ᠦᠵᠦᠮᠦᠴᠢᠨ ᠬᠤᠴᠠ ᠶᠢᠨ ᠦᠷᠭᠡᠳᠬᠡᠭᠰᠡᠨ ᠲᠠᠯᠠᠪᠠᠢ ᠶᠢᠨ ᠡᠷᠦᠬᠡ ᠰᠢᠳᠤᠯᠡᠩ ᠬᠤᠴᠠ ᠪᠠᠨ ᠬᠤᠳᠠᠯᠳᠤᠨ ᠪᠤᠷᠤᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/9/7
           ᠦᠵᠦᠮᠦᠴᠢᠨ ᠬᠤᠴᠠ ᠶᠢᠨ ᠦᠷᠭᠡᠳᠬᠡᠭᠰᠡᠨ ᠲᠠᠯᠠᠪᠠᠢ ᠶᠢᠨ ᠡᠷᠦᠬᠡ             ᠰᠢᠳᠤᠯᠡᠩ ᠬᠤᠴᠠ ᠪᠠᠨ ᠬᠤᠳᠠᠯᠳᠤᠨ ᠪᠤᠷᠤᠯᠠᠭᠤᠯᠵᠤ ᠪᠠᠶᠢᠨ᠎ᠠ   ᠬᠤᠴᠠ ᠰᠤᠩᠭᠤᠨ ᠪᠤᠶᠢᠵᠢᠭᠤᠯᠬᠤ ᠪᠤᠯ ᠪᠠᠷᠠᠭᠤᠨ ᠦᠵᠦᠮᠦᠴᠢᠨ ᠬᠤᠰᠢᠭᠤᠨ ᠤ ᠦᠵᠦᠮᠦᠴᠢᠨ ᠬᠤᠨᠢ ᠶᠢ ᠰᠤᠩᠭᠤᠨ ᠦᠰᠬᠡᠬᠦ ᠠᠵᠢᠯ ᠤᠨ ᠴᠢᠬᠤᠯᠠ ᠠᠷᠭ᠎ᠠ ᠬᠡᠮᠵᠢᠶ᠎ᠡ ᠪᠤᠯᠬᠤ ᠶᠤᠮ᠃ ᠤᠶᠢᠷ᠎ᠠ ᠳᠤ ᠮᠠᠨ ᠤ ᠰᠤᠷᠪᠤᠯᠵᠢᠯᠠᠭ᠎ᠠ ᠶᠢᠨ ᠪᠠᠭ ᠤᠨ  ᠬᠢᠨ ᠬᠤᠰᠢᠭᠤᠨ ᠤ ᠪᠠᠨ ᠦᠵᠦᠮᠦᠴᠢᠨ ᠬᠤᠴᠠ ᠶᠢᠨ ᠦᠷᠭᠡᠳᠬᠡᠭᠰᠡᠨ ᠲᠠᠯᠠᠪᠠᠢ ᠶᠢᠨ ᠡᠷᠦᠬᠡ ᠪᠤᠯᠬᠤ ᠮᠠᠯᠴᠢᠨ ᠮᠠᠨᠳᠤᠯ᠎ᠠ  ᠶᠢᠨ ᠳᠤ ᠬᠦᠷᠴᠦ᠂ ᠬᠤᠴᠠᠨ ᠳᠤ ᠦᠰᠦᠯᠳᠡ ᠪᠤᠶᠢᠵᠢᠯᠳᠠ ᠪᠠ ᠴᠢᠨᠠᠷ ᠴᠢᠨᠰᠠᠭ᠎ᠠ ᠶᠢᠨ ᠲᠠᠯ᠎ᠠ ᠪᠠᠷ ᠰᠤᠷᠪᠤᠯᠵᠢᠯᠠᠨ ᠤᠶᠢᠯᠠᠭᠠᠪᠠ᠃   ᠪᠠᠷᠠᠭᠤᠨ ᠦᠵᠦᠮᠦᠴᠢᠨ ᠬᠤᠰᠢᠭᠤᠨ ᠤ ᠤᠯᠠᠭᠠᠠᠬᠠᠭᠠᠯᠭ᠎ᠠ ᠰᠤᠮᠤᠨ ᠤ ᠢᠯᠠᠯᠳᠠ ᠭᠠᠴᠠᠭᠠᠨ ᠤ ᠮᠠᠯᠴᠢᠨ ᠤᠳᠬᠠᠠᠬᠦᠦ ᠵᠢᠯ ᠳᠡᠭᠡᠨ 200 ᠭᠠᠷᠤᠢ ᠡᠬᠡ ᠮᠠᠯ ᠤᠨᠳᠤᠷᠤᠭᠠᠵᠦ ᠦᠵᠦᠮᠦᠴᠢᠨ ᠬᠤᠨᠢ ᠭᠤᠤᠯᠴᠢᠯᠠᠨ ᠮᠠᠯᠵᠢᠵᠦ ᠪᠠᠶᠢᠭ᠎ᠠ ᠠᠵᠢ᠃ ᠦᠨᠦᠳᠦᠷ ᠲᠡᠷᠡᠪᠡᠷ ᠮᠠᠨᠳᠤᠯ᠎ᠠ ᠶᠢᠨ ᠬᠢ ᠠᠴᠠ 7 ᠰᠢᠳᠤᠯᠠᠩ ᠬᠤᠴᠠ ᠬᠤᠳᠠᠯᠳᠤᠨ ᠠᠪᠴᠤ᠂ ᠬᠤᠴᠠᠨ ᠤ ᠪᠡᠶ᠎ᠡ ᠪᠢᠯᠳᠠᠷ᠂ ᠴᠢᠨᠠᠷ ᠴᠢᠨᠰᠠᠭ᠎ᠠ ᠶᠢᠨ ᠲᠠᠯ᠎ᠠ ᠳᠤ ᠲᠤᠩ ᠬᠠᠨᠤᠮᠵᠢᠳᠠᠢ ᠪᠠᠶᠢᠯ᠎ᠠ᠃ ᠲᠤᠰ ᠭᠠᠴᠠᠭᠠᠨ ᠤ ᠮᠠᠨᠳᠤᠯ᠎ᠠ ᠶᠢᠨ ᠬᠢ 2020 ᠤᠨ  ᠤ 7 ᠰᠠᠷ᠎ᠠ ᠳᠤ ᠬᠤᠰᠢᠭᠤᠨ ᠤ ᠪᠠᠨ ᠦᠵᠦᠮᠦᠴᠢᠨ ᠬᠤᠴᠠᠨ ᠤ ᠦᠷᠭᠡᠳᠬᠡᠭᠰᠡᠨ ᠲᠠᠯᠠᠪᠠᠢ ᠪᠠᠷ ᠰᠤᠩᠭᠤᠭᠳᠠᠵᠦ᠂ ᠤᠳᠤᠬᠠᠨ ᠶᠠᠭ ᠰᠢᠳᠤᠯᠡᠩ ᠬᠤᠴᠠ ᠪᠠᠨ ᠬᠤᠳᠠᠯᠳᠤᠨ ᠪᠤᠷᠤᠯᠠᠭᠤᠯᠵᠤ  ᠪᠠᠶᠢᠨ᠎ᠠ᠃    ᠮᠠᠨᠳᠤᠯ᠎ᠠ ᠨᠢᠳᠤᠨᠤᠨ 300 ᠬᠤᠴᠠ ᠬᠤᠷᠠᠭ᠎ᠠ ᠬᠤᠳᠠᠯᠳᠤᠨ ᠠᠪᠴᠤ᠂ ᠬᠤᠰᠢᠭᠤᠨ ᠤ ᠪᠠᠨ ᠮᠠᠯ ᠠᠵᠤ ᠠᠬᠤᠢ ᠶᠢᠨ ᠰᠠᠯᠠᠭ᠎ᠠ ᠮᠦᠴᠢᠷ ᠤᠨ ᠬᠢᠨᠠᠨ ᠲᠤᠭᠳᠠᠭᠠᠯᠳᠠ ᠪᠠᠷ ᠲᠠᠮᠵᠢᠭᠠᠳ 271 ᠬᠤᠷᠠᠭ᠎ᠠ ᠨᠢ ᠬᠢᠷᠢ ᠲᠡᠩᠴᠡᠪᠡ᠃ ᠤᠳᠤ ᠡᠳᠡᠨᠡᠶᠢᠬᠢᠨ ᠬᠢᠷᠢ ᠲᠡᠩᠴᠡᠭᠰᠡᠨ ᠰᠢᠳᠤᠯᠡᠩ ᠬᠤᠴᠠ ᠠᠴᠠ ᠪᠠᠨ ᠨᠢᠭᠡᠨᠳᠡ 211 ᠬᠤᠴᠠ ᠶᠢ ᠬᠤᠰᠢᠭᠤᠨ ᠤ ᠪᠠᠨ ᠡᠯ᠎ᠡ ᠰᠤᠮᠤ ᠪᠠᠯᠭᠠᠰᠤᠨ ᠤ ᠮᠠᠯᠴᠢᠳ ᠲᠤ ᠬᠤᠳᠠᠯᠳᠤᠨ ᠦᠭᠭᠦᠭᠰᠡᠨ ᠪᠦᠭᠡᠳ ᠡᠨᠡ ᠵᠢᠯ ᠪᠠᠰᠠ 300 ᠬᠤᠴᠠ ᠬᠤᠷᠠᠭ᠎ᠠ ᠰᠤᠩᠭᠤᠨ ᠪᠤᠶᠢᠵᠢᠭᠤᠯᠬᠤ ᠪᠠᠷ ᠲᠦᠯᠦᠪᠯᠡᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号