ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ
   ᠵᠤᠤ ᠭᠦᠸᠧ ᠳ᠋ᠦᠩ᠂ ᠡᠷᠡᠭᠲᠡᠢ᠂ ᠬᠢᠲᠠᠳ ᠦᠨᠳᠦᠰᠦᠲᠡᠨ᠂ ᠥᠪᠥᠷ ᠮᠣᠩᠭᠤᠯ ᠤᠨ ᠲᠠᠶᠢᠪᠤᠰᠧ ᠬᠤᠰᠢᠭᠤᠨ ᠎ ᠳᠤ ᠨᠤᠲᠤᠭ ᠲᠠᠢ᠂ 1978 ᠣᠨ ᠤ 8 ᠰᠠᠷ᠎ᠠ ᠳᠤ ᠲᠦᠷᠦᠵᠡᠢ᠃ 2005 ᠣᠨ ᠤ 6 ᠰᠠᠷ᠎ᠠ ᠳᠤ ᠨᠠᠮ ᠳᠤ ᠣᠷᠣᠵᠤ᠂ 1996 ᠣᠨ ᠤ 11 ᠰᠠᠷ᠎ᠠ ᠳᠤ ᠠᠵᠢᠯ ᠳᠤ ᠣᠷᠣᠵᠠᠶ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠎ ᠶᠢᠨ ᠰᠤᠷᠤᠯᠭ᠎ᠠ ᠶᠢᠨ ᠨᠠᠮᠲᠠᠷ ᠲᠠᠢ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠤᠢ᠃    ᠬᠤᠪᠢᠳᠠᠨ  ᠬᠠᠮᠢᠶᠠᠷᠬᠤ ᠠᠵᠢᠯ   ᠬᠤᠰᠢᠭᠤ ᠳᠠᠷᠤᠭ᠎ᠠ ᠶᠢ ᠬᠠᠪᠰᠤᠷᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠢ ᠰᠢᠢᠳᠪᠦᠷᠢᠯᠡᠵᠦ᠂  ᠬᠥᠭᠵᠢᠭᠦᠯᠦᠯᠲᠡ ᠥᠭᠡᠷᠡᠴᠢᠯᠡᠯᠲᠡ᠂ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠵᠤ ᠦᠢᠯᠡᠳᠪᠦᠷᠢ ᠠᠵᠤ ᠠᠬᠤᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃   ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠂ ᠲᠤᠭ᠎ᠠ ᠪᠦᠷᠢᠳᠬᠡᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠤᠰᠢᠭᠤ ᠳᠠᠷᠤᠭ᠎ᠠ ᠶᠢ ᠬᠠᠪᠰᠤᠷᠤᠨ  ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠢᠨᠠᠨ ᠪᠤᠳᠤᠬᠤ ᠠᠵᠢᠯ ᠢ ᠬᠤᠪᠢᠳᠠᠨ ᠬᠠᠮᠢᠶᠠᠷᠤᠨ᠎ᠠ᠃    ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠥᠷᠥ ᠶᠢᠨ ᠵᠥᠪᠯᠡᠯᠭᠡᠨ᠂  ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠶᠠᠨᠬᠤᠸᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠤᠰᠢᠭᠤᠨ ᠳᠤ ᠰᠠᠭᠤᠭ᠎ᠠ ᠡᠯ᠎ᠡ ᠪᠠᠩᠬᠢ᠂ ᠳᠠᠭᠠᠳᠬᠠᠯ ᠤᠨ ᠪᠠᠶᠢᠭᠤᠯᠤᠮᠵᠢ᠂ ᠬᠠᠮᠲᠤᠷᠠᠯᠴᠠᠭᠠᠨ ᠤ ᠰᠣᠯᠢᠯᠴᠠᠭᠠᠨ ᠤ ᠲᠥᠪ᠂ ᠦᠵᠦᠮᠦᠴᠢᠨ ᠵᠣᠴᠢᠳ ᠤᠨ ᠪᠠᠭᠤᠳᠠᠯ᠂ ᠡᠳ᠋ ᠤᠨ ᠵᠠᠰᠠᠭ ᠮᠡᠳᠡᠭᠡ ᠵᠠᠩᠭᠢᠵᠢᠯᠲᠠ ᠶᠢᠨ ᠺᠣᠮᠫᠠᠨᠢ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠳᠠᠪᠤᠰᠤᠨ ᠤ ᠦᠢᠯᠡᠰ ᠤᠨ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ᠂ ᠷᠠᠳᠢᠣ᠋ ᠲᠧᠯᠸᠢᠰ ᠤᠨ ᠰᠦᠯᠵᠢᠶ᠎ᠡ ᠶᠢᠨ ᠪᠠᠷᠠᠭᠤᠨ ᠦᠵᠦᠮᠦᠴᠢᠨ ᠬᠤᠪᠢᠶᠠᠷᠢ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠰᠢᠯᠵᠢᠮᠡᠯ ᠬᠤᠯᠪᠣᠭ᠎ᠠ ᠶᠢᠨ ᠺᠣᠮᠫᠠᠨᠢ᠂ ᠬᠤᠯᠪᠤᠭᠠᠯᠠᠨ ᠨᠡᠪᠲᠡᠷᠡᠯᠴᠡᠬᠦ ᠺᠣᠮᠫᠠᠨᠢ᠂ ᠲᠡᠮᠦᠷ ᠰᠤᠪᠤᠷᠭ᠎ᠠ ᠶᠢᠨ ᠺᠣᠮᠫᠠᠨᠢ ᠲᠠᠢ ᠬᠠᠷᠢᠯᠴᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号