ᠵᠡᠮᠳᠡᠭᠴᠦᠳ ᠤᠨ ᠬᠤᠯᠪᠣᠭᠠᠲᠤ ᠬᠤᠷᠠᠯ  ᠭᠡᠷ ᠲᠤ ᠨᠢ ᠨᠠᠶᠢᠳᠠᠨ ᠠᠰᠠᠷᠠᠭᠤᠯᠬᠤ ᠦᠢᠯᠡᠴᠢᠯᠡᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/3
   ᠵᠡᠮᠳᠡᠭᠴᠦᠳ ᠤᠨ ᠬᠤᠯᠪᠣᠭᠠᠲᠤ ᠬᠤᠷᠠᠯ  ᠭᠡᠷ ᠲᠤ ᠨᠢ ᠨᠠᠶᠢᠳᠠᠨ ᠠᠰᠠᠷᠠᠭᠤᠯᠬᠤ ᠦᠢᠯᠡᠴᠢᠯᠡᠭᠡ ᠶᠢᠨ ᠠᠵᠢᠯᠯᠠᠭ᠎ᠠ‌ᠥᠷᠨᠢᠭᠦᠯᠪᠡ                                                  ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠨ᠎ᠡ︾ ᠦᠢᠯᠡᠴᠢᠯᠡᠭᠡᠨ ᠤ ᠠᠵᠢᠯᠯᠠᠭ᠎ᠠ ᠶᠢ ᠤᠯᠠᠮ ᠭᠦᠨᠵᠡᠭᠡᠶ ᠠᠬᠢᠭᠤᠯᠵᠤ᠂ ᠵᠡᠮᠳᠡᠭ ᠬᠥᠮᠦᠰ ᠤᠨ ᠬᠡᠷ ᠪᠦᠯᠢ ᠶᠢᠨ ᠳᠠᠷᠤᠭᠠᠰᠣ  ᠶᠢ ᠬᠥᠩᠭᠡᠷᠡᠭᠦᠯᠵᠦ᠂  ᠵᠡᠮᠳᠡᠭᠴᠦᠳ ᠤᠨ ᠠᠮᠢᠳᠤᠷᠠᠯ ᠤᠨ ᠬᠢᠷᠢ ᠳᠦᠪᠰᠢᠨ ᠢ  ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠳᠣᠰᠠᠳᠠ᠂ ᠬᠤᠰᠢᠭᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠵᠠᠰᠠᠭ ᠤᠨ ᠣᠷᠳᠣᠨ  ᠠᠴᠠ ᠦᠢᠯᠡᠴᠢᠯᠡᠭᠡ ᠶᠢ ᠬᠤᠳᠠᠯᠳᠤᠨ ᠠᠪᠬᠤ ᠬᠡᠯᠪᠡᠷᠢ ᠪᠠᠷ ᠰᠢᠯᠢ ᠶᠢᠨ ᠭᠤᠤᠯ ᠠᠶᠢᠮᠠᠭ ᠤᠨ ᠣᠷᠤᠭ ᠬᠡᠷ ᠪᠦᠯᠢ ᠶᠢᠨ ᠨᠡᠶᠢᠭᠡᠮᠯᠢᠭ ᠲᠤ ᠨᠠᠶᠢᠳᠠᠨ᠂ ︽ᠪᠠᠶᠠᠰᠣᠯᠲᠤ ᠭᠡᠷ ᠪᠥᠯᠢ ᠶᠢᠨ ᠲᠥᠯᠥᠪᠯᠡᠭᠡ︾  ᠭᠡᠷ ᠲᠤ ᠨᠢ ᠨᠠᠶᠢᠳᠠᠨ ᠠᠰᠠᠷᠠᠭᠤᠯᠬᠤ  ᠦᠢᠯᠡᠴᠢᠯᠡᠭᠡ ᠶᠢᠨ ᠠᠵᠢᠯᠯᠠᠭ᠎ᠠ ᠥᠷᠨᠢᠭᠦᠯᠵᠦ᠂ 16 ᠡᠷᠦᠬᠡ ᠶᠠᠳᠠᠭᠤ ᠬᠦᠴᠢᠷᠳᠡᠯᠲᠡᠶ ᠬᠦᠨᠳᠦ ᠵᠡᠮᠳᠡᠭᠴᠦᠳ ᠤᠨ ᠬᠡᠷ ᠪᠦᠯᠢ ᠳᠤ ᠨᠠᠶᠢᠳᠠᠨ ᠠᠰᠠᠷᠠᠭᠤᠯᠬᠤ  ᠦᠢᠯᠡᠴᠢᠯᠡᠭᠡ  ᠬᠠᠩᠭᠠᠵᠠᠢ᠃    ᠣᠶᠢᠯᠠᠭᠠᠭᠰᠠᠨ ᠢᠶᠠᠷ᠂ ᠲᠣᠰ ᠤᠳᠠᠭᠠᠨ ᠤ  ︽ ᠪᠠᠶᠠᠰᠣᠯᠲᠤ ᠭᠡᠷ ᠪᠥᠯᠢ ᠶᠢᠨ ᠲᠥᠯᠥᠪᠯᠡᠭᠡ︾  ᠨᠠᠶᠢᠳᠠᠨ ᠠᠰᠠᠷᠠᠭᠤᠯᠬᠤ ᠦᠢᠯᠡᠴᠢᠯᠡᠭᠡ ᠶᠢᠨ ᠠᠵᠢᠯᠯᠠᠭ᠎ᠠ ᠨᠢ ᠭᠤᠤᠯᠳᠠᠭᠤ ᠵᠡᠮᠳᠡᠭᠴᠦᠳ ᠤᠨ ᠬᠡᠷ ᠪᠦᠯᠢ ᠳᠤ ᠬᠦᠷᠴᠦ ᠴᠤᠩᠬᠤ ᠰᠢᠯ ᠵᠦᠯᠭᠦᠬᠦ᠂ ᠠᠷᠢᠭᠤᠨ ᠴᠡᠪᠡᠷ ᠤᠨ ᠲᠠᠰᠤᠯᠭ᠎ᠠ ᠶᠢ ᠴᠡᠪᠡᠷᠯᠡᠬᠦ᠂ ᠬᠤᠪᠴᠠᠰᠤ ᠬᠤᠨᠠᠷ ᠤᠭᠢᠶᠠᠬᠤ ᠵᠡᠷᠭᠡ ᠬᠤᠶᠠᠷ ᠣᠳᠠᠭᠠᠨ ᠤ ᠬᠡᠷ ᠪᠦᠯᠢ ᠶᠢᠨ ᠴᠡᠪᠡᠷᠯᠡᠭᠡᠨ ᠤ ᠠᠵᠢᠯᠯᠠᠭ᠎ᠠ ᠶᠢ ᠪᠠᠭᠲᠠᠭᠠᠵᠤ᠂ ᠪᠠᠰᠠ ᠵᠡᠮᠳᠡᠭᠴᠦᠳ ᠲᠤ ᠦᠰᠦ ᠵᠠᠰᠠᠬᠤ᠂ ᠪᠡᠶ᠎ᠡ ᠤᠬᠢᠶᠠᠬᠤ ᠵᠡᠷᠭᠡ ᠦᠢᠯᠡᠴᠢᠯᠡᠭᠡ  ᠬᠠᠩᠭᠠᠬᠤ ᠪᠤᠯᠤᠨ᠎ᠠ᠃           ᠲᠤᠰ ᠠᠵᠢᠯᠯᠠᠭ᠎ᠠ ᠨᠢ ᠵᠡᠮᠳᠡᠭᠴᠦᠳ  ᠤᠨ ᠠᠵᠤ ᠠᠮᠢᠳᠣᠷᠠᠯ  ᠤᠨ ᠦᠨᠳᠦᠰᠦᠨ ᠪᠠᠶᠢᠳᠠᠯ ᠢ ᠨᠢ ᠠᠰᠠᠷᠠᠨ ᠳᠡᠮᠵᠢᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ  ᠳᠡᠭᠡᠭᠰᠢᠯᠡᠭᠦᠯᠦᠨ᠂ ᠵᠡᠮᠳᠡᠭᠴᠦᠳ ᠤᠨ ᠭᠡᠷ ᠪᠦᠯᠢ ᠶᠢᠨ ᠳᠠᠷᠤᠭᠠᠰᠤ ᠶᠢ ᠪᠦᠲᠦᠮᠵᠢᠲᠡᠢ ᠬᠥᠩᠭᠡᠷᠡᠭᠦᠯᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠢᠴᠡᠳ ᠬᠠᠷᠠᠭᠤᠯᠤᠭᠰᠠᠨ ᠪᠠᠶᠢᠨ᠎ᠠ᠃   ᠠᠰᠠᠷᠠᠨ ᠬᠠᠷᠠᠭᠠᠯᠵᠠᠭᠴᠢ ᠸᠠᠩ ᠴᠧᠩ ᠵᠢᠶᠠᠩ  ᠄ ︽ᠮᠠᠨ ᠤ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠮᠠᠨ ᠤ ᠭᠡᠷ ᠪᠥᠯᠢ  ᠶᠢᠨ ᠬᠢᠨ ᠢ ᠥᠷᠭᠦᠯᠵᠢ ᠳᠣᠰᠠᠯᠠᠨ ᠳᠡᠮᠵᠢᠳᠡᠭ᠃  ᠪᠢᠳᠡ ᠬᠥᠴᠢᠷᠳᠡᠯᠲᠡᠢ ᠠᠰᠠᠭᠤᠳᠠᠯ ᠢᠶᠠᠨ ᠲᠤᠰᠬᠠᠪᠠᠯ ᠲᠡᠳᠡ  ᠴᠢᠳᠠᠬᠤ ᠶᠢᠨ ᠢᠶᠠᠨ ᠬᠢᠷᠢ ᠪᠠᠷ ᠪᠦᠬᠦᠨ ᠢ ᠰᠢᠢᠳᠪᠦᠷᠢᠯᠡᠵᠦ ᠥᠭᠳᠡᠭ᠃ ᠨᠠᠮ  ᠵᠠᠰᠠᠭ ᠤᠨ ᠬᠠᠶᠢᠷ᠎ᠠ ᠬᠠᠯᠠᠮᠵᠢ ᠳᠤ ᠥᠨᠡᠭᠡᠷ ᠪᠠᠶᠠᠷᠯᠠᠨ ᠲᠠᠯᠠᠷᠬᠠᠵᠤ ᠪᠠᠶᠢᠨ᠎ᠠ︕  ︾ ᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号