ᠶᠡᠷᠡᠭᠡᠳ ᠣᠨ ᠳᠤ ᠲᠥᠷᠥᠭᠰᠡᠨ ᠵᠠᠯᠠᠭᠤ ᠲᠥᠯᠥᠭᠡᠯᠡᠭᠴᠢ ᠶᠢᠨ ᠠᠩᠬᠠᠷᠴᠤ ᠪᠠᠶᠢᠭ᠎ᠠ ᠵᠦᠢᠯᠡᠰ
ᠨᠡᠶᠢᠲᠡᠯᠡᠭᠰᠡᠨ ᠴᠠᠭ᠄
2021/9/7
               ᠶᠡᠷᠡᠭᠡᠳ ᠣᠨ ᠳᠤ ᠲᠥᠷᠥᠭᠰᠡᠨ ᠵᠠᠯᠠᠭᠤ                ᠲᠥᠯᠥᠭᠡᠯᠡᠭᠴᠢ ᠶᠢᠨ ᠠᠩᠬᠠᠷᠴᠤ ᠪᠠᠶᠢᠭ᠎ᠠ ᠵᠦᠢᠯᠡᠰ      ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠡᠭᠦᠷ ᠤᠨ ᠳᠡᠳ᠋ ᠱᠦᠵᠢ ᠮᠠᠶᠢᠯᠠᠰᠤ ᠪᠣᠯ 1992 ᠣᠨ ᠳᠤ ᠲᠥᠷᠥᠭᠰᠡᠨ ᠵᠠᠯᠠᠭᠤ ᠺᠠᠲᠠᠷ ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ  ᠤᠨ ᠬᠤᠷᠠᠯ ᠳᠤ ᠣᠷᠣᠯᠴᠠᠭᠰᠠᠨ ᠬᠠᠮᠤᠭ ᠤᠨ ᠵᠠᠯᠠᠭᠤ ᠨᠠᠮ ᠤᠨ ᠲᠥᠯᠥᠭᠡᠯᠡᠭᠴᠢ ᠪᠣᠯᠣᠨ᠎ᠠ᠃ ᠨᠠᠮ ᠳᠤ ᠣᠷᠣᠭᠠᠳ 8 ᠵᠢᠯ ᠪᠣᠯᠵᠤ ᠪᠠᠶᠢᠭ᠎ᠠ ᠲᠡᠷᠡ ᠠᠩᠬ᠎ᠠ ᠤᠳᠠᠭ᠎ᠠ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠳᠠᠭᠠᠨ ᠲᠦᠢᠯ ᠢᠶᠠᠷ ᠣᠮᠣᠭᠰᠢᠵᠤ ᠪᠠᠶᠢᠪᠠ᠃

  ᠲᠡᠷᠡᠪᠡᠷ 2015 ᠣᠨ ᠤ 8 ᠰᠠᠷ᠎ᠠ ᠳᠤ ᠶᠡᠭᠡ ᠰᠤᠷᠭᠠᠭᠤᠯᠢ ᠪᠠᠨ  ᠲᠡᠬᠦᠰᠦᠨ᠂ ᠠᠵᠢᠯ ᠤᠨ ᠪᠠᠶᠢᠷᠢᠨ ᠳᠤ ᠭᠠᠷᠴᠤ᠂

︽ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠴᠢ︾ ᠪᠣᠯᠵᠣ ᠥᠩᠭᠡᠷᠡᠭᠰᠡᠨ

ᠪᠥᠭᠡᠳ ᠬᠤᠵᠢᠮ ᠨᠢ ᠰᠢᠯᠭᠠᠯᠲᠠ ᠪᠠᠷ ᠳᠡᠮᠵᠢᠨ ᠠᠯᠪᠠᠲᠠᠨ ᠪᠣᠯᠤᠭᠰᠠᠨ ᠪᠠᠶᠢᠨ᠎ᠠ᠃

    ᠨᠢᠭᠡᠨ ᠵᠠᠯᠠᠭᠤ ᠨᠠᠮ ᠤᠨ ᠲᠥᠯᠥᠭᠡᠯᠡᠭᠴᠢ ᠶᠢᠨ ᠬᠤᠪᠢ ᠠᠴᠠ ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠭᠰᠠᠨ

 ᠨᠢ ᠨᠠᠮ ᠤᠨ ᠵᠣᠬᠢᠶᠠᠨ ᠪᠠᠶᠢᠭᠤᠯᠤᠯᠲᠠ ᠠᠴᠠ ᠲᠡᠭᠦᠨ ᠤ ᠠᠵᠢᠯ ᠤᠨ ᠴᠢᠳᠠᠪᠬᠢ ᠶᠢ ᠮᠡᠳᠡᠷᠡᠭᠰᠡᠨ ᠪᠠ ᠵᠣᠷᠢᠭᠵᠢᠭᠤᠯᠤᠭᠰᠠᠨ

ᠶᠠᠪᠤᠳᠠᠯ ᠪᠤᠯᠬᠤ ᠲᠤᠯᠠ ᠨᠠᠮ ᠠᠷᠠᠳ ᠲᠦᠮᠡᠨ ᠠᠴᠠ ᠲᠡᠬᠦᠨ ᠳᠤ ᠤᠯᠭᠤᠭᠰᠠᠨ ᠠᠷᠢᠭᠤᠨ ᠳᠠᠷᠬᠠᠨ ᠡᠭᠦᠷᠭᠡ

ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠵᠠᠯᠠᠭᠤ ᠨᠠᠰᠤᠨ ᠤ ᠴᠤᠭ ᠵᠤᠯᠢ ᠪᠠᠨ

ᠪᠠᠳᠠᠷᠠᠭᠤᠯᠤᠨ᠂ ᠬᠦᠰᠡᠯ  ᠲᠡᠮᠡᠦᠯᠡᠯ ᠰᠢᠷᠭᠠᠭᠤ ᠴᠢᠷᠮᠠᠶᠢᠯᠭ᠎ᠠ ᠪᠠᠷ ᠠᠮᠢᠳᠤᠷᠠᠯ ᠤᠨ ᠠᠶᠠᠨ ᠳᠠᠭᠠᠨ ᠢᠲᠡᠭᠡᠯ ᠳᠦᠭᠦᠷᠡᠩ

ᠶᠠᠪᠤᠨ᠎ᠠ ᠭᠡᠵᠦ ᠤᠷᠮᠠᠳᠠᠶᠢᠬᠠᠨ ᠶᠠᠷᠢᠯ᠎ᠠ᠃

     ᠨᠠᠮ ᠤᠨ ᠲᠦᠯᠦᠭᠡᠯᠡᠭᠴᠢ ᠮᠠᠶᠢᠯᠠᠰᠤ

    — ᠨᠢᠭᠡᠨ ᠵᠠᠯᠠᠭᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠦᠨᠳᠦᠰᠦᠨ ᠱᠠᠲᠤᠨ ᠤ ᠨᠠᠮ ᠤᠨ

ᠪᠠᠶᠢᠭᠤᠯᠤᠯᠲᠠ ᠶᠢᠨ ᠠᠵᠢᠯ ᠢ ᠬᠠᠮᠤᠭ ᠠᠴᠠ ᠢᠯᠡᠭᠦᠦ ᠠᠩᠬᠠᠷᠴᠤ᠂ ᠨᠠᠮ ᠤᠨ ᠲᠥᠯᠥᠭᠡᠯᠡᠭᠴᠢ ᠶᠢᠨ ᠡᠬᠦᠷᠭᠡ

ᠬᠠᠷᠢᠭᠤᠴᠠᠯᠭ᠎ᠠ ᠪᠠᠨ ᠰᠠᠶᠢᠲᠤᠷ ᠪᠠᠶᠡᠯᠡᠬᠦᠯᠵᠦ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂

ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ᠠᠵᠢᠯ ᠤᠨ ᠪᠠᠶᠢᠷᠢᠨ ᠳᠠᠭᠠᠨ ᠵᠠᠯᠠᠭᠤ ᠨᠠᠰᠤᠨ

 ᠤ ᠲᠡᠮᠡᠴᠡᠯ ᠤᠨ ᠤᠷᠮ᠎ᠠ ᠵᠣᠷᠢᠭ ᠢᠶᠠᠨ ᠪᠠᠳᠠᠷᠠᠭᠠᠨ᠂  ᠴᠢᠷᠮᠠᠶᠢᠨ ᠠᠵᠢᠯᠯᠠᠨ᠎ᠠ᠃  

 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号