ᠭᠤᠷᠤᠬᠠᠨ ᠪᠠᠯᠭᠠᠰᠤ ᠨᠢ ᠣᠯᠠᠨ ᠲᠦᠮᠡᠨ ᠳᠤ ᠰᠠᠶᠢᠲᠤᠷ ᠦᠢᠯᠡᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2021/8/26
      ᠭᠤᠷᠤᠬᠠᠨ ᠪᠠᠯᠭᠠᠰᠤ ᠨᠢ ᠣᠯᠠᠨ ᠲᠦᠮᠡᠨ ᠳᠤ ᠰᠠᠶᠢᠲᠤᠷ ᠦᠢᠯᠡᠴᠢᠯᠡᠵᠦ ᠪᠠᠶᠢᠨ᠎ᠠ              ᠪᠠᠷᠠᠭᠤᠨ ᠦᠵᠦᠮᠦᠴᠢᠨ ᠬᠤᠰᠢᠭᠤᠨ ᠤ ᠭᠤᠷᠤᠬᠠᠨ ᠪᠠᠯᠭᠠᠰᠤ ᠨᠢ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ᠂ ᠪᠦᠬᠦ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠲᠠᠯ᠎ᠠ ᠨᠤᠲᠤᠭ ᠤᠨ ᠪᠠᠭᠠᠲᠤᠷ ᠵᠢᠷᠭᠠᠯ ᠤᠨ ᠠᠵᠢᠯᠯᠠᠵᠤ ᠠᠮᠢᠳᠤᠷᠠᠵᠤ ᠥᠩᠭᠡᠷᠡᠭᠰᠡᠨ ᠭᠠᠵᠠᠷ ᠨᠤᠳᠤᠭ ᠪᠤᠯᠤᠨ᠎ᠠ᠃ ᠲᠤᠰ ᠪᠠᠯᠭᠠᠰᠤᠨ ᠤ ᠺᠠᠳ᠋ᠷ ᠠᠵᠢᠯᠳᠠᠳ ᠨᠢ ᠵᠢᠷᠭᠠᠯ ᠨᠦᠬᠦᠷ ᠤᠨ ᠰᠢᠯᠢᠳᠡᠭ ᠰᠠᠶᠢᠬᠠᠨ ᠬᠡᠪ ᠰᠤᠷᠳᠠᠯ ᠢ ᠵᠠᠯᠭᠠᠮᠵᠢᠯᠠᠨ ᠪᠠᠳᠠᠷᠠᠭᠤᠯᠵᠤ᠂ ᠦᠢᠯᠡᠰ ᠢᠶᠠᠨ ᠲᠡᠭᠡᠳᠦᠯᠡᠨ᠂ ᠠᠵᠢᠯ ᠤᠨ ᠪᠠᠶᠢᠷᠢ ᠪᠠᠨ ᠪᠠᠳᠤ ᠰᠠᠬᠢᠵᠦ᠂ ᠠᠵᠢᠯᠴᠢ ᠬᠢᠴᠢᠶᠡᠩᠭᠦᠢ ᠪᠠᠷ ᠠᠵᠢᠯᠯᠠᠵᠦ ᠠᠮᠢᠳᠤᠷᠠᠨ ᠦᠨᠳᠦᠰᠦᠨ ᠱᠠᠲᠤᠨ ᠤ ᠤᠯᠠᠨ ᠲᠦᠮᠡᠨ ᠳᠤ ᠰᠠᠶᠢᠳᠤᠷ ᠦᠢᠯᠡᠴᠢᠯᠡᠵᠦ ᠪᠠᠶᠢᠨ᠎ᠠ᠃ ᠰᠡᠴᠡᠡᠭᠡᠷᠡᠯ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ 2014 ᠤᠨ ᠳᠤ ᠭᠤᠷᠤᠬᠠᠨ ᠪᠠᠯᠭᠠᠰᠤᠨ ᠳᠤ ᠢᠷᠡᠵᠦ ᠠᠵᠢᠯᠯᠠᠭᠰᠠᠨ ᠠᠴᠠ ᠬᠤᠶᠢᠰᠢ ᠭᠤᠷᠤᠬᠠᠨ ᠪᠠᠯᠭᠠᠰᠤᠨ ᠤ 50 ᠭᠠᠷᠤᠢ ᠺᠠᠳ᠋ᠷ ᠠᠵᠢᠯᠳᠠᠨ ᠲᠠᠢ ᠠᠳᠠᠯᠢ ᠪᠠᠷ ᠡᠭᠡᠯ ᠵᠢᠷ ᠤᠨ ᠠᠵᠢᠯ ᠤᠨ ᠪᠠᠶᠢᠷᠢ ᠲᠡᠭᠡᠷ᠎ᠡ ᠪᠠᠨ ᠭᠠᠪᠰᠢᠭᠠᠶᠢᠯᠠᠵᠦ ᠢᠷᠡᠵᠡᠢ᠃ ᠰᠡᠴᠡᠡᠭᠡᠷᠡᠯ ᠤᠨ ᠭᠡᠷ ᠨᠢ ᠬᠤᠯᠠ᠂ ᠠᠵᠢᠯ ᠦᠢᠯᠡ ᠨᠢ ᠴᠦ ᠶᠠᠭᠠᠷᠠᠤ ᠪᠠᠶᠢᠵᠤ᠂ ᠨᠢᠯᠬ᠎ᠠ ᠬᠤᠶᠠᠷ ᠬᠡᠤᠬᠡᠳ ᠢᠶᠠᠨ ᠬᠠᠷᠠᠵᠦ ᠬᠠᠷᠠᠭᠠᠯᠵᠠᠬᠤ ᠴᠠᠭ ᠵᠠᠪ ᠴᠦᠭᠡᠨ ᠪᠠᠶᠢᠳᠠᠭ ᠴᠦ ᠬᠤᠪᠢᠳᠠᠭᠰᠠᠨ ᠠᠵᠢᠯ ᠢᠶᠠᠨ ᠰᠠᠶᠢᠳᠤᠷ ᠪᠡᠶᠡᠯᠡᠭᠦᠯᠦᠨ ᠮᠠᠯᠴᠢᠨ ᠲᠦᠮᠡᠨ ᠳᠡᠭᠡᠨ ᠦᠢᠯᠡᠴᠢᠯᠡᠵᠦ ᠢᠷᠡᠵᠡᠢ᠃   ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤ ᠨᠢ 1473 ᠲᠡᠭᠰᠢ ᠳᠥᠷᠪᠡᠯᠵᠢᠨ ᠺᠢᠯᠣᠮᠧᠲᠷ ᠨᠤᠲᠤᠭ ᠳᠡᠪᠢᠰᠬᠡᠷ ᠲᠠᠢ᠂ 9 ᠭᠠᠴᠠᠭ᠎ᠠ᠂ 1 ᠰᠠᠭᠤᠭᠠᠯᠢ ᠠᠷᠠᠳ ᠤᠨ ᠵᠥᠪᠯᠡᠯ ᠲᠠᠢ᠂ ᠪᠥᠬᠦ ᠬᠥᠮᠦᠨ ᠠᠮᠠ ᠨᠢ 4945 ᠪᠠᠶᠢᠵᠤ᠂ ᠮᠠᠯ ᠠᠵᠤ ᠠᠬᠤᠶ ᠪᠠᠷ ᠰᠠᠭᠤᠷᠢ ᠠᠵᠤ ᠦᠶᠯᠡᠰ ᠢᠶᠠᠨ ᠪᠣᠯᠭᠠᠭᠰᠠᠨ ᠭᠠᠵᠠᠷ ᠣᠷᠣᠨ ᠪᠣᠯᠤᠨ᠎ᠠ᠃ ᠪᠥᠬᠦ ᠪᠠᠯᠭᠠᠰᠤᠨ ᠳᠤ 53 ᠺᠠᠳ᠋ᠷ ᠠᠵᠢᠯᠲᠠᠨ ᠲᠠᠢ᠂ ᠡᠭᠦᠨ ᠳᠤ 31 ᠨᠠᠮ ᠤᠨ ᠭᠡᠰᠢᠭᠦᠨ ᠺᠠᠳ᠋ᠷ ᠲᠠᠢ ᠪᠠᠶᠢᠵᠣ  ᠂ ᠪᠦᠭᠦᠳᠡᠭᠡᠷ ᠵᠢᠷᠭᠠᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠦᠢᠯᠡᠳᠦᠯᠭᠡᠵᠢᠭᠦᠯᠦᠭᠰᠡᠭᠡᠷ ᠢᠷᠡᠵᠠᠢ᠃ ᠦᠨᠳᠦᠰᠦᠨ ᠱᠠᠲᠤᠨ ᠤ ᠺᠠᠳ᠋ᠷ ᠤᠨ ᠠᠵᠢᠯ ᠥᠷᠯᠥᠭᠡ  ᠠᠴᠠ ᠡᠬᠢᠯᠡᠵᠦ᠂ ᠪᠢᠴᠢᠭ ᠮᠠᠲ᠋ᠧᠷᠢᠶᠠᠯ ᠨᠠᠶᠢᠷᠠᠭᠤᠯᠤᠨ ᠪᠢᠴᠢᠬᠦ᠂ ᠮᠠᠯᠴᠢᠨ ᠲᠦᠮᠡᠨ ᠢ ᠬᠦᠯᠢᠶᠡᠨ  ᠠᠭᠤᠯᠵᠠᠬᠤ᠂ ᠬᠦᠳᠡᠭᠡ ᠪᠠᠭᠤᠬᠤ ᠬᠡᠬᠦᠴᠢᠯᠡᠨ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠵᠦᠭ ᠵᠦᠭ ᠲᠡᠭᠡᠨ  ᠶᠠᠭᠠᠷᠠᠳᠠᠭ ᠴᠦ ᠤᠯᠠᠨ ᠲᠦᠮᠡᠨ ᠳᠤ ᠪᠠᠨ ᠨᠡᠩ ᠰᠠᠶᠢᠨ ᠦᠢᠯᠡᠴᠢᠯᠡᠬᠦ ᠬᠦᠰᠡᠯᠡᠩ ᠬᠦᠭᠡᠭᠡᠴᠡᠯᠳᠦᠯ ᠨᠢ ᠨᠢᠭᠡᠳᠴᠦ ᠪᠠᠶᠢᠳᠠᠭ᠃ ᠮᠠᠯᠵᠢᠬᠤ ᠦᠢᠯᠡᠳᠪᠦᠷᠢᠯᠡᠯ ᠤᠨ ᠠᠵᠢᠯ᠂ ᠠᠮᠢᠲᠠᠨ ᠤ ᠬᠢᠵᠢᠭ ᠭᠡᠮ ᠢ ᠰᠡᠷᠭᠡᠶᠢᠯᠡᠨ ᠬᠢᠵᠠᠭᠠᠷᠯᠠᠬᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠬᠤ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠵᠥᠷᠢᠴᠡᠯ ᠵᠢᠭᠤᠷᠠᠯᠳᠤᠭᠠᠨ ᠢ ᠵᠣᠬᠢᠴᠠᠭᠤᠯᠬᠤ ᠬᠡᠬᠦᠴᠢᠯᠡᠨ ᠦᠨᠳᠦᠰᠦᠨ ᠱᠠᠲᠤᠨ ᠤ ᠠᠵᠢᠯ ᠲᠠᠭᠤᠰᠤᠰᠢ ᠦᠭᠡᠢ ᠪᠠᠶᠢᠳᠠᠭ᠃ ᠨᠡᠩ ᠴᠢᠨᠠᠭᠰᠢᠯᠠᠭᠠᠳ ᠤᠷᠴᠢᠨ ᠠᠬᠤᠢ ᠶᠢᠨ ᠬᠠᠮᠠᠭᠠᠯᠠᠯᠳᠠ ᠶᠢᠨ ᠠᠵᠢᠯ ᠳᠤ ᠤᠷᠤᠯᠴᠠᠨ ᠬᠤᠭ ᠨᠤᠪᠰᠢ ᠴᠡᠪᠡᠷᠯᠡᠬᠦ ᠭᠡᠳ‌ᠦᠨᠳᠦᠰᠦᠨ ᠱᠠᠳᠤᠨ ᠤ ᠺᠠᠳ᠋ᠷ ᠲᠤ ᠬᠢᠬᠦ ᠵᠦᠢᠯ ᠵᠦᠩᠳᠡᠭᠡᠨ᠂ ᠬᠠᠮᠢᠭ᠎ᠠ ᠬᠡᠷᠡᠭᠴᠡᠭᠡ ᠲᠠᠢ ᠦᠶ᠎ᠡ  ᠳᠤ ᠲᠡᠡᠳᠡ ᠢᠷᠡᠳᠡᠭ ᠨᠢ ᠡᠳᠡᠭᠡᠷ ᠺᠠᠳ᠋ᠷ ᠠᠵᠢᠯᠳᠠᠳ ᠶᠤᠮ᠃ ᠭᠡᠪᠡᠴᠦ ᠲᠡᠳᠡ ᠶᠡᠷᠦ ᠨᠢ ᠬᠠᠳᠠᠭᠤᠵᠢᠯᠳᠠᠢ ᠲᠡᠮᠡᠴᠡᠬᠦ ᠵᠤᠷᠢᠭ ᠰᠠᠨᠠᠭ᠎ᠠ ᠪᠠᠷ ᠦᠭᠡ ᠲᠠᠭᠤ ᠦᠭᠡᠢ  ᠠᠵᠢᠯ ᠢᠶᠠᠨ ᠬᠢᠵᠦ ᠢᠷᠡᠵᠡᠢ᠃    ᠣᠢᠢᠷ᠎ᠠ ᠶᠢᠨ ᠵᠢᠯ ᠳᠤ᠂ ᠭᠤᠷᠤᠬᠠᠨ ᠪᠠᠯᠭᠠᠰᠤ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠰᠠᠶᠢᠳᠤᠷ ᠨᠠᠶᠢᠳᠠᠪᠤᠷᠢᠵᠢᠭᠤᠯᠵᠤ᠂ ᠡᠭᠦᠨ ᠤ ᠬᠠᠮᠲᠤ᠂ ᠵᠢᠷᠭᠠᠯ ᠨᠦᠬᠦᠷ ᠤᠨ ᠵᠣᠷᠢᠭ ᠰᠠᠨᠠᠭ᠎ᠠ ᠶᠢ ᠢᠮᠠᠭᠲᠠ ᠪᠠᠳᠠᠷᠠᠭᠤᠯᠤᠨ᠂ ᠪᠥᠬᠦ ᠺᠠᠳ᠋ᠷ ᠠᠵᠢᠯᠲᠠᠨ ᠤ ᠲᠤᠮᠳᠠ ᠪᠠᠨ ᠪᠦᠯᠬᠦᠮᠳᠡᠨ ᠲᠡᠮᠡᠴᠡᠬᠦ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠪᠣᠶ ᠪᠣᠯᠭᠠᠵᠤ᠂ ᠥᠷᠭᠡᠨ ᠣᠯᠠᠨ ᠺᠠᠳ᠋ᠷ ᠠᠵᠢᠯᠲᠠᠨ ᠢᠶᠠᠨ ᠳᠠᠶᠢᠴᠢᠯᠠᠨ᠂ ᠶᠠᠳᠠᠭᠤ  ᠠᠴᠠ ᠠᠩᠭᠢᠵᠢᠷᠠᠭᠤᠯᠬᠤ᠂ ᠮᠠᠯ ᠠᠵᠤ ᠠᠬᠤᠶ ᠶᠢᠨ ᠣᠳᠣᠬᠢᠴᠢᠯᠠᠯᠲᠠ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠬᠠᠮᠠᠭᠠᠯᠠᠬᠤ᠂ ᠠᠷᠠᠳᠴᠢᠯᠠᠯ ᠪᠠ ᠬᠠᠤᠯᠢ ᠪᠠᠷ ᠵᠠᠰᠠᠬᠤ ᠵᠡᠷᠭᠡ ᠡᠯ᠎ᠡ ᠲᠠᠯ᠎ᠠ ᠶᠢᠨ ᠠᠵᠢᠯ ᠨᠢ ᠢᠯᠡᠳᠲᠡ ᠦᠷ᠎ᠡ ᠪᠦᠲᠦᠮᠵᠢ ᠤᠯᠵᠤ ᠦᠷᠨᠢᠬᠦᠨ ᠬᠦᠭᠵᠢᠯᠳᠡ ᠶᠢᠨ ᠵᠠᠮ ᠳᠠᠭᠠᠨ ᠤᠷᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号