ᠪᠠᠷᠠᠭᠤᠨ ᠦᠵᠦᠮᠦᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠨᠠᠮ ᠤᠨ ᠲᠦᠯᠦᠭᠡᠯᠡᠭᠴᠢ ᠶᠢᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2021/9/8
 ᠪᠠᠷᠠᠭᠤᠨ ᠦᠵᠦᠮᠦᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠨᠠᠮ ᠤᠨ ᠲᠦᠯᠦᠭᠡᠯᠡᠭᠴᠢ  ᠶᠢᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠪᠠ    9 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠨᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠤᠷᠤᠯᠴᠠᠯᠭ᠎ᠠ ᠲᠤᠮᠳᠠ᠂ ᠤᠯᠠᠨ ᠢᠶᠠᠷ ᠢᠶᠠᠨ ᠶᠡᠭᠡ ᠬᠤᠷᠠᠯ ᠤᠨ ᠮᠡᠳᠡᠭᠦᠯᠦᠯᠳᠡ ᠳᠤ ᠵᠢᠭᠠᠭᠰᠠᠨ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ ᠪᠠ ᠲᠤᠷᠰᠢᠯᠭ᠎ᠠ ᠰᠤᠷᠭᠠᠮᠵᠢ᠂ ᠬᠤᠶᠢᠰᠢᠳᠠ ᠶᠢᠨ ᠲᠠᠪᠤᠨ ᠵᠢᠯ ᠤᠨ ᠲᠡᠮᠡᠴᠡᠬᠦ ᠬᠠᠷᠠᠯᠳᠠ ᠪᠤᠯᠤᠨ ᠭᠤᠤᠯ ᠡᠭᠦᠷᠭᠡ᠂ ᠵᠢᠯᠤᠭᠤᠳᠬᠤ ᠦᠵᠡᠯ ᠰᠠᠨᠠᠭ᠎ᠠ ᠪᠠ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠵᠡᠷᠭᠡ ᠠᠭᠤᠯᠭ᠎ᠠ ᠶᠢᠨ ᠲᠤᠭᠤᠷᠢᠨ ᠳᠤ ᠨᠠᠷᠢᠯᠢᠭ ᠰᠤᠷᠤᠯᠴᠠᠨ ᠰᠤᠳᠤᠯᠵᠤ᠂ ᠶᠡᠭᠡ ᠬᠤᠷᠠᠯ  ᠤᠨ ᠮᠡᠳᠡᠭᠦᠯᠦᠯᠳᠡ ᠶᠢᠨ ᠠᠭᠤᠯᠭ᠎ᠠ ᠳᠤ ᠲᠤᠩ ᠶᠡᠭᠡ ᠤᠶᠢᠯᠠᠭᠠᠯᠳᠠ ᠲᠦᠷᠦᠭᠳᠡᠯ ᠲᠠᠢ ᠪᠤᠯᠵᠤ᠂ ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠵᠢᠯ ᠪᠠ ᠠᠷᠠᠳ ᠤᠯᠠᠨ ᠤ ᠡᠷᠡᠭᠦᠯ ᠮᠡᠨᠳᠦ ᠶᠢᠨ ᠦᠢᠯᠡᠰ ᠲᠤ ᠦᠷᠭᠦᠯᠵᠢᠯᠡᠨ ᠬᠦᠴᠦᠨ ᠵᠢᠳᠬᠦᠯ ᠢᠶᠠᠨ ᠦᠵᠡᠬᠦᠯᠬᠦ ᠪᠠᠨ ᠢᠯᠡᠳᠬᠡᠵᠦ ᠪᠠᠶᠢᠯ᠎ᠠ᠃     ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠡᠳ᠋ ᠱᠦᠵᠢ ᠬᠠᠰᠳᠤᠶᠠᠭ᠎ᠠ᠄ ︽ᠶᠡᠭᠡ ᠬᠤᠷᠠᠯ ᠤᠨ ᠮᠡᠳᠡᠭᠦᠯᠦᠯᠳᠡ ᠶᠢᠨ ᠵᠤᠷᠢᠭ ᠰᠠᠨᠠᠭ᠎ᠠ ᠶᠢ ᠰᠤᠷᠤᠯᠴᠠᠭᠠᠳ ᠲᠤᠩ ᠶᠡᠭᠡ ᠤᠯᠤᠯᠳᠠ ᠲᠦᠷᠦᠭᠳᠡᠯ ᠲᠠᠢ ᠪᠤᠯᠵᠤ᠂ ᠮᠦᠨ ᠴᠦ ᠲᠤᠩ ᠶᠡᠭᠡ ᠵᠤᠷᠢᠭᠵᠢᠭᠤᠯᠤᠯ ᠤᠯᠤᠭᠰᠠᠨ ᠪᠠᠶᠢᠨ᠎ᠠ᠃ ᠮᠡᠳᠡᠭᠦᠯᠦᠯᠳᠡ  ᠳᠤ ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠤ ᠲᠤᠩ ᠰᠠᠶᠢᠨ ᠬᠠᠷᠠᠯᠳᠠ ᠴᠢᠭᠯᠡᠯᠳᠡ ᠶᠢ ᠵᠢᠭᠠᠵᠦ ᠦᠭᠭᠦᠭᠰᠡᠨ ᠪᠠᠶᠢᠨ᠎ᠠ᠃ ᠪᠢᠳᠡ ᠦᠷᠭᠦᠯᠵᠢᠯᠡᠨ ᠴᠢᠷᠮᠠᠶᠢᠨ ᠠᠵᠢᠯᠯᠠᠵᠦ ᠪᠦᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢᠶᠠᠨ ᠰᠢᠨ᠎ᠡ ᠠᠮᠵᠢᠯᠳᠠ ᠳᠤ ᠬᠦᠷᠭᠡᠬᠦ ᠪᠠᠷ ᠴᠢᠷᠮᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠭᠠᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号