ᠦᠵᠦᠮᠦᠴᠢᠨ ᠨᠤᠳᠤᠭ ᠤᠨ ᠡᠭᠦᠯᠳᠡᠷ ᠤᠨ ᠬᠤᠨᠢ ᠪᠠᠨ ᠬᠠᠮᠠᠭᠠᠯᠠᠨ ᠦᠰᠬᠡᠬᠦ ᠠᠵᠢᠯ ᠢ ᠦᠷᠭᠦᠯᠵᠢᠯᠡᠨ ᠰᠠᠶᠢᠳᠤᠷ ᠬᠢᠨ᠎ᠡ
ᠨᠡᠶᠢᠲᠡᠯᠡᠭᠰᠡᠨ ᠴᠠᠭ᠄
2021/9/3
          ᠦᠵᠦᠮᠦᠴᠢᠨ ᠨᠤᠳᠤᠭ ᠤᠨ ᠡᠭᠦᠯᠳᠡᠷ ᠤᠨ ᠬᠤᠨᠢ ᠪᠠᠨ ᠬᠠᠮᠠᠭᠠᠯᠠᠨ ᠦᠰᠬᠡᠬᠦ ᠠᠵᠢᠯ ᠢ ᠦᠷᠭᠦᠯᠵᠢᠯᠡᠨ ᠰᠠᠶᠢᠳᠤᠷ ᠬᠢᠨ᠎ᠡ    ᠪᠠᠷᠠᠭᠤᠨ ᠦᠵᠦᠮᠦᠴᠢᠨ ᠬᠤᠰᠢᠭᠤ ᠦᠵᠦᠮᠦᠴᠢᠨ ᠬᠤᠨᠢᠨ ᠤ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠠᠵᠢᠯ ᠲᠤᠮᠳᠠ᠂ ᠡᠬᠡ ᠮᠠᠯ ᠪᠠ ᠬᠤᠴᠠ ᠰᠣᠩᠭᠤᠨ ᠪᠤᠶᠢᠵᠢᠭᠤᠯᠬᠤ ᠠᠵᠢᠯ ᠢ ᠦᠵᠦᠮᠦᠴᠢᠨ ᠬᠤᠨᠢᠨ ᠤ ᠡᠭᠦᠯᠳᠡᠷ ᠢ ᠬᠠᠮᠠᠭᠠᠯᠠᠨ ᠰᠠᠶᠢᠵᠢᠷᠠᠭᠤᠯᠬᠤ ᠴᠢᠬᠤᠯᠠ ᠠᠷᠭ᠎ᠠ ᠠᠪᠴᠠᠯ ᠪᠣᠯᠭᠠᠨ ᠠᠳᠬᠤᠵᠤ᠂ ᠪᠣᠳᠠᠲᠠᠶ ᠠᠷᠭ᠎ᠠ ᠲᠥᠰᠦᠯ ᠲᠣᠭᠲᠠᠭᠠᠨ ᠬᠡᠷᠡᠭᠵᠢᠬᠦᠯᠵᠦ ᠂ ᠮᠠᠯᠴᠢᠳ ᠢ ᠵᠢᠯᠤᠭᠤᠳᠤᠨ ᠲᠠᠭᠠᠭᠤᠯᠵᠤ᠂ ᠦᠵᠦᠮᠦᠴᠢᠨ ᠬᠤᠨᠢ ᠶᠢ ᠬᠠᠮᠠᠭᠠᠯᠠᠨ ᠦᠰᠬᠡᠬᠦ ᠠᠵᠢᠯ ᠢ ᠰᠠᠶᠢᠲᠤᠷ ᠬᠢᠵᠦ᠂ ᠮᠠᠯ ᠠᠵᠤ ᠠᠬᠤᠶ ᠶᠢᠨ ᠠᠵᠤ ᠦᠢᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠰᠢᠨᠡᠭᠤᠤᠯ ᠭᠠᠴᠠᠭᠠᠨ ᠤ ᠮᠠᠯᠴᠢᠨ ᠨᠠᠰᠤᠨᠪᠠᠲᠤ  ᠶᠢᠨ ᠬᠢᠨ 2000 ᠣᠨ ᠠᠴᠠ ᠡᠬᠢᠯᠡᠨ ᠦᠵᠦᠮᠦᠴᠢᠨ ᠬᠤᠨᠢ ᠲᠤᠰᠬᠠᠶᠢᠯᠠᠨ ᠮᠠᠯᠵᠢᠵᠦ ᠡᠬᠢᠯᠡᠵᠡᠢ᠃ 2018 ᠣᠨ ᠳᠤ ᠡᠳᠡᠨᠡᠶᠢᠬᠢᠨ ᠡᠬᠡ ᠮᠠᠯ ᠰᠣᠩᠭᠤᠨ ᠪᠤᠶᠢᠵᠢᠭᠤᠯᠬᠤ ᠡᠷᠦᠬᠡ ᠪᠠᠷ ᠲᠣᠭᠳᠠᠭᠠᠭᠳᠠᠭᠰᠠᠨ ᠪᠥᠭᠡᠳ ᠪᠠᠶᠠᠩᠬᠤᠸᠠ ᠪᠠᠯᠭᠠᠰᠤ ᠵᠡᠷᠭᠡ ᠭᠠᠵᠠᠷ ᠠᠴᠠ ᠬᠤᠴᠠ ᠬᠤᠳᠠᠯᠳᠤᠨ ᠠᠪᠴᠤ᠂ ᠬᠤᠨᠢᠨ ᠤ ᠴᠢᠨᠠᠷ ᠴᠢᠨᠰᠠᠭ᠎ᠠ ᠪᠠᠨ ᠰᠠᠶᠢᠵᠢᠷᠠᠭᠤᠯᠵᠤ᠂ ᠣᠢᠢᠷ᠎ᠠ ᠶᠢᠨ ᠭᠤᠷᠪᠠᠨ ᠵᠢᠯ ᠳᠤ ᠬᠢᠨᠠᠨ ᠲᠣᠭᠲᠠᠭᠠᠯᠲᠠ ᠪᠠᠷ ᠲᠠᠮᠵᠢᠨ 123 ᠦᠬᠢᠨ ᠬᠤᠷᠠᠭ᠎ᠠ ᠨᠢ ᠪᠡᠯᠡᠳᠬᠡᠯ ᠡᠬᠡ ᠮᠠᠯ ᠪᠠᠷ ᠰᠤᠩᠭᠤᠨ ᠲᠤᠭᠳᠠᠭᠠᠭᠳᠠᠵᠦ᠂ ᠬᠤᠷᠠᠭ᠎ᠠ ᠪᠦᠷᠢ ᠠᠴᠠ 200 ᠲᠥᠭᠦᠷᠢᠭ ᠤᠨ ᠠᠷᠠᠴᠢᠯᠠᠭ᠎ᠠ ᠮᠠᠯᠵᠢᠯᠭ᠎ᠠ ᠶᠢᠨ ᠨᠥᠬᠦᠪᠥᠷᠢ ᠤᠯᠳᠠᠭ ᠪᠠᠶᠢᠨ᠎ᠠ᠃    ᠪᠠᠷᠠᠭᠤᠨ ᠦᠵᠦᠮᠦᠴᠢᠨ ᠬᠤᠰᠢᠭᠤ ᠨᠢ ᠦᠵᠦᠮᠦᠴᠢᠨ ᠬᠤᠨᠢᠨ ᠤ ᠡᠭᠦᠯᠳᠡᠷ ᠤᠭᠰᠠᠭ᠎ᠠ ᠶᠢ ᠬᠠᠮᠠᠭᠠᠯᠠᠨ ᠰᠠᠶᠢᠵᠢᠷᠠᠭᠤᠯᠬᠤ ᠠᠵᠢᠯ ᠢ ᠦᠵᠦᠮᠦᠴᠢᠨ ᠬᠤᠨᠢ ᠶᠢ ᠬᠠᠮᠠᠭᠠᠯᠠᠨ ᠦᠰᠬᠡᠬᠦ ᠴᠢᠬᠤᠯᠠ ᠠᠷᠭ᠎ᠠ ᠠᠪᠴᠠᠯ ᠪᠣᠯᠭᠠᠨ ᠠᠳᠬᠤᠵᠤ᠂ ᠬᠤᠰᠢᠭᠤᠨ ᠤ ᠪᠠᠨ ᠡᠳ᠋ ᠤᠨ ᠵᠠᠰᠠᠭ ᠠᠴᠠ ᠲᠤᠰᠬᠠᠶ ᠲᠦᠷᠦᠯ ᠤᠨ ᠪᠡᠯᠡ ᠮᠥᠩᠭᠦ ᠲᠤᠬᠢᠷᠠᠭᠤᠯᠤᠨ᠂ ᠱᠠᠩᠨᠠᠨ ᠨᠦᠬᠦᠪᠦᠷᠢᠯᠡᠬᠦ ᠠᠷᠭ᠎ᠠ ᠭᠡᠮᠵᠢᠶ᠎ᠡ ᠶᠢ ᠲᠤᠭᠳᠠᠭᠠᠨ ᠬᠡᠷᠡᠭᠵᠢᠬᠦᠯᠬᠦ ᠪᠠ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠦᠵᠦᠮᠦᠴᠢᠨ ᠬᠤᠨᠢᠨ ᠤ ᠬᠢᠨᠠᠨ ᠲᠣᠭᠲᠠᠭᠠᠯᠲᠠ ᠶᠢᠨ ᠠᠵᠢᠯ ᠢ ᠲᠤᠭᠳᠠᠭᠰᠠᠨ ᠬᠤᠭᠤᠴᠠᠭᠠᠨ ᠳᠤ ᠬᠢᠬᠦ ᠪᠠᠷ ᠳᠠᠮᠵᠢᠨ ᠪᠡᠯᠡᠳᠬᠡᠯ ᠡᠬᠡ ᠮᠠᠯ᠂ ᠬᠤᠴᠠ ᠰᠣᠩᠭᠤᠨ ᠪᠤᠶᠢᠵᠢᠭᠤᠯᠬᠤ ᠠᠵᠢᠯ ᠢ ᠲᠤᠤᠱᠳᠠᠢ ᠶᠠᠪᠤᠭᠳᠠᠭᠤᠯᠵᠤ᠂ ᠬᠤᠴᠠ ᠮᠠᠯᠵᠢᠬᠤ ᠲᠤᠰᠬᠠᠶ ᠡᠷᠦᠬᠡ ᠪᠣᠯᠤᠨ ᠦᠵᠦᠮᠦᠴᠢᠨ ᠬᠤᠨᠢᠨ ᠤ ᠭᠤᠤᠯᠳᠠᠯᠭᠠᠳᠤ ᠰᠦᠷᠦᠭ ᠪᠠᠶᠢᠭᠤᠯᠬᠤ ᠵᠠᠭᠪᠤᠷ ᠢᠶᠠᠷ ᠪᠦᠭᠦ ᠬᠤᠰᠢᠭᠤᠨ  ᠳᠤ ᠨᠡᠶᠢᠳᠡ 260 ᠡᠷᠦᠬᠡ ᠦᠵᠦᠮᠦᠴᠢᠨ ᠬᠤᠨᠢᠨ ᠤ ᠭᠤᠤᠯᠳᠠᠯᠭᠠᠳᠤ ᠰᠦᠷᠦᠭ ᠪᠠᠶᠢᠭᠤᠯᠤᠨ᠂ 2600 ᠡᠷᠦᠬᠡ ᠦᠵᠦᠮᠦᠴᠢᠨ ᠬᠤᠨᠢᠨ ᠤ ᠪᠠᠷᠢᠮᠵᠢᠶᠠᠳᠤ ᠰᠦᠷᠦᠭ ᠰᠤᠩᠭᠤᠨ ᠭᠠᠷᠭᠠᠵᠦ᠂ 17 ᠦᠷ᠎ᠡ ᠶᠢᠨ ᠮᠠᠯ ᠤᠨ ᠦᠷᠭᠡᠳᠬᠡᠭᠰᠡᠨ ᠲᠠᠯᠠᠪᠠᠢ ᠪᠠ 1 ᠦᠷ᠎ᠡ ᠶᠢᠨ ᠮᠠᠯ ᠤᠨ ᠲᠠᠯᠠᠪᠠᠢ ᠶᠢ ᠪᠠᠶᠢᠭᠤᠯᠪᠠ᠃    2021 ᠣᠨ ᠳᠤ ᠦᠵᠦᠮᠦᠴᠢᠨ ᠬᠤᠨᠢᠨ ᠤ ᠬᠢᠨᠠᠨ ᠲᠤᠭᠳᠠᠭᠠᠯᠳᠠ ᠶᠢᠨ ᠠᠵᠢᠯ ᠢ ᠦᠷᠭᠦᠯᠵᠢᠯᠡᠨ ᠢᠳᠡᠪᠬᠢᠳᠡᠢ ᠶᠠᠪᠤᠭᠳᠠᠭᠤᠯᠵᠤ᠂ ᠣᠲᠣ ᠪᠣᠯᠲᠠᠯ᠎ᠠ᠂ ᠪᠥᠬᠦ ᠬᠤᠰᠢᠭᠤᠨ ᠳᠤ ᠨᠡᠶᠢᠳᠡ 15346 ᠬᠤᠴᠠᠨ ᠳᠤ ᠤᠨ ᠤ ᠬᠢᠨᠠᠨ ᠲᠤᠭᠳᠠᠭᠠᠯᠳᠠ ᠬᠢᠵᠦ᠂ ᠡᠭᠦᠨ ᠳᠤ 13568 ᠬᠤᠴᠠ ᠬᠢᠷᠢ ᠲᠡᠩᠴᠡᠵᠦ᠂ 4418 ᠰᠢᠳᠤᠯᠡᠩ ᠬᠤᠴᠨ ᠳᠤ ᠬᠢᠨᠠᠨ ᠲᠤᠭᠳᠠᠭᠠᠯᠳᠠ ᠬᠢᠵᠦ᠂ ᠡᠭᠦᠨ ᠳᠤ 3680 ᠬᠤᠴᠠ ᠬᠢᠷᠢ ᠲᠡᠩᠴᠡᠵᠦ᠂ ᠮᠠᠯᠵᠢᠬᠤ ᠡᠷᠦᠬᠡ ᠳᠤ ᠬᠤᠳᠠᠯᠳᠤᠭᠰᠠᠨ ᠤ ᠲᠠᠷᠠᠭ᠎ᠠ ᠬᠤᠴᠠ ᠪᠦᠷᠢ ᠳᠤ 1600 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠤᠯᠭᠤᠬᠤ ᠪᠤᠯᠤᠨ᠎ᠠ᠃ ᠡᠭᠦᠨ ᠤ ᠬᠠᠮᠲᠤ᠂ ᠪᠠᠷᠠᠭᠤᠨ ᠦᠵᠦᠮᠦᠴᠢᠨ ᠬᠤᠰᠢᠭᠤ ᠨᠢ ᠮᠠᠯ ᠠᠵᠤ ᠠᠬᠤᠶ ᠶᠢᠨ ᠠᠵᠢᠯ ᠲᠤᠮᠳᠠ ᠡᠭᠦᠯᠳᠡᠷ ᠰᠠᠶᠢᠵᠢᠷᠠᠭᠤᠯᠬᠤ ᠱᠠᠩᠨᠠᠯ ᠨᠥᠬᠦᠪᠥᠷᠢ ᠶᠢᠨ ᠠᠵᠢᠯ ᠢ ᠨᠠᠷᠢᠨ ᠬᠢᠨᠠᠮᠠᠭᠠᠶ ᠬᠢᠵᠦ᠂ 2020 ᠣᠨ ᠳᠤ 3163 ᠰᠢᠳᠤᠯᠠᠩ ᠬᠤᠴᠠ ᠶᠢ ᠮᠠᠯᠴᠢᠳ ᠲᠤ ᠪᠤᠷᠤᠯᠠᠭᠤᠯᠵᠤ᠂ ᠬᠤᠴᠠ ᠬᠤᠳᠠᠯᠳᠤᠨ ᠠᠪᠬᠤ ᠨᠥᠬᠦᠪᠥᠷᠢ ᠨᠡᠶᠢᠲᠡ 506.08 ᠲᠦᠮᠡᠨ ᠲᠥᠭᠦᠷᠢᠭ ᠢ ᠨᠠᠶᠢᠳᠠᠪᠤᠷᠢᠵᠢᠭᠤᠯᠤᠭᠰᠠᠨ ᠪᠦᠭᠡᠳ ᠤᠳᠤᠬᠠᠨ ᠳᠤ 2021 ᠤᠨ ᠤ ᠦᠵᠦᠮᠦᠴᠢᠨ ᠬᠤᠨᠢ ᠶᠢ ᠰᠤᠩᠭᠤᠨ ᠪᠤᠶᠢᠵᠢᠭᠤᠯᠬᠤ ᠡᠯ᠎ᠡ ᠲᠠᠯ᠎ᠠ ᠶᠢᠨ ᠠᠵᠢᠯ ᠪᠦᠬᠦ ᠲᠠᠯ᠎ᠠ ᠪᠠᠷ ᠶᠠᠪᠤᠭᠳᠠᠵᠤ᠂ ᠦᠵᠦᠮᠦᠴᠢᠨ ᠬᠤᠨᠢᠨ ᠤ ᠠᠵᠤ ᠦᠢᠢᠯᠡᠰᠵᠢᠯᠲᠡ ᠶᠢ ᠠᠬᠢᠭᠤᠯᠤᠨ ᠂ ᠬᠠᠮᠠᠭᠠᠯᠠᠨ ᠦᠰᠬᠡᠬᠦ ᠠᠵᠢᠯ ᠢ ᠰᠠᠶᠢᠳᠤᠷ ᠬᠢᠵᠦ ᠪᠠᠶᠢᠨ᠎ᠠ ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号