ᠣᠶᠣᠳᠠᠳ ᠢᠶᠠᠨ ᠱᠠᠩᠨᠠᠨ ᠵᠤᠷᠢᠭᠵᠢᠭᠤᠯᠪᠠ
ᠨᠡᠶᠢᠲᠡᠯᠡᠭᠰᠡᠨ ᠴᠠᠭ᠄
2021/8/25
           ᠣᠶᠣᠳᠠᠳ ᠢᠶᠠᠨ ᠱᠠᠩᠨᠠᠨ ᠵᠤᠷᠢᠭᠵᠢᠭᠤᠯᠪᠠ        ᠥᠩᠰᠢᠭ ᠨᠠᠮᠣᠷ ᠤᠨ ᠣᠯᠠᠷᠢᠯ ᠲᠠᠢ ᠵᠡᠷᠭᠡᠴᠡᠨ᠂ ᠬᠦᠳᠡᠭᠡ ᠨᠣᠳᠤᠭ ᠠᠴᠠ ᠪᠠᠨ ᠶᠡᠭᠡ ᠰᠣᠷᠭᠠᠭᠤᠯᠢ ᠶᠢᠨ ᠠᠶᠠᠨ  ᠳᠤ ᠪᠠᠨ ᠮᠣᠷᠳᠠᠵᠣ ᠪᠠᠶᠢᠭ᠎ᠠ ᠣᠶᠣᠳᠠᠳ ᠢᠶᠠᠨ ᠣᠷᠮᠠᠰᠢᠭᠤᠯᠬᠤ ᠡᠬᠦᠳᠡᠨ ᠠᠴᠠ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠪᠤᠯᠠᠭᠠᠨ ᠭᠠᠴᠠᠭ᠎ᠠ᠂ ᠣᠯᠭᠠᠨ ᠬᠠᠭᠠᠯᠭ᠎ᠠ  ᠰᠣᠮᠣᠨ ᠤ ᠲᠠᠪᠣᠰᠣᠳᠣ ᠭᠠᠴᠠᠭ᠎ᠠ ᠨᠢ ᠤᠷᠴᠢᠮᠬᠠᠨ ᠣᠶᠣᠳᠠᠳ ᠢᠶᠠᠨ ᠱᠠᠩᠨᠠᠨ  ᠵᠣᠷᠢᠭᠵᠢᠭᠤᠯᠬᠤ ᠠᠵᠢᠯᠯᠠᠭ᠎ᠠ ᠥᠷᠨᠢᠭᠦᠯᠦᠯ᠎ᠡ᠃     ᠪᠠᠷᠠᠭᠤᠨ ᠦᠵᠦᠮᠦᠴᠢᠨ ᠬᠤᠰᠢᠭᠤᠨ ᠤ  ᠪᠠᠶᠠᠨᠬᠤᠰᠢᠭᠤ ᠰᠣᠮᠣᠨ ᠤ ᠪᠣᠯᠠᠭᠠᠨ ᠭᠠᠴᠠᠭᠠᠨ ᠤ ᠨᠠᠮ ᠤᠨ ᠡᠭᠦᠷ᠂ ᠭᠠᠴᠠᠭᠠᠨ ᠵᠦᠪᠯᠡᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠦᠪᠯᠡᠯ   ᠨᠢ ᠬᠠᠮᠲᠤᠷᠠᠨ᠂ ᠭᠠᠴᠠᠭᠠᠨ ᠤ ᠪᠠᠨ ᠬᠦᠳᠡᠯᠭᠡᠭᠡᠨ ᠤ ᠪᠠᠨ ᠲᠦᠪ ᠲᠤ ᠬᠤᠷᠠᠯ ᠬᠤᠷᠠᠯᠳᠤᠭᠤᠯᠵᠤ᠂ ᠤᠶᠤᠳᠠᠳ ᠤᠨ ᠭᠡᠷ ᠤᠨ ᠠᠬᠠᠮᠠᠳ ᠪᠠ ᠭᠡᠰᠡᠭ ᠮᠠᠯᠴᠢᠳ ᠢ ᠤᠷᠤᠯᠴᠠᠭᠤᠯᠤᠨ ᠤᠶᠤᠳᠠᠳ ᠢᠶᠠᠨ ᠵᠣᠷᠢᠭᠵᠢᠭᠤᠯᠬᠤ ᠠᠵᠢᠯᠯᠯᠠᠭ᠎ᠠ  ᠥᠷᠨᠢᠭᠦᠯᠵᠦ᠂ ᠭᠠᠴᠠᠭᠠᠨ ᠤ ᠪᠠᠨ ᠤᠯᠤᠰ ᠤᠨ ᠨᠢᠭᠡᠳᠦᠯᠲᠠᠢ ᠰᠢᠯᠭᠠᠯᠲᠠ ᠪᠠᠷ ᠳᠠᠮᠵᠢᠭᠠᠳ ᠶᠡᠭᠡ ᠰᠤᠷᠭᠠᠭᠤᠯᠢ ᠳᠤ ᠰᠢᠯᠭᠠᠨ ᠤᠷᠤᠭᠰᠠᠨ ᠬᠤᠷᠸ᠎ᠠ ᠵᠡᠷᠭᠡ 4 ᠨᠡᠷ᠎ᠡ ᠣᠶᠣᠳᠠᠨ ᠢᠶᠠᠨ ᠠᠷᠠᠳ ᠤᠨ ᠵᠤᠭᠤᠰ 1000 ᠲᠦᠭᠦᠷᠢᠭ ᠢᠶᠠᠷ ᠱᠠᠩᠨᠠᠨ ᠵᠤᠷᠢᠭᠵᠢᠭᠤᠯᠵᠤ᠂ ᠡᠳᠡᠭᠡᠷ ᠤᠶᠤᠳᠠᠳ ᠤᠨ ᠠᠮᠢᠳᠤᠷᠠᠯ ᠰᠤᠷᠤᠯᠭ᠎ᠠ ᠳᠤ ᠨᠢ ᠲᠤᠰᠠ ᠪᠤᠯᠭᠠᠨ ᠬᠤᠶᠢᠰᠢᠲᠠ ᠶᠢᠨ ᠰᠤᠷᠤᠯᠭ᠎ᠠ ᠬᠢᠴᠢᠶᠡᠯ ᠳᠡᠭᠡᠨ ᠰᠢᠮᠳᠠᠬᠤ ᠤᠷᠮ᠎ᠠ ᠵᠤᠷᠢᠭ  ᠢ ᠨᠢ ᠬᠦᠪᠴᠢᠯᠡᠵᠡᠢ᠃ ᠪᠠᠰᠠ ᠭᠠᠴᠠᠭᠠᠨ ᠤ ᠨᠠᠮ ᠤᠨ ᠡᠭᠦᠷ᠂ ᠭᠠᠴᠠᠭᠠᠨ ᠵᠦᠪᠯᠡᠯ ᠤᠨ ᠬᠠᠷᠢᠭᠤᠴᠠᠯᠭᠠᠲᠠᠨ ᠠᠴᠠ ᠡᠳᠡᠭᠡᠷ ᠤᠶᠤᠳᠠᠳ ᠲᠤ ᠪᠠᠨ ᠴᠢᠷᠮᠠᠶᠢᠨ ᠰᠤᠷᠤᠯᠴᠠᠵᠤ᠂ ᠡᠬᠡ ᠤᠯᠤᠰ ᠠᠷᠠᠳ ᠲᠦᠮᠡᠨ ᠳᠡᠭᠡᠨ ᠬᠡᠷᠡᠭᠴᠡᠭᠡᠲᠡᠢ ᠬᠦᠮᠦᠨ ᠪᠤᠯᠤᠨ ᠬᠦᠮᠦᠵᠢᠭᠳᠡᠬᠦ ᠶᠢ ᠱᠠᠭᠠᠷᠳᠠᠬᠤ ᠶᠢᠨ ᠬᠠᠮᠲᠤ ᠰᠠᠶᠢᠨ ᠰᠠᠶᠢᠬᠠᠨ ᠵᠦᠩᠨᠡᠯ ᠪᠡᠯᠭᠡᠳᠡᠯ ᠢᠶᠠᠨ ᠳᠡᠪᠰᠢᠭᠦᠯᠦᠭᠰᠡᠨ ᠪᠠᠶᠢᠨ᠎ᠠ᠃    ᠬᠤᠷᠠᠯ ᠳᠤ ᠤᠷᠤᠯᠴᠠᠭᠰᠠᠨ ᠭᠡᠷ ᠤᠨ ᠠᠬᠠᠮᠠᠳ ᠪᠤᠯᠤᠨ ᠤᠶᠤᠳᠠᠳ ᠴᠤ ᠭᠠᠴᠠᠭᠠᠨ ᠤ ᠨᠠᠮ ᠤᠨ ᠡᠭᠦᠷ᠂ ᠭᠠᠴᠠᠭᠠᠨ  ᠤ ᠵᠦᠪᠯᠡᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠦᠪᠯᠡᠯ ᠠᠴᠠ ᠤᠯᠤᠭᠰᠠᠨ ᠬᠠᠯᠠᠮᠵᠢᠯᠠᠯ ᠵᠤᠷᠢᠭᠵᠢᠭᠤᠯᠤᠯ ᠳᠤ ᠲᠠᠯᠠᠷᠬᠠᠵᠤ ᠬᠢᠴᠢᠶᠡᠯ ᠰᠤᠷᠤᠯᠭ᠎ᠠ   ᠳᠠᠭᠠᠨ ᠴᠢᠷᠮᠠᠶᠢᠨ ᠨᠤᠲᠤᠭ ᠤᠰᠤᠨ ᠤ ᠵᠤᠬᠢᠶᠠᠨ ᠪᠠᠶᠢᠭᠤᠯᠤᠯᠳᠠ ᠪᠠ ᠮᠠᠯᠴᠢᠨ ᠲᠦᠮᠡᠨ  ᠤ ᠢᠳᠡᠭᠡᠯ ᠬᠦᠰᠡᠯ ᠢ ᠬᠦᠰᠡᠷᠳᠡᠭᠦᠯᠬᠦ ᠦᠭᠡᠢ ᠪᠠᠷ ᠴᠢᠷᠮᠠᠶᠢᠬᠤ ᠢᠳᠡᠭᠡᠯ ᠵᠤᠷᠢᠭ ᠢᠶᠠᠨ ᠢᠯᠡᠷᠬᠡᠶᠢᠯᠡᠭᠰᠡᠨ ᠪᠠᠶᠢᠨ᠎ᠠ᠃     ᠨᠠᠮᠤᠷ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠵᠦ  ᠪᠠᠶᠢᠭ᠎ᠠ ᠡᠨᠡᠬᠦ ᠲᠠᠰᠢᠷᠠᠮ ᠳᠤ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨ ᠬᠠᠭᠠᠯᠭ᠎ᠠ ᠰᠤᠮᠤᠨ ᠤ ᠳᠠᠪᠤᠰᠤᠲᠤ  ᠭᠠᠴᠠᠭᠠᠨ ᠤ ᠨᠠᠮ ᠤᠨ ᠡᠭᠦᠷ᠂ ᠭᠠᠴᠠᠭᠠᠨ ᠵᠦᠪᠯᠡᠯ ᠨᠢ  8 ᠰᠠᠷ᠎ᠠ ᠶᠢᠨ 21 ᠤ ᠡᠳᠦᠷ᠂ 2019 ᠤᠨ᠂ 2020 ᠣᠨ᠂ 2021 ᠤᠨ ᠳᠤ ᠤᠯᠤᠰ ᠤᠨ ᠨᠢᠭᠡᠳᠦᠯᠲᠠᠢ ᠰᠢᠯᠭᠠᠯᠲᠠ  ᠪᠠᠷ ᠳᠠᠮᠵᠢᠭᠠᠳ ᠶᠡᠭᠡ ᠰᠤᠷᠭᠠᠭᠤᠯᠢ ᠳᠤ ᠰᠢᠯᠭᠠᠨ ᠤᠷᠤᠭᠰᠠᠨ ᠴᠠᠰᠤᠨ᠎ᠠ ᠵᠡᠷᠭᠡ 8 ᠨᠡᠷ᠎ᠡ ᠣᠶᠣᠳᠠᠨ ᠳ᠋ᠦ᠋ ᠪᠠᠨ ᠭᠠᠴᠠᠭᠠᠨ  ᠤ ᠨᠠᠮ ᠤᠨ ᠡᠭᠦᠷ᠂ ᠭᠠᠴᠠᠭᠠᠨ ᠵᠦᠪᠯᠡᠯ ᠠᠴᠠ ᠤᠶᠤᠲᠠᠨ ᠪᠦᠷᠢ ᠶᠢ 1000 ᠲᠦᠭᠦᠷᠢᠭ ᠢᠶᠠᠷ ᠱᠠᠩᠨᠠᠨ ᠵᠤᠷᠢᠭᠵᠢᠭᠤᠯᠵᠤ᠂ ᠡᠳᠡᠭᠡᠷ ᠤᠶᠤᠳᠠᠳ ᠤᠨ ᠰᠤᠷᠤᠯᠭ᠎ᠠ ᠠᠮᠢᠳᠤᠷᠠᠯ ᠳᠤ ᠨᠢ ᠲᠤᠰᠠ ᠲᠡᠮᠵᠢᠯᠭᠡ ᠪᠣᠯᠭᠠᠵᠣ᠂ ᠬᠤᠶᠢᠰᠢᠲᠠ ᠶᠢᠨ ᠰᠤᠷᠤᠯᠭ᠎ᠠ ᠬᠢᠴᠢᠶᠡᠯ   ᠳᠡᠭᠡᠨ ᠰᠢᠮᠳᠠᠬᠤ ᠤᠷᠮ᠎ᠠ ᠵᠤᠷᠢᠭ ᠢ ᠨᠢ ᠬᠦᠪᠴᠢᠯᠡᠬᠦ ᠶᠢᠨ ᠬᠠᠮᠳᠣ ᠡᠳᠡᠭᠡᠷ ᠤᠶᠤᠳᠠᠳ ᠲᠤ  ᠬᠢᠴᠢᠶᠡᠯ ᠰᠣᠷᠣᠯᠭ᠎ᠠ ᠳᠤ ᠪᠠᠨ ᠴᠢᠷᠮᠠᠶᠢᠵᠤ ᠤᠯᠤᠰ ᠨᠡᠶᠢᠭᠡᠮ ᠳᠡᠭᠡᠨ ᠴᠢᠳᠠᠪᠤᠷᠢᠲᠠᠢ ᠬᠦᠮᠦᠨ ᠪᠤᠯᠤᠨ ᠬᠦᠮᠦᠵᠢᠭᠳᠡᠬᠦ ᠢ ᠬᠦᠰᠡᠨ ᠨᠠᠶᠢᠳᠠᠭᠰᠠᠨ ᠪᠠᠶᠢᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号