ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠲᠦ ᠪᠠᠶᠢᠴᠠᠭᠠᠬᠤ ᠬᠤᠷᠢᠶᠠᠨ ᠤ ᠱᠦᠵᠢ
ᠨᠡᠶᠢᠲᠡᠯᠡᠭᠰᠡᠨ ᠴᠠᠭ᠄
2021/8/6
   ᠬᠤᠪᠢ ᠬᠥᠮᠥᠨ ᠤ ᠲᠣᠪᠴᠢ ᠨᠠᠮᠲᠠᠷ    ᠢᠦᠢ ᠵᠦᠩ ᠮᠢᠨ᠂ ᠡᠷᠡᠭᠲᠡᠢ᠂ ᠬᠢᠲᠠᠳ ᠦᠨᠳᠦᠰᠦᠲᠡᠨ᠂ 1979 ᠣᠨ ᠤ 10 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃    ᠤᠳᠤ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃    ᠠᠵᠢᠯ ᠤᠨ ᠬᠤᠪᠢᠶᠠᠷᠢᠯᠠᠯ    ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠥᠬᠦ ᠲᠠᠯ᠎ᠠ ᠶᠢᠨ ᠠᠵᠢᠯ ᠢ ᠡᠷᠭᠢᠯᠡᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠴᠠᠭᠳᠠᠨ ᠪᠠᠶᠢᠴᠠᠭᠠᠬᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶ᠎ᠠ ᠶᠢᠨ ᠳᠤᠭᠤᠷᠢᠨ ᠪᠠᠶᠢᠴᠠᠭᠠᠬᠤ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠤᠳᠤᠷᠢᠳᠬᠤ ᠬᠠᠷᠢᠭᠤᠴᠠᠯᠭ᠎ᠠ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ︾ ᠪᠠᠶᠢᠬᠤ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠬᠠᠷᠢᠭᠤᠴᠠᠯᠭ᠎ᠠ ᠶᠢ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠤᠨ ᠪᠠᠬᠢᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠮᠢ ᠠᠬᠤᠢ ᠶᠢᠨ ᠣᠷᠴᠢᠨ ᠳᠤᠭᠤᠷᠢᠨ ᠤ ᠬᠠᠮᠠᠭᠠᠯᠠᠯᠲᠠ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号