ᠶᠣᠣ ᠬᠠᠢ ᠰᠢᠶᠠ᠂ ᠡᠮᠡᠭᠲᠡᠢ᠂ ᠬᠢᠲᠠᠳ ᠦᠨᠳᠦᠰᠦᠲᠡᠨ᠂ 1976 ᠣᠨ ᠤ 1 ᠰᠠᠷ᠎ᠠ ᠳᠤ ᠲᠦᠷᠦᠵᠠᠢ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ | ᠲᠤᠰᠢᠶᠠᠯ ᠢ ᠬᠠᠷᠢᠭᠤᠴᠠᠵᠤ ᠪᠤᠢ᠃ | | ᠬᠤᠪᠢᠳᠠᠨ ᠬᠠᠮᠢᠶᠠᠷᠬᠤ ᠠᠵᠢᠯ | ᠬᠤᠰᠢᠭᠤ ᠳᠠᠷᠤᠭ᠎ᠠ ᠶᠢ ᠬᠠᠮᠵᠢᠨ ᠠᠯᠪᠠᠨ ᠪᠠᠶᠢᠭᠤᠯᠭ᠎ᠠ ᠶᠢᠨ ᠶᠠᠪᠤᠳᠠᠯ᠂ ᠭᠠᠳᠠᠭᠠᠳᠤ ᠶᠠᠪᠤᠳᠠᠯ᠂ ᠡᠳ᠋ ᠤᠨ | ᠵᠠᠰᠠᠭ ᠭᠠᠶᠢᠯᠢ᠂ ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ︵ᠵᠠᠰᠠᠭ ᠤᠨ ᠶᠠᠪᠤᠳᠠᠯ ᠢ ᠢᠯᠡ ᠪᠣᠯᠭᠠᠬᠤ︶᠂ ᠲᠣᠮᠣ ᠲᠤᠭ᠎ᠠ | ᠪᠠᠷᠢᠮᠲᠠ ᠶᠢᠨ ᠬᠠᠮᠢᠶᠠᠷᠤᠯᠲᠠ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ | ᠬᠦᠷᠢᠶ᠎ᠡ ᠴᠠᠷᠠᠭ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠷᠢᠭᠤᠴᠠᠨ᠎ᠠ᠃ | ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ︵ᠭᠠᠳᠠᠭᠠᠳᠤ ᠶᠠᠪᠤᠳᠠᠯ ᠤᠨ ᠠᠯᠪᠠᠨ ᠭᠡᠷ᠂ | ᠪᠠᠶᠢᠭᠤᠯᠤᠯᠭ᠎ᠠ ᠶᠢᠨ ᠦᠢᠯᠡᠴᠢᠯᠡᠭᠡᠨ ᠤ ᠲᠥᠪ︶᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠵᠥᠪᠯᠡᠯ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ | ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ᠂ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ︶᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠳᠤᠪᠴᠢᠶ᠎ᠠ ᠶᠢ ᠬᠤᠪᠢᠳᠠᠨ | ᠬᠠᠮᠢᠶᠠᠷᠤᠨ᠎ᠠ ᠃ | ᠬᠤᠰᠢᠭᠤ ᠳᠠᠷᠤᠭ᠎ᠠ ᠶᠢ ᠬᠠᠮᠵᠢᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ | ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠣᠷᠣᠨ ᠲᠤᠭ᠎ᠠ ᠶᠢᠨ ᠠᠯᠪᠠᠨ ᠭᠡᠷ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠢᠴᠢ ᠬᠤᠰᠢᠭᠤᠨ ᠳᠤ ᠰᠠᠭᠤᠭ᠎ᠠ ᠡᠯ᠎ᠡ ᠪᠠᠩᠬᠢ ᠳᠠᠭᠠᠳᠬᠠᠯ ᠤᠨ ᠪᠠᠶᠢᠭᠤᠯᠤᠮᠵᠢ᠂ ᠬᠠᠮᠲᠤᠷᠠᠯᠴᠠᠭᠠᠨ ᠤ | ᠲᠥᠪ᠂ ᠦᠵᠦᠮᠦᠴᠢᠨ ᠵᠣᠴᠢᠳ ᠤᠨ ᠪᠠᠭᠤᠳᠠᠯ᠂ ᠡᠳ᠋ ᠤᠨ ᠵᠠᠰᠠᠭ ᠢᠲᠡᠭᠡᠮᠵᠢ ᠶᠢᠨ ᠺᠣᠮᠫᠠᠨᠢ ᠲᠠᠢ ᠬᠠᠷᠢᠯᠴᠠᠨ᠎ᠠ᠃ | | | | | | |