ᠪᠠᠷᠠᠭᠤᠨ ᠦᠵᠦᠮᠦᠴᠢᠨ ᠬᠤᠰᠢᠭᠤᠨ ᠤ ᠪᠠᠯᠠᠭᠠᠷᠭᠤᠤᠯ ᠪᠠᠯᠭᠠᠰᠤᠨ ᠤ ᠵᠡᠭᠡᠯᠢ ᠭᠤᠳᠤᠮᠵᠢ ᠶᠢ ᠵᠠᠰᠠᠨ ᠰᠢᠨᠡᠳᠬᠡᠬᠦ | ᠢᠨᠵᠧᠨᠧᠷᠢᠩ ᠤᠨ ᠪᠠᠶᠢᠭᠤᠯᠤᠯᠳᠠ ᠲᠠᠢ ᠲᠠᠨᠢᠯᠴᠠᠶ᠎ᠠ | | ᠡᠨᠡ ᠵᠢᠯ ᠠᠴᠠ ᠡᠬᠢᠯᠡᠨ ᠪᠠᠶᠢᠭᠤᠯᠤᠭᠰᠠᠨ ᠪᠠᠯᠠᠭᠠᠷᠭᠤᠤᠯ ᠪᠠᠯᠭᠠᠰᠤᠨ ᠤ ᠬᠤᠳᠠ ᠶᠢᠨ ᠦᠢᠯᠡᠴᠢᠯᠡᠭᠡᠨ ᠤ | ᠲᠤᠤᠷᠴᠢᠯᠠᠯᠳᠠ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ ᠲᠤᠰ ᠪᠠᠯᠭᠠᠰᠤ ᠶᠢᠨ ᠠᠮᠢ ᠠᠬᠤᠢ ᠶᠢᠨ ᠬᠤᠲᠠ ᠪᠠᠯᠭᠠᠰᠤ | ᠶᠢᠨ ᠲᠡᠰ ᠳᠡᠪᠰᠢᠭᠦᠯᠬᠦ ᠪᠦᠳᠦᠭᠡᠨ ᠪᠠᠶᠢᠭᠤᠯᠤᠯᠲᠠ ᠶᠢᠨ PPP ᠲᠦᠷᠦᠯ ᠤᠨ ᠴᠢᠬᠤᠯᠠ ᠪᠦᠳᠦᠭᠡᠨ ᠪᠠᠶᠢᠭᠤᠯᠤᠯᠲᠠ ᠶᠢᠨ | ᠲᠦᠷᠦᠯ᠂ ᠮᠥᠨᠴᠦ ᠬᠤᠲᠠ ᠪᠠᠯᠭᠠᠰᠤ ᠶᠢᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠴᠢᠬᠤᠯᠠ ᠠᠵᠢᠯ | ᠪᠣᠯᠤᠨ᠎ᠠ᠃ ᠪᠣᠳᠠᠲᠠᠢ ᠪᠦᠳᠦᠭᠡᠨ ᠪᠠᠶᠢᠭᠤᠯᠤᠯᠲᠠ ᠨᠢ ᠭᠠᠵᠠᠷ ᠳᠡᠭᠡᠷᠡᠬᠢ ᠪᠠ ᠭᠠᠵᠠᠷ ᠳᠣᠣᠷᠠᠬᠢ ᠬᠤᠶᠠᠷ ᠬᠤᠪᠢᠶᠠᠨ | ᠶᠠᠪᠤᠭᠳᠠᠨ᠎ᠠ᠃ | ᠲᠤᠰ ᠲᠦᠰᠦᠯ ᠤᠨ ᠵᠣᠷᠢᠯᠭ᠎ᠠ ᠨᠢ ᠪᠠᠯᠠᠭᠠᠷᠭᠤᠤᠯ ᠪᠠᠯᠭᠠᠰᠤᠨ ᠤ ᠠᠮᠢ ᠠᠬᠤᠢ ᠶᠢᠨ ᠬᠤᠳᠠ ᠪᠠᠯᠭᠠᠰᠤ ᠶᠢᠨ ᠲᠡᠰ | ᠳᠡᠪᠰᠢᠭᠦᠯᠬᠦ ᠪᠠ ᠬᠤᠳᠠ ᠪᠠᠯᠭᠠᠰᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ | ᠲᠥᠯᠥᠭᠡ ᠶᠤᠮ᠃ ᠪᠠᠯᠠᠭᠠᠷᠭᠤᠤᠯ ᠪᠠᠯᠭᠠᠰᠤᠨ ᠤ ᠦᠶᠡᠷ ᠤᠰᠤᠲᠤᠯ᠂ ᠪᠣᠬᠢᠷ ᠤᠰᠤ ᠶᠢ ᠭᠠᠳᠠᠭᠰᠢᠯᠠᠭᠤᠯᠬᠤ ᠴᠢᠳᠠᠪᠬᠢ ᠶᠢ | ᠴᠢᠩᠭᠠᠳᠬᠠᠵᠦ᠂ ᠰᠠᠭᠤᠷᠢ ᠲᠥᠬᠦᠭᠡᠷᠦᠮᠵᠢ ᠶᠢ ᠤᠯᠠᠮ ᠲᠡᠭᠦᠯᠳᠡᠷᠵᠢᠭᠦᠯᠬᠦ ᠪᠤᠯᠤᠨ᠎ᠠ᠃ | ᠡᠨᠡ ᠵᠢᠯ ᠪᠠᠯᠠᠭᠠᠷᠭᠤᠤᠯ ᠪᠠᠯᠭᠠᠰᠤᠨ ᠤ ᠪᠠᠶᠠᠨᠭᠤᠣᠯ ᠵᠠᠮ ᠪᠣᠯᠤᠨ ᠬᠠᠨ ᠠᠭᠤᠯᠠ ᠵᠡᠭᠡᠯᠢ ᠶᠢᠨ ᠪᠦᠳᠦᠭᠡᠨ ᠪᠠᠶᠢᠭᠤᠯᠤᠯᠳᠠ | ᠶᠢᠨ ᠢᠨᠵᠧᠨᠧᠷᠢᠩ ᠢ ᠬᠢᠵᠦ᠂ ᠡᠭᠦᠨ ᠳᠤ ᠭᠠᠵᠠᠷ ᠳᠣᠣᠷᠠᠬᠢ ᠪᠣᠬᠢᠷ ᠤᠰᠤ᠂ ᠲᠦᠭᠡᠭᠡᠯ ᠤᠰᠤ᠂ ᠪᠣᠷᠣᠭᠠᠨ ᠤ ᠤᠰᠤ ︵ | ᠡᠳᠡᠭᠡᠷ ᠬᠤᠭᠤᠯᠠᠶ ᠨᠢ ᠲᠤᠰ ᠪᠦᠷᠢ 6 ᠮᠢᠩᠭᠠᠨ ᠮᠧᠲᠷ︶ ᠲᠠᠮᠵᠢᠭᠤᠯᠬᠤ ᠬᠤᠭᠤᠯᠠᠢ ᠵᠢᠴᠢ ᠴᠢᠩᠭ᠎ᠠ ᠰᠤᠯᠠ ᠴᠠᠬᠢᠯᠭᠠᠨ | ᠬᠤᠭᠤᠯᠠᠶ ᠶᠢᠨ ᠲᠣᠣᠷ ᠢ ᠰᠢᠨᠡᠳᠬᠡᠨ ᠪᠠᠶᠢᠭᠤᠯᠬᠤ ᠪᠠ ᠵᠠᠮ ᠤᠨ ᠭᠠᠳᠠᠷᠭᠤ ᠶᠢ ᠳᠡᠪᠢᠰᠬᠦ᠂ ᠬᠤᠶᠠᠷ ᠲᠠᠯ᠎ᠠ ᠶᠢᠨ ᠶᠠᠪᠠᠭᠠᠨ | ᠬᠥᠮᠦᠨ ᠤ ᠵᠠᠮ ᠢ ᠳᠡᠪᠢᠰᠬᠦ᠂ ᠵᠠᠮ ᠬᠠᠷᠢᠯᠴᠠᠭᠠᠨ ᠤ ᠲᠥᠬᠦᠭᠡᠷᠦᠮᠵᠢ ᠶᠢ ᠵᠠᠰᠠᠨ ᠰᠢᠨᠡᠳᠬᠡᠬᠦ ᠵᠡᠷᠭᠡ ᠠᠵᠢᠯ ᠢ ᠪᠠᠭᠲᠠᠭᠠᠨ᠎ᠠ᠃ | | ᠬᠠᠨ ᠠᠭᠤᠯᠠ ᠵᠡᠭᠡᠯᠢ ᠪᠤᠯᠤᠨ ᠪᠠᠶᠠᠨᠭᠤᠣᠯ ᠵᠠᠮ ᠤᠨ ᠬᠤᠭᠤᠯᠠᠶ ᠶᠢ ᠵᠠᠰᠠᠬᠤ ᠠᠵᠢᠯ ᠢ 5 ᠰᠠᠷ᠎ᠠ ᠶᠢᠨ 28 ᠤ | ᠡᠳᠦᠷ ᠠᠴᠠ ᠡᠬᠢᠯᠡᠨ ᠳᠡᠪᠢᠰᠴᠦ᠂ ᠣᠲᠣ ᠪᠣᠯᠲᠠᠯ᠎ᠠ ᠪᠣᠬᠢᠷ ᠤᠰᠤ᠂ ᠲᠦᠭᠡᠭᠡᠯ ᠤᠰᠤ᠂ ᠪᠣᠷᠣᠭᠠᠨ ᠤ ᠤᠰᠤᠨ ᠤ | ᠬᠤᠭᠤᠯᠠᠶ ᠶᠢ ᠲᠣᠰ ᠲᠣᠰ 4 ᠮᠢᠩᠭᠠᠨ ᠮᠧᠲᠷ ᠳᠡᠪᠢᠰᠴᠦ᠂ ᠦᠯᠡᠳᠡᠭᠰᠡᠨ ᠬᠡᠰᠡᠭ ᠢ ᠨᠢ 9 ᠰᠠᠷ᠎ᠠ ᠶᠢᠨ 15 ᠤ ᠡᠳᠦᠷ | ᠠᠴᠠ ᠡᠮᠦᠨ᠎ᠡ ᠳᠠᠭᠤᠰᠬᠠᠬᠤ ᠪᠠᠷ ᠲᠥᠯᠥᠪᠯᠡᠵᠦ ᠪᠣᠶ᠃ ᠲᠠᠷᠠᠭ᠎ᠠ ᠨᠢ ᠵᠠᠮ ᠤᠨ ᠭᠠᠳᠠᠷᠭᠤ ᠶᠢᠨ ᠪᠦᠲᠦᠴᠡ ᠶᠢᠨ ᠳᠠᠪᠬᠤᠷᠭ᠎ᠠ | ᠪᠠᠨ ᠲᠡᠪᠢᠰᠬᠦ ᠠᠵᠢᠯ ᠢ ᠡᠬᠢᠯᠡᠭᠦᠯᠵᠦ᠂ 10 ᠰᠠᠷ᠎ᠠ ᠶᠢᠨ 10 ᠤ ᠡᠳᠦᠷ ᠠᠴᠠ ᠡᠮᠦᠨ᠎ᠡ ᠳᠠᠭᠤᠰᠬᠠᠨ᠎ᠠ᠃ ᠬᠠᠨ ᠠᠭᠤᠯᠠ | ᠵᠡᠭᠡᠯᠢ᠂ ᠪᠠᠶᠠᠨᠭᠤᠣᠯ ᠵᠠᠮ ᠤᠨ ᠬᠤᠶᠠᠷ ᠬᠠᠵᠠᠭᠤ ᠶᠢᠨ ᠶᠠᠪᠠᠭᠠᠨ ᠬᠥᠮᠦᠨ ᠤ ᠵᠠᠮ ᠢ ᠵᠠᠰᠠᠬᠤ ᠠᠵᠢᠯ ᠢ 8 ᠰᠠᠷ᠎ᠠ ᠶᠢᠨ 20 | ᠠᠴᠠ ᠡᠬᠢᠯᠡᠬᠦᠯᠵᠦ᠂ ᠴᠠᠬᠢᠯᠭᠠᠨ ᠬᠤᠭᠤᠯᠠᠶ ᠶᠢᠨ ᠵᠠᠮ᠂ ᠵᠠᠮ ᠤᠨ ᠪᠦᠲᠦᠴᠡ ᠶᠢᠨ ᠳᠠᠪᠬᠤᠷᠭ᠎ᠠ ᠶᠢ ᠰᠡᠷᠭᠦᠭᠡᠬᠦ ᠵᠡᠷᠭᠡ ᠠᠵᠢᠯ | ᠢ ᠵᠡᠷᠭᠡᠪᠡᠷ ᠬᠢᠬᠦ ᠶᠢᠨ ᠬᠠᠮᠲᠤ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠰᠠᠭᠤᠷᠢ ᠪᠠᠷᠢᠯᠭ᠎ᠠ ᠶᠢᠨ ᠠᠵᠢᠯ ᠢ ᠬᠢᠵᠦ᠂ 10 | ᠰᠠᠷ᠎ᠠ ᠶᠢᠨ 30 ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠴᠢᠨ ᠱᠧᠩ ᠲᠥᠷᠥᠯ ᠵᠦᠶᠯ ᠤᠨ ᠬᠠᠮᠢᠶᠠᠷᠤᠯᠲᠠ ᠶᠢᠨ ᠺᠣᠮᠫᠠᠨᠢ ᠶᠢᠨ ᠳᠡᠳ᠋ | ᠳᠠᠭᠠᠭᠠᠮᠠᠯ ᠬᠦᠬᠡ᠄ ︽ᠪᠠᠷᠢᠯᠭ᠎ᠠ ᠶᠢᠨ ᠶᠠᠰᠤ ᠴᠢᠨᠠᠷ ᠢ ᠪᠠᠳᠤᠯᠠᠬᠤ ᠠᠵᠢᠯ ᠲᠤᠮᠳᠠ᠂ ᠬᠤᠰᠢᠭᠤᠨ ᠤ ᠪᠦᠳᠦᠭᠡᠨ | ᠪᠠᠶᠢᠭᠤᠯᠤᠯᠳᠠ ᠶᠢᠨ ᠲᠤᠪᠴᠢᠶ᠎ᠠ ᠨᠢ ᠵᠢᠭᠠᠨ ᠵᠢᠯᠤᠭᠤᠳᠬᠤ ᠲᠤᠭᠤᠶᠢᠯᠠᠩ ᠪᠠᠶᠢᠭᠤᠯᠵᠤ᠂ ᠶᠠᠰᠤ ᠴᠢᠨᠠᠷ ᠤᠨ ᠦᠢᠯᠡᠴᠢᠯᠡᠭᠡᠨ | ᠤ ᠲᠦᠪ ᠨᠢ ᠪᠠᠷᠢᠯᠭ᠎ᠠ ᠶᠢᠨ ᠶᠠᠰᠤ ᠴᠢᠨᠠᠷ ᠲᠤ ᠮᠡᠷᠭᠡᠵᠢᠯ ᠤᠨ ᠦᠢᠯᠡᠴᠢᠯᠡᠭᠡ ᠬᠠᠩᠭᠠᠵᠦ᠂ ᠪᠠᠷᠢᠯᠭ᠎ᠠ ᠲᠠᠭᠠᠭᠠᠴᠢᠯᠠᠨ ᠬᠢᠵᠦ | ᠪᠠᠶᠢᠭ᠎ᠠ ᠺᠤᠮᠫᠠᠨᠢ ᠨᠢ ᠢᠨᠵᠧᠨᠧᠷᠢᠩ ᠤᠨ ᠬᠠᠮᠢᠶᠠᠷᠤᠯᠳᠠ ᠶᠢᠨ ᠬᠡᠯᠳᠡᠰ ᠪᠤᠯᠤᠨ ᠠᠶᠤᠯᠭᠦᠢ ᠦᠢᠯᠡᠳᠪᠦᠷᠢᠯᠡᠯ ᠤᠨ ᠬᠡᠯᠳᠡᠰ | ᠪᠠᠶᠢᠭᠤᠯᠵᠤ ᠡᠳᠦᠷ ᠲᠤᠳᠤᠮ ᠤᠨ ᠬᠢᠨᠠᠨ ᠪᠠᠶᠢᠴᠠᠭᠠᠯᠳᠠ ᠶᠢ ᠬᠢᠵᠦ ᠪᠠᠶᠢᠨ᠎ᠠ︾ ᠭᠡᠯᠡ᠃ | |