ᠦᠵᠦᠮᠦᠴᠢᠨ ᠨᠤᠳᠤᠭ ᠤᠨ ᠡᠭᠦᠯᠳᠡᠷ ᠤᠨ ᠬᠤᠨᠢ ᠪᠠᠨ ᠬᠠᠮᠠᠭᠠᠯᠠᠨ | ᠦᠰᠬᠡᠬᠦ ᠠᠵᠢᠯ ᠢ ᠦᠷᠭᠦᠯᠵᠢᠯᠡᠨ ᠰᠠᠶᠢᠳᠤᠷ ᠬᠢᠨ᠎ᠡ | | ᠪᠠᠷᠠᠭᠤᠨ ᠦᠵᠦᠮᠦᠴᠢᠨ ᠬᠤᠰᠢᠭᠤ ᠦᠵᠦᠮᠦᠴᠢᠨ ᠬᠤᠨᠢᠨ ᠤ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠠᠵᠢᠯ | ᠲᠤᠮᠳᠠ᠂ ᠡᠬᠡ ᠮᠠᠯ ᠪᠠ ᠬᠤᠴᠠ ᠰᠣᠩᠭᠤᠨ ᠪᠤᠶᠢᠵᠢᠭᠤᠯᠬᠤ ᠠᠵᠢᠯ ᠢ ᠦᠵᠦᠮᠦᠴᠢᠨ ᠬᠤᠨᠢᠨ ᠤ ᠡᠭᠦᠯᠳᠡᠷ ᠢ ᠬᠠᠮᠠᠭᠠᠯᠠᠨ | ᠰᠠᠶᠢᠵᠢᠷᠠᠭᠤᠯᠬᠤ ᠴᠢᠬᠤᠯᠠ ᠠᠷᠭ᠎ᠠ ᠠᠪᠴᠠᠯ ᠪᠣᠯᠭᠠᠨ ᠠᠳᠬᠤᠵᠤ᠂ ᠪᠣᠳᠠᠲᠠᠶ ᠠᠷᠭ᠎ᠠ ᠲᠥᠰᠦᠯ ᠲᠣᠭᠲᠠᠭᠠᠨ ᠬᠡᠷᠡᠭᠵᠢᠬᠦᠯᠵᠦ | ᠂ ᠮᠠᠯᠴᠢᠳ ᠢ ᠵᠢᠯᠤᠭᠤᠳᠤᠨ ᠲᠠᠭᠠᠭᠤᠯᠵᠤ᠂ ᠦᠵᠦᠮᠦᠴᠢᠨ ᠬᠤᠨᠢ ᠶᠢ ᠬᠠᠮᠠᠭᠠᠯᠠᠨ ᠦᠰᠬᠡᠬᠦ ᠠᠵᠢᠯ ᠢ ᠰᠠᠶᠢᠲᠤᠷ ᠬᠢᠵᠦ᠂ | ᠮᠠᠯ ᠠᠵᠤ ᠠᠬᠤᠶ ᠶᠢᠨ ᠠᠵᠤ ᠦᠢᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠰᠢᠨᠡᠭᠤᠤᠯ ᠭᠠᠴᠠᠭᠠᠨ ᠤ ᠮᠠᠯᠴᠢᠨ ᠨᠠᠰᠤᠨᠪᠠᠲᠤ | ᠶᠢᠨ ᠬᠢᠨ 2000 ᠣᠨ ᠠᠴᠠ ᠡᠬᠢᠯᠡᠨ ᠦᠵᠦᠮᠦᠴᠢᠨ ᠬᠤᠨᠢ ᠲᠤᠰᠬᠠᠶᠢᠯᠠᠨ ᠮᠠᠯᠵᠢᠵᠦ ᠡᠬᠢᠯᠡᠵᠡᠢ᠃ 2018 ᠣᠨ ᠳᠤ | ᠡᠳᠡᠨᠡᠶᠢᠬᠢᠨ ᠡᠬᠡ ᠮᠠᠯ ᠰᠣᠩᠭᠤᠨ ᠪᠤᠶᠢᠵᠢᠭᠤᠯᠬᠤ ᠡᠷᠦᠬᠡ ᠪᠠᠷ ᠲᠣᠭᠳᠠᠭᠠᠭᠳᠠᠭᠰᠠᠨ ᠪᠥᠭᠡᠳ ᠪᠠᠶᠠᠩᠬᠤᠸᠠ ᠪᠠᠯᠭᠠᠰᠤ ᠵᠡᠷᠭᠡ | ᠭᠠᠵᠠᠷ ᠠᠴᠠ ᠬᠤᠴᠠ ᠬᠤᠳᠠᠯᠳᠤᠨ ᠠᠪᠴᠤ᠂ ᠬᠤᠨᠢᠨ ᠤ ᠴᠢᠨᠠᠷ ᠴᠢᠨᠰᠠᠭ᠎ᠠ ᠪᠠᠨ ᠰᠠᠶᠢᠵᠢᠷᠠᠭᠤᠯᠵᠤ᠂ ᠣᠢᠢᠷ᠎ᠠ ᠶᠢᠨ | ᠭᠤᠷᠪᠠᠨ ᠵᠢᠯ ᠳᠤ ᠬᠢᠨᠠᠨ ᠲᠣᠭᠲᠠᠭᠠᠯᠲᠠ ᠪᠠᠷ ᠲᠠᠮᠵᠢᠨ 123 ᠦᠬᠢᠨ ᠬᠤᠷᠠᠭ᠎ᠠ ᠨᠢ ᠪᠡᠯᠡᠳᠬᠡᠯ ᠡᠬᠡ ᠮᠠᠯ ᠪᠠᠷ ᠰᠤᠩᠭᠤᠨ | ᠲᠤᠭᠳᠠᠭᠠᠭᠳᠠᠵᠦ᠂ ᠬᠤᠷᠠᠭ᠎ᠠ ᠪᠦᠷᠢ ᠠᠴᠠ 200 ᠲᠥᠭᠦᠷᠢᠭ ᠤᠨ ᠠᠷᠠᠴᠢᠯᠠᠭ᠎ᠠ ᠮᠠᠯᠵᠢᠯᠭ᠎ᠠ ᠶᠢᠨ ᠨᠥᠬᠦᠪᠥᠷᠢ ᠤᠯᠳᠠᠭ | ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤ ᠨᠢ ᠦᠵᠦᠮᠦᠴᠢᠨ ᠬᠤᠨᠢᠨ ᠤ ᠡᠭᠦᠯᠳᠡᠷ ᠤᠭᠰᠠᠭ᠎ᠠ ᠶᠢ ᠬᠠᠮᠠᠭᠠᠯᠠᠨ | ᠰᠠᠶᠢᠵᠢᠷᠠᠭᠤᠯᠬᠤ ᠠᠵᠢᠯ ᠢ ᠦᠵᠦᠮᠦᠴᠢᠨ ᠬᠤᠨᠢ ᠶᠢ ᠬᠠᠮᠠᠭᠠᠯᠠᠨ ᠦᠰᠬᠡᠬᠦ ᠴᠢᠬᠤᠯᠠ ᠠᠷᠭ᠎ᠠ ᠠᠪᠴᠠᠯ ᠪᠣᠯᠭᠠᠨ ᠠᠳᠬᠤᠵᠤ᠂ | ᠬᠤᠰᠢᠭᠤᠨ ᠤ ᠪᠠᠨ ᠡᠳ᠋ ᠤᠨ ᠵᠠᠰᠠᠭ ᠠᠴᠠ ᠲᠤᠰᠬᠠᠶ ᠲᠦᠷᠦᠯ ᠤᠨ ᠪᠡᠯᠡ ᠮᠥᠩᠭᠦ ᠲᠤᠬᠢᠷᠠᠭᠤᠯᠤᠨ᠂ ᠱᠠᠩᠨᠠᠨ | ᠨᠦᠬᠦᠪᠦᠷᠢᠯᠡᠬᠦ ᠠᠷᠭ᠎ᠠ ᠭᠡᠮᠵᠢᠶ᠎ᠡ ᠶᠢ ᠲᠤᠭᠳᠠᠭᠠᠨ ᠬᠡᠷᠡᠭᠵᠢᠬᠦᠯᠬᠦ ᠪᠠ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ | ᠦᠵᠦᠮᠦᠴᠢᠨ ᠬᠤᠨᠢᠨ ᠤ ᠬᠢᠨᠠᠨ ᠲᠣᠭᠲᠠᠭᠠᠯᠲᠠ ᠶᠢᠨ ᠠᠵᠢᠯ ᠢ ᠲᠤᠭᠳᠠᠭᠰᠠᠨ ᠬᠤᠭᠤᠴᠠᠭᠠᠨ ᠳᠤ ᠬᠢᠬᠦ ᠪᠠᠷ ᠳᠠᠮᠵᠢᠨ | ᠪᠡᠯᠡᠳᠬᠡᠯ ᠡᠬᠡ ᠮᠠᠯ᠂ ᠬᠤᠴᠠ ᠰᠣᠩᠭᠤᠨ ᠪᠤᠶᠢᠵᠢᠭᠤᠯᠬᠤ ᠠᠵᠢᠯ ᠢ ᠲᠤᠤᠱᠳᠠᠢ ᠶᠠᠪᠤᠭᠳᠠᠭᠤᠯᠵᠤ᠂ ᠬᠤᠴᠠ ᠮᠠᠯᠵᠢᠬᠤ | ᠲᠤᠰᠬᠠᠶ ᠡᠷᠦᠬᠡ ᠪᠣᠯᠤᠨ ᠦᠵᠦᠮᠦᠴᠢᠨ ᠬᠤᠨᠢᠨ ᠤ ᠭᠤᠤᠯᠳᠠᠯᠭᠠᠳᠤ ᠰᠦᠷᠦᠭ ᠪᠠᠶᠢᠭᠤᠯᠬᠤ ᠵᠠᠭᠪᠤᠷ ᠢᠶᠠᠷ ᠪᠦᠭᠦ ᠬᠤᠰᠢᠭᠤᠨ | ᠳᠤ ᠨᠡᠶᠢᠳᠡ 260 ᠡᠷᠦᠬᠡ ᠦᠵᠦᠮᠦᠴᠢᠨ ᠬᠤᠨᠢᠨ ᠤ ᠭᠤᠤᠯᠳᠠᠯᠭᠠᠳᠤ ᠰᠦᠷᠦᠭ ᠪᠠᠶᠢᠭᠤᠯᠤᠨ᠂ 2600 ᠡᠷᠦᠬᠡ | ᠦᠵᠦᠮᠦᠴᠢᠨ ᠬᠤᠨᠢᠨ ᠤ ᠪᠠᠷᠢᠮᠵᠢᠶᠠᠳᠤ ᠰᠦᠷᠦᠭ ᠰᠤᠩᠭᠤᠨ ᠭᠠᠷᠭᠠᠵᠦ᠂ 17 ᠦᠷ᠎ᠡ ᠶᠢᠨ ᠮᠠᠯ ᠤᠨ ᠦᠷᠭᠡᠳᠬᠡᠭᠰᠡᠨ | ᠲᠠᠯᠠᠪᠠᠢ ᠪᠠ 1 ᠦᠷ᠎ᠡ ᠶᠢᠨ ᠮᠠᠯ ᠤᠨ ᠲᠠᠯᠠᠪᠠᠢ ᠶᠢ ᠪᠠᠶᠢᠭᠤᠯᠪᠠ᠃ | 2021 ᠣᠨ ᠳᠤ ᠦᠵᠦᠮᠦᠴᠢᠨ ᠬᠤᠨᠢᠨ ᠤ ᠬᠢᠨᠠᠨ ᠲᠤᠭᠳᠠᠭᠠᠯᠳᠠ ᠶᠢᠨ ᠠᠵᠢᠯ ᠢ ᠦᠷᠭᠦᠯᠵᠢᠯᠡᠨ ᠢᠳᠡᠪᠬᠢᠳᠡᠢ | ᠶᠠᠪᠤᠭᠳᠠᠭᠤᠯᠵᠤ᠂ ᠣᠲᠣ ᠪᠣᠯᠲᠠᠯ᠎ᠠ᠂ ᠪᠥᠬᠦ ᠬᠤᠰᠢᠭᠤᠨ ᠳᠤ ᠨᠡᠶᠢᠳᠡ 15346 ᠬᠤᠴᠠᠨ ᠳᠤ ᠤᠨ ᠤ ᠬᠢᠨᠠᠨ | ᠲᠤᠭᠳᠠᠭᠠᠯᠳᠠ ᠬᠢᠵᠦ᠂ ᠡᠭᠦᠨ ᠳᠤ 13568 ᠬᠤᠴᠠ ᠬᠢᠷᠢ ᠲᠡᠩᠴᠡᠵᠦ᠂ 4418 ᠰᠢᠳᠤᠯᠡᠩ ᠬᠤᠴᠨ ᠳᠤ ᠬᠢᠨᠠᠨ | ᠲᠤᠭᠳᠠᠭᠠᠯᠳᠠ ᠬᠢᠵᠦ᠂ ᠡᠭᠦᠨ ᠳᠤ 3680 ᠬᠤᠴᠠ ᠬᠢᠷᠢ ᠲᠡᠩᠴᠡᠵᠦ᠂ ᠮᠠᠯᠵᠢᠬᠤ ᠡᠷᠦᠬᠡ ᠳᠤ ᠬᠤᠳᠠᠯᠳᠤᠭᠰᠠᠨ ᠤ | ᠲᠠᠷᠠᠭ᠎ᠠ ᠬᠤᠴᠠ ᠪᠦᠷᠢ ᠳᠤ 1600 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠤᠯᠭᠤᠬᠤ ᠪᠤᠯᠤᠨ᠎ᠠ᠃ ᠡᠭᠦᠨ ᠤ | ᠬᠠᠮᠲᠤ᠂ ᠪᠠᠷᠠᠭᠤᠨ ᠦᠵᠦᠮᠦᠴᠢᠨ ᠬᠤᠰᠢᠭᠤ ᠨᠢ ᠮᠠᠯ ᠠᠵᠤ ᠠᠬᠤᠶ ᠶᠢᠨ ᠠᠵᠢᠯ ᠲᠤᠮᠳᠠ ᠡᠭᠦᠯᠳᠡᠷ ᠰᠠᠶᠢᠵᠢᠷᠠᠭᠤᠯᠬᠤ | ᠱᠠᠩᠨᠠᠯ ᠨᠥᠬᠦᠪᠥᠷᠢ ᠶᠢᠨ ᠠᠵᠢᠯ ᠢ ᠨᠠᠷᠢᠨ ᠬᠢᠨᠠᠮᠠᠭᠠᠶ ᠬᠢᠵᠦ᠂ 2020 ᠣᠨ ᠳᠤ 3163 ᠰᠢᠳᠤᠯᠠᠩ ᠬᠤᠴᠠ ᠶᠢ | ᠮᠠᠯᠴᠢᠳ ᠲᠤ ᠪᠤᠷᠤᠯᠠᠭᠤᠯᠵᠤ᠂ ᠬᠤᠴᠠ ᠬᠤᠳᠠᠯᠳᠤᠨ ᠠᠪᠬᠤ ᠨᠥᠬᠦᠪᠥᠷᠢ ᠨᠡᠶᠢᠲᠡ 506.08 ᠲᠦᠮᠡᠨ ᠲᠥᠭᠦᠷᠢᠭ ᠢ | ᠨᠠᠶᠢᠳᠠᠪᠤᠷᠢᠵᠢᠭᠤᠯᠤᠭᠰᠠᠨ ᠪᠦᠭᠡᠳ ᠤᠳᠤᠬᠠᠨ ᠳᠤ 2021 ᠤᠨ ᠤ ᠦᠵᠦᠮᠦᠴᠢᠨ ᠬᠤᠨᠢ ᠶᠢ ᠰᠤᠩᠭᠤᠨ ᠪᠤᠶᠢᠵᠢᠭᠤᠯᠬᠤ | ᠡᠯ᠎ᠡ ᠲᠠᠯ᠎ᠠ ᠶᠢᠨ ᠠᠵᠢᠯ ᠪᠦᠬᠦ ᠲᠠᠯ᠎ᠠ ᠪᠠᠷ ᠶᠠᠪᠤᠭᠳᠠᠵᠤ᠂ ᠦᠵᠦᠮᠦᠴᠢᠨ ᠬᠤᠨᠢᠨ ᠤ ᠠᠵᠤ ᠦᠢᠢᠯᠡᠰᠵᠢᠯᠲᠡ ᠶᠢ ᠠᠬᠢᠭᠤᠯᠤᠨ | ᠂ ᠬᠠᠮᠠᠭᠠᠯᠠᠨ ᠦᠰᠬᠡᠬᠦ ᠠᠵᠢᠯ ᠢ ᠰᠠᠶᠢᠳᠤᠷ ᠬᠢᠵᠦ ᠪᠠᠶᠢᠨ᠎ᠠ ᠃ | | | | | | |