠯ ᠢ ᠲᠠᠳᠠᠬᠤ ᠨᠢ ᠨᠤᠲᠤᠭ ᠪᠡᠯᠴᠢᠭᠡᠷ ᠢ ᠬᠡᠷᠡᠭᠯᠡᠭᠴᠢ᠂ ᠳᠠᠭᠠᠭᠠᠴᠢᠯᠠᠨ ᠡᠵᠡᠩᠨᠡᠭᠴᠢ ᠪᠣᠯ | ᠨᠤᠲᠤᠭ ᠪᠡᠯᠴᠢᠭᠡᠷ ᠢ ᠬᠠᠮᠠᠭᠠᠯᠠᠬᠤ ᠭᠤᠣᠯ ᠴᠣᠭᠴᠠ ᠪᠣᠯᠬᠤ ᠶᠢ ᠲᠣᠳᠣᠷᠬᠠᠶᠢᠯᠠᠵᠤ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ᠂ ᠬᠥᠳᠡᠯᠦᠩᠭᠦᠶ ᠪᠠᠷ ᠲᠡᠩᠴᠡᠭᠦᠷᠢᠲᠡᠶ ᠪᠠᠶᠢᠯᠭᠠᠬᠤ ᠶᠢ ᠬᠡᠷᠡᠭᠵᠢᠭᠦᠯᠬᠦ ᠶᠠᠪᠤᠳᠠᠯ | ᠪᠣᠯᠤᠨ᠎ᠠ᠃ ᠲᠦᠷᠢᠮ ᠢ ᠲᠣᠭᠲᠠᠭᠠᠬᠤ ᠳᠠᠭᠠᠨ ᠮᠠᠨ ᠤ ᠤᠷᠤᠨ ᠤ ᠪᠣᠳᠠᠲᠤ ᠪᠠᠶᠢᠳᠠᠯ ᠢ ᠭᠦᠶ᠋ᠴᠡᠳ ᠪᠣᠳᠣᠯᠬᠢᠯᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠣᠳᠠᠲᠠᠶ ᠠᠰᠠᠭᠤᠳᠠᠯ ᠢ ᠲᠣᠪᠤᠶᠢᠮ᠎ᠠ ᠰᠠᠶᠢᠲᠤᠷ | ᠰᠢᠶ᠋ᠳᠪᠦᠷᠢᠯᠡᠵᠦ᠂ ᠠᠮᠢ ᠠᠬᠤᠶ᠂ ᠦᠶ᠋ᠯᠡᠳᠪᠦᠷᠢᠯᠡᠯ᠂ ᠠᠮᠢᠳᠤᠷᠠᠯ ᠤᠨ ᠬᠠᠷᠢᠴᠠᠭ᠎ᠠ ᠶᠢ ᠵᠤᠬᠢᠰᠳᠠᠢ ᠰᠢᠶ᠋ᠳᠪᠦᠷᠢᠯᠡᠨ᠂ | ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ ᠬᠢᠭᠡᠳ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠪᠡ᠃ | ᠵᠢᠱᠢᠶᠡᠯᠡᠪᠡᠯ᠂ ᠬᠥᠮᠦᠨ ᠪᠦᠷᠢ ᠶᠢᠨ ᠳᠤᠮᠳᠠᠴᠢ ᠬᠠᠳᠤᠯᠠᠩ ᠪᠡᠯᠴᠢᠭᠡᠷ ᠤᠨ ᠲᠠᠯᠠᠪᠠᠶ ᠶᠢᠨ ᠶᠡᠭᠡ ᠪᠠᠭ᠎ᠠ ᠵᠡᠷᠭᠡ | ᠪᠣᠳᠠᠲᠠᠶ ᠬᠦᠴᠦᠨ ᠵᠦᠢᠯ ᠢ ᠪᠣᠳᠣᠯᠬᠢᠯᠠᠵᠦ᠂ ᠳᠦᠷᠢᠮ ᠳᠤ ︽ᠬᠥᠮᠦᠨ ᠳᠤᠮᠳᠠᠴᠢ ᠶᠢᠨ ᠨᠤᠳᠤᠭ ᠪᠡᠯᠴᠢᠭᠡᠷ ᠤᠨ | ᠲᠠᠯᠠᠪᠠᠶ ᠨᠢ ᠪᠠᠭ᠎ᠠ ᠪᠠᠶᠢᠢᠬᠤ ᠭᠠᠵᠠᠷ ᠣᠷᠣᠨ ᠳᠤ ᠨᠦᠬᠦᠪᠦᠷᠢ ᠤᠯᠭᠤᠨ ᠱᠠᠩᠨᠠᠬᠤ ᠪᠠᠷᠢᠮᠵᠢᠶ᠎ᠠ ᠪᠠᠨ ᠵᠣᠬᠢᠰᠲᠠᠶ | ᠳᠡᠭᠡᠭᠰᠢᠯᠡᠭᠦᠯᠵᠦ ᠪᠣᠯᠤᠨ᠎ᠠ︾ ᠭᠡᠵᠦ ᠲᠣᠭᠲᠠᠭᠠᠭᠰᠠᠨ ᠪᠦᠭᠡᠳ ︽ᠨᠥᠬᠦᠴᠡᠯ ᠲᠠᠢ ᠭᠠᠵᠠᠷ ᠣᠷᠣᠨ ᠢ | ᠵᠣᠷᠢᠭᠵᠢᠭᠤᠯᠵᠤ ᠨᠤᠳᠤᠭ ᠪᠡᠯᠴᠢᠭᠡᠷ ᠤᠨ ᠲᠠᠯᠠᠪᠠᠶ ᠨᠢ ᠪᠠᠭ᠎ᠠ᠂ ᠣᠷᠣᠯᠭ᠎ᠠ ᠨᠢ ᠳᠣᠣᠷ᠎ᠠ ᠮᠠᠯᠴᠢᠳ ᠲᠤ ᠲᠤᠬᠠᠶ ᠶᠢᠨ | ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠦᠭᠡᠶ ᠨᠥᠬᠦᠪᠥᠷᠢ ᠶᠢᠨ | ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︾ ᠭᠡᠵᠦ ᠲᠣᠭᠲᠠᠭᠠᠪᠠ᠃ ᠡᠭᠦᠨ ᠤ ᠬᠠᠮᠲᠤ᠂ ᠲᠦᠷᠢᠮ ᠳᠤ ᠳᠠᠭᠠᠭᠠᠴᠠ ᠠᠴᠠ | ᠬᠡᠲᠦᠷᠡᠭᠦᠯᠦᠨ ᠮᠠᠯ ᠮᠠᠯᠵᠢᠬᠤ ᠪᠠ ᠮᠠᠯᠵᠢᠬᠤ ᠶᠢ ᠴᠠᠭᠠᠵᠠᠯᠠᠬᠤ ᠣᠷᠣᠨ ᠳᠤ ᠮᠠᠯ ᠮᠠᠯᠵᠢᠬᠤ ᠦᠶ᠋ᠯᠡ ᠠᠵᠢᠯᠯᠠᠭ᠎ᠠ ᠶᠢ | ᠰᠢᠢᠳᠬᠡᠬᠦ ᠡᠷᠴᠢᠮ ᠢᠶᠠᠨ ᠴᠢᠩᠭᠠᠷᠠᠭᠤᠯᠪᠠ᠃ ᠬᠢᠨᠠᠨ ᠲᠣᠭᠲᠠᠭᠠᠭᠰᠠᠨ ᠪᠡᠯᠴᠢᠭᠡᠷ ᠤᠨ ᠲᠠᠭᠠᠭᠠᠴᠠ ᠠᠴᠠ ᠬᠡᠲᠦᠷᠡᠲᠡᠯ᠎ᠡ | ᠮᠠᠯ ᠮᠠᠯᠵᠢᠭᠰᠠᠨ ᠪᠠ ᠮᠠᠯᠵᠢᠬᠤ ᠶᠢ ᠴᠠᠭᠠᠵᠠᠯᠠᠬᠤ ᠣᠷᠣᠨ ᠪᠤᠶᠤ ᠰᠡᠯᠬᠦᠨ ᠮᠠᠯᠵᠢᠬᠤ ᠬᠤᠭᠤᠴᠠᠭᠠᠨ ᠳᠤ ᠮᠠᠯ | ᠮᠠᠯᠵᠢᠭᠰᠠᠨ ᠪᠣᠯ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠵᠦᠪᠯᠡᠯ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ | ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠥᠬᠡᠶ ᠪᠠᠶᠢᠪᠠᠯ᠂ ᠲᠤᠰ ᠲᠤᠰ ᠳᠠᠭᠠᠭᠠᠴᠠ ᠠᠴᠠ | ᠬᠡᠲᠦᠷᠡᠭᠰᠡᠨ ᠬᠤᠨᠢᠴᠢᠯᠠᠬᠰᠠᠨ ᠨᠢᠭᠡᠴᠢ ᠪᠠᠷ ᠨᠢᠭᠡᠴᠢ ᠪᠦᠷᠢ ᠶᠢ 100 ᠲᠥᠭᠦᠷᠢᠭ ᠢᠶᠠᠷ ᠲᠣᠷᠭᠠᠬᠤ ᠪᠠ ᠬᠠᠤᠯᠢ ᠠᠴᠠ | ᠵᠥᠷᠢᠴᠡᠨ ᠪᠡᠯᠴᠢᠬᠡᠷᠯᠡᠬᠦᠯᠦᠭᠰᠡᠨ ᠮᠠᠯ ᠤᠨᠤᠭ᠎ᠠ ᠳᠤ ᠬᠤᠨᠢᠴᠢᠯᠠᠬᠰᠠᠨ ᠨᠢᠭᠡᠴᠢ ᠪᠠᠷ ᠨᠢᠭᠡᠴᠢ ᠪᠦᠷᠢ ᠶᠢ 120 | ᠲᠥᠭᠦᠷᠢᠭ ᠢᠶᠠᠷ ᠲᠣᠷᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠪᠠᠯᠠ ᠮᠥᠩᠭᠦ ᠳᠤ ᠱᠠᠩᠨᠠᠬᠤ ᠪᠠ ᠰᠢᠢᠳᠬᠡᠬᠦ ᠶᠢ ᠵᠡᠷᠭᠡ ᠪᠠᠷ ᠬᠡᠷᠡᠭᠵᠢᠭᠦᠯᠬᠦ ᠲᠣᠭᠲᠠᠴᠠ ᠶᠢ ᠪᠠᠶᠢᠭᠤᠯᠪᠠ᠃ ᠲᠦᠷᠢᠮ ᠢ | ᠲᠣᠭᠲᠠᠭᠠᠬᠤ ᠶᠠᠪᠤᠴᠠ ᠳᠤ ᠠᠮᠢ ᠠᠬᠤᠶ ᠶᠢ ᠤᠷᠢᠳ ᠢᠶᠠᠷ ᠪᠣᠳᠣᠯᠬᠢᠯᠠᠵᠦ᠂ ᠪᠣᠬᠢᠷᠲᠤᠯ ᠥᠬᠡᠶ ᠬᠥᠭᠵᠢᠭᠦᠯᠬᠦ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠᠷ ᠬᠠᠷᠠᠯᠲᠠ | ᠪᠣᠯᠭᠠᠵᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠬᠤ ᠪᠠᠷ ᠨᠤᠲᠤᠭ | ᠪᠡᠯᠴᠢᠭᠡᠷ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ | ᠠᠰᠠᠭᠤᠳᠠᠯ ᠳᠤ ᠬᠠᠷᠢᠭᠤᠯᠲᠠ ᠥᠭᠪᠡ᠃ | ᠲᠤᠰ ᠲᠦᠷᠢᠮ ᠨᠢ ᠮᠠᠨ ᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠨᠤᠲᠤᠭ | ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠬᠯᠠᠬᠤ ᠶᠢ ᠪᠡᠶᠡᠯᠡᠭᠦᠯᠬᠦ ᠳᠤ ᠬᠠᠤᠯᠢᠵᠢᠯ ᠤᠨ ᠬᠤᠷᠴᠠ | ᠵᠡᠪᠰᠡᠭ ᠨᠡᠮᠡᠷᠢᠯᠡᠭᠰᠡᠨ ᠪᠠᠶᠢᠨ᠎ᠠ᠃ |