ᠵᠠᠯᠠᠭᠤ ᠪᠠᠭᠰᠢ ᠶᠢᠨ ᠨᠠᠨᠳᠢᠨ ᠡᠷᠢᠯᠬᠢᠯᠡᠯ
ᠨᠡᠶᠢᠲᠡᠯᠡᠭᠰᠡᠨ ᠴᠠᠭ᠄
2021/9/15
             ᠵᠠᠯᠠᠭᠤ ᠪᠠᠭᠰᠢ ᠶᠢᠨ ᠨᠠᠨᠳᠢᠨ ᠡᠷᠢᠯᠬᠢᠯᠡᠯ                                                ᠤᠨᠠᠭᠰᠠᠨ ᠮᠠᠯᠠᠭᠠᠢ ᠠᠪᠬᠤ ᠵᠠᠪ ᠦᠭᠡᠢ ᠤᠳᠠᠰᠤ ᠲᠤᠰᠤᠨ ᠶᠠᠭᠠᠷᠠᠵᠤ ᠪᠠᠶᠢᠭ᠎ᠠ ᠡᠨᠡ ᠵᠠᠯᠠᠭᠤ ᠪᠠᠭᠰᠢ ᠶᠢ ᠴᠡᠩᠭᠡᠯᠪᠠᠶᠠᠷ ᠬᠡᠳᠡᠭ᠃ 2010 ᠤᠨ ᠳᠤ ᠶᠡᠭᠡ ᠰᠤᠷᠭᠠᠭᠤᠯᠢ ᠲᠡᠬᠦᠰᠦᠮᠡᠭᠴᠡ ᠪᠠᠨ ᠦᠰᠴᠦ ᠲᠦᠷᠦᠭᠰᠡᠨ ᠦᠯᠦᠭᠡᠢ ᠨᠤᠳᠤᠭ ᠲᠠᠭᠠᠨ ᠪᠤᠴᠠᠨ᠂  ᠪᠠᠷᠠᠭᠤᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠲᠤᠮᠳᠠᠳᠤ ᠰᠤᠷᠭᠠᠭᠤᠯᠢ  ᠳᠤ ᠠᠵᠢᠯ ᠤᠨ ᠭᠠᠷᠤᠭ᠎ᠠ ᠪᠠᠨ ᠠᠪᠤᠭᠰᠠᠨ ᠠᠴᠠ ᠨᠠᠰᠢ ᠰᠤᠷᠭᠠᠨ ᠬᠦᠮᠦᠵᠢᠯ ᠤᠨ ᠹᠷᠤᠨᠲ ᠲᠤ ᠴᠢᠷᠮᠠᠶᠢᠨ ᠵᠢᠳᠬᠦᠵᠦ  ᠡᠳᠦᠭᠡ‌ᠠᠷᠪᠠᠨ ᠨᠢᠭᠡᠨ ᠵᠢᠯ  ᠨᠢᠭᠤᠷ ᠢ ᠦᠵᠡᠵᠡᠢ᠃
     ᠴᠡᠩᠭᠡᠯᠪᠠᠶᠠᠷ᠂ ᠰᠤᠷᠭᠠᠭᠤᠯᠢ ᠶᠢᠨ ᠬᠤᠶᠠᠳᠤᠭᠠᠷ ᠨᠠᠮ ᠤᠨ ᠡᠬᠦᠷ ᠤᠨ ᠱᠦᠵᠢ᠂ ᠬᠢᠴᠢᠶᠡᠯ ᠬᠦᠮᠦᠵᠢᠯ ᠤᠨ ᠡᠷᠬᠢᠯᠡᠭᠴᠢ ᠠᠴᠠ ᠭᠠᠳᠠᠨ᠎ᠠ ᠭᠠᠵᠠᠷ ᠵᠦᠢ ᠶᠢᠨ ᠪᠠᠭᠰᠢ ᠶᠢᠨ ᠠᠵᠢᠯ ᠢ ᠬᠠᠪᠰᠤᠷᠭᠠᠨ ᠠᠵᠢᠯᠯᠠᠳᠠᠭ ᠲᠤᠯᠠ ᠬᠢᠴᠢᠶᠡᠯᠯᠡᠬᠦ ᠴᠠᠭ  ᠢ ᠭᠠᠷᠭᠠᠪᠠᠯ ᠬᠢᠴᠢᠶᠡᠯ ᠬᠦᠮᠦᠵᠢᠯ   ᠤᠨ ᠡᠯ᠎ᠡ ᠵᠦᠢᠯ ᠤᠨ ᠠᠵᠢᠯ ᠳᠤ ᠶᠠᠭᠠᠷᠠᠤᠬᠠᠨ ᠠᠵᠢᠯᠯᠠᠳᠠᠭ ᠨᠢ ᠡᠨᠡ ᠪᠠᠶᠢᠵᠠᠢ᠃
    ᠮᠤᠩᠭᠤᠯ ᠦᠨᠳᠦᠰᠦᠲᠡᠨ ᠤ ᠲᠤᠮᠳᠠᠳᠤ ᠰᠤᠷᠭᠠᠭᠤᠯᠢ ᠨᠢ ᠴᠡᠩᠭᠡᠯᠪᠡᠶᠠᠷ ᠤᠨ ᠬᠤᠪᠢ ᠳᠤ ᠵᠦᠪᠬᠡᠨ ᠠᠵᠢᠯᠯᠠᠵᠤ ᠠᠯᠪᠠᠯᠠᠳᠠᠭ ᠭᠠᠵᠠᠷ ᠲᠡᠳᠤᠢ ᠪᠢᠰᠢ ᠬᠠᠷᠢᠨ ᠠᠯᠢᠪᠠ ᠪᠦᠬᠦᠨ ᠤ ᠬᠢᠨᠢ ᠡᠬᠢᠯᠡᠯᠲᠡ᠂ ᠠᠮᠵᠢᠯᠲᠠ ᠪᠦᠳᠦᠭᠡᠯ ᠤᠨ ᠬᠢᠨᠢ ᠤᠨᠳᠤᠷᠠᠮᠠᠯ ᠪᠤᠯᠠᠭ᠂ ᠠᠩᠬᠠᠨ ᠤ ᠪᠦᠬᠦᠨ ᠤ ᠬᠢᠨᠢ ᠨᠠᠨᠳᠢᠨ ᠲᠤᠷᠠᠰᠤᠮᠵᠢ ᠪᠠᠶᠢᠳᠠᠭ ᠲᠤᠯᠠ᠂ ᠡᠬᠡ ᠰᠤᠷᠭᠠᠭᠤᠯᠢ ᠠᠴᠠ ᠪᠠᠨ ᠰᠢᠮ᠎ᠡ ᠬᠦᠷᠳᠡᠨ᠂  ᠬᠦᠰᠡᠯ ᠢᠶᠠᠨ ᠲᠡᠷᠭᠡᠯᠰᠢᠬᠦᠯᠵᠦ᠂ ᠠᠬᠢᠨ ᠦᠷᠦᠭᠡᠯ ᠪᠤᠰᠤᠳ ᠲᠤ ᠮᠡᠳᠡᠯᠭᠡ ᠲᠦᠭᠡᠭᠡᠭᠦ ᠤᠶᠤᠨ ᠤ ᠢᠨᠵᠧᠨᠧᠷ ᠪᠤᠯᠤᠭᠰᠠᠨ ᠳᠠᠭᠠᠨ  ᠬᠢᠵᠠᠭᠠᠷᠯᠠᠰᠢ ᠦᠭᠡᠢ ᠶᠡᠭᠡ ᠤᠮᠤᠭᠰᠢᠨ᠂ ᠪᠠᠭᠰᠢ ᠶᠢᠨ ᠠᠵᠢᠯ ᠢᠶᠠᠷ ᠢᠶᠠᠨ ᠪᠠᠭ᠋ᠠᠷᠬᠠᠵᠤ᠂ ᠠᠷᠪᠠ ᠭᠠᠷᠤᠢ ᠵᠢᠯ   ᠢ ᠬᠠᠶᠢᠷ᠎ᠠ ᠬᠠᠷᠢᠭᠤᠴᠠᠯᠭ᠎ᠠ ᠪᠠᠷ ᠲᠡᠮᠳᠡᠭᠯᠡᠵᠦ ᠶᠠᠪᠤᠬᠤ ᠳᠠᠭᠠᠨ ᠤᠷᠢᠳ ᠬᠤᠵᠢᠳ ᠬᠤᠰᠢᠭᠤ ᠲᠡᠰ᠂ ᠠᠶᠢᠮᠠᠭ ᠲᠡᠰ ᠤᠨ ᠰᠢᠯᠢᠳᠡᠭ ᠠᠩᠭᠢ ᠶᠢᠨ ᠡᠷᠬᠢᠯᠡᠭᠴᠢ᠂ ᠪᠦᠬᠦ ᠬᠤᠰᠢᠭᠤᠨ ᠤ ᠶᠤᠰᠤ ᠰᠤᠷᠳᠠᠬᠤᠨ ᠤ ᠬᠦᠮᠦᠵᠢᠯ ᠤᠨ ᠲᠡᠷᠢᠬᠦᠨ ᠤ ᠠᠵᠢᠯᠳᠠᠨ᠂  ᠰᠢᠯᠢᠳᠡᠭ ᠪᠠᠭᠰᠢ  ᠵᠡᠷᠭᠡ ᠤᠯᠠᠨ ᠠᠷᠪᠢᠨ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠵᠤ᠂ ᠵᠤᠷᠢᠭᠰᠠᠨ ᠦᠢᠯᠡᠰ ᠤᠨ ᠲᠦᠯᠦᠭᠡ ᠵᠢᠯᠤᠭᠤ  ᠴᠢᠩᠭᠠᠯᠠᠨ ᠴᠢᠷᠮᠠᠶᠢᠨ ᠠᠵᠢᠯᠯᠠᠵᠣ ᠢᠷᠡᠵᠡᠢ᠃
    ᠴᠡᠩᠭᠡᠯᠪᠡᠷ ᠬᠠᠶᠢᠷ᠎ᠠ ᠪᠢᠯᠬᠠᠭᠰᠠᠨ ᠠᠮᠢᠳᠤᠷᠠᠯ ᠳᠠᠭᠠᠨ ᠰᠡᠳᠬᠢᠯ ᠬᠠᠩᠬᠤᠯᠣᠭᠤᠨ ᠪᠠᠶᠢᠵᠣ᠂ ᠤᠷᠭᠤᠬᠤ ᠨᠠᠷᠠᠨ ᠠᠴᠠ ᠦᠳᠡᠰᠢ ᠶᠢᠨ ᠪᠦᠷᠦᠢ ᠪᠤᠯᠳᠠᠯ᠎ᠠ ᠪᠤᠷᠪᠢ ᠪᠤᠰᠬᠢᠯ ᠦᠭᠡᠢ ᠶᠠᠭᠠᠷᠠᠵᠤ᠂ ᠠᠮᠢᠳᠤᠷᠠᠯ ᠤᠨ ᠬᠦᠭ ᠠᠶᠠᠰ ᠨᠢ ᠲᠠᠪᠴᠢᠭᠤᠬᠠᠨ ᠪᠠᠶᠢᠭᠰᠠᠨ  ᠭᠡᠯ᠎ᠡ ᠴᠦ ᠠᠵᠢᠯ ᠠᠮᠢᠳᠤᠷᠠᠯ ᠠᠯᠢ ᠪᠦᠬᠦᠨ ᠢᠶᠠᠨ ᠵᠤᠬᠢᠴᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠨ᠂ ᠠᠷᠠᠳ ᠤᠨ ᠪᠠᠭᠰᠢ  ᠪᠤᠯᠬᠤ ᠶᠢᠨ ᠬᠠᠪᠤ ᠴᠡᠩᠭᠡᠯ᠂ ᠠᠪᠤ ᠬᠦᠮᠦᠨ ᠪᠤᠯᠬᠤ ᠶᠢᠨ ᠵᠤᠯ ᠵᠢᠷᠭᠠᠯ ᠢ ᠠᠮᠳᠠᠷᠬᠠᠨ᠂ ᠵᠠᠪ ᠴᠢᠯᠦᠭᠡ  ᠭᠠᠷᠪᠠᠯ ᠠᠷᠤ ᠭᠡᠷ ᠲᠤ ᠪᠠᠶᠢᠭ᠎ᠠ ᠨᠠᠰᠤᠳᠠᠨ ᠪᠤᠭᠤᠷᠤᠯ ᠳᠠᠭᠠᠨ  ᠬᠦᠷᠴᠦ᠂ ᠠᠵᠢᠯ ᠠᠮᠢᠳᠤᠷᠠᠯ   ᠳᠤ ᠨᠢ  ᠬᠠᠮ  ᠲᠡᠮ ᠪᠤᠯᠵᠤ᠂   ᠠᠴᠢᠯᠠᠵᠤ  ᠬᠠᠷᠠᠭᠠᠯᠵᠠᠵᠤ ᠶᠠᠪᠤᠳᠠᠭ  ᠪᠢᠯᠡ᠃
    ᠡᠶᠢᠨᠬᠦ  ᠴᠡᠩᠭᠡᠯᠪᠠᠶᠠᠷ ᠬᠦᠰᠡᠵᠦ ᠰᠠᠨᠠᠭᠰᠠᠨ ᠵᠦᠢᠯ ᠪᠦᠬᠦᠨ ᠤ ᠪᠠᠨ ᠲᠦᠯᠦᠭᠡ ᠬᠦᠴᠦᠯᠡᠨ  ᠴᠢᠷᠮᠠᠶᠢᠵᠤ᠂ ᠵᠠᠯᠠᠭᠤ ᠽᠠᠨᠳᠠᠨ ᠨᠠᠰᠤ ᠪᠠᠨ ᠡᠷᠢᠯᠬᠢᠯᠡᠯ ᠲᠡᠮᠡᠦᠯᠡᠯ  ᠂ ᠡᠭᠦᠷᠭᠡ ᠬᠠᠷᠢᠭᠤᠴᠠᠯᠭ᠎ᠠ᠂  ᠢᠳᠡᠭᠡᠯ ᠬᠠᠶᠢᠷ᠎ᠠ ᠪᠠᠷ ᠪᠢᠴᠢᠭᠯᠡᠵᠦ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠤ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号