ᠮᠣᠩᠭᠤᠯ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ ᠲᠤᠬᠠᠢ ᠵᠢᠷᠤᠭᠯᠠᠯ
ᠨᠡᠶᠢᠲᠡᠯᠡᠭᠰᠡᠨ ᠴᠠᠭ᠄
2021/9/8
        ᠮᠣᠩᠭᠤᠯ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ         ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ ᠲᠤᠬᠠᠢ ᠵᠢᠷᠤᠭᠯᠠᠯ                      ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠂ ᠬᠥᠮᠦᠨ ᠬᠥᠮᠦᠵᠢᠭᠦᠯᠬᠦ ᠠᠭᠤᠷ ᠠᠮᠢᠰᠬᠤᠯ ᠢ ᠨᠡᠮᠡᠭᠳᠡᠬᠦᠯᠵᠦ᠂ ᠰᠤᠷᠭᠠᠨ ᠬᠥᠮᠦᠵᠢᠯ ᠤᠨ ᠴᠢᠨᠠᠷᠲᠠᠶ᠂ ᠥᠪᠡᠷᠮᠢᠴᠡ ᠣᠨᠴᠠᠯᠢᠭ ᠲᠠᠢ ᠰᠤᠷᠭᠠᠭᠤᠯᠢ ᠶᠢᠨ ᠬᠦᠷᠢᠶᠡᠨ ᠤ ᠰᠣᠶᠣᠯ ᠢ ᠪᠣᠶ ᠪᠣᠯᠭᠠᠬᠤ ᠶᠢᠨ ᠲᠤᠰᠠᠲᠠ ᠤᠢᠢᠷ᠎ᠠ ᠶᠢᠨ ᠵᠢᠯ ᠠᠴᠠ᠂ ᠬᠤᠰᠢᠭᠤ ᠮᠣᠩᠭᠤᠯ ᠳᠤᠮᠳᠠᠳᠤ ᠰᠤᠷᠭᠠᠭᠤᠯᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠴᠠᠭ ᠦᠶ᠎ᠡ ᠶᠢᠨ ᠭᠤᠣᠯ ᠬᠦᠭ ᠠᠶᠠᠰ ᠢ ᠴᠤᠤᠷᠢᠶᠠᠲᠤᠭᠤᠯᠬᠤ ᠶᠢᠨ ᠤᠯᠠᠮ ᠠᠴᠠ ᠠᠭᠤᠯᠭ᠎ᠠ ᠬᠡᠯᠪᠡᠷᠢ ᠶᠢ ᠪᠠᠶᠠᠯᠢᠭᠵᠢᠭᠤᠯᠤᠨ᠂ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ᠂ ᠥᠪᠡᠷᠮᠢᠴᠡ ᠰᠣᠶᠣᠯ ᠤᠨ ᠣᠨᠴᠠᠯᠢᠭ ᠪᠠ ᠥᠪᠡᠷᠮᠢᠴᠡ ᠬᠡᠪ ᠨᠠᠮᠪᠠ ᠶᠢ ᠪᠦᠷᠢᠯᠳᠦᠬᠦᠯᠦᠨ᠂ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ ᠪᠠᠶᠢᠨ᠎ᠠ᠃
   ᠬᠤᠰᠢᠭᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ 1980 ᠣᠨ ᠤ 9 ᠰᠠᠷ᠎ᠠ ᠳᠤ ᠪᠠᠶᠢᠭᠤᠯᠤᠭᠳᠠᠵᠤ᠂ 85456 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠃ ᠣᠳᠣᠬᠠᠨ ᠳᠤ 34 ᠠᠩᠭᠢ᠂ 1506 ᠰᠣᠷᠣᠭᠴᠢ᠂ 140 ᠪᠠᠭᠰᠢ ᠠᠵᠢᠯᠲᠠᠨ ᠲᠠᠢ ᠪᠠᠶᠢᠵᠤ᠂ ᠪᠠᠭᠰᠢ ᠶᠢᠨ ᠰᠤᠷᠤᠯᠭ᠎ᠠ ᠶᠢᠨ ᠨᠠᠮᠲᠠᠷ ᠤᠨ ᠬᠢᠷᠢ ᠲᠡᠩᠴᠡᠭᠰᠡᠨ ᠨᠣᠷᠮ᠎ᠠ ᠨᠢ 100%  ᠳᠤ ᠬᠦᠷᠴᠦ᠂ ᠬᠤᠶᠠᠷ ᠵᠢᠭᠠᠨ ᠰᠤᠷᠭᠠᠯᠲᠠ ᠶᠢᠨ ᠠᠰᠠᠷ᠂ ᠨᠢᠭᠡ ᠲᠤᠷᠰᠢᠯᠲᠠ ᠶᠢᠨ ᠠᠰᠠᠷ᠂ ᠨᠢᠭᠡ ᠶᠡᠷᠦᠩᠬᠡᠶᠢᠯᠡᠭᠰᠡᠨ ᠠᠰᠠᠷ ᠂ ᠨᠢᠭᠡ ᠲᠠᠮᠢᠷ ᠤᠨ ᠣᠷᠳᠣᠨ᠂ ᠭᠤᠷᠪᠠᠨ ᠪᠠᠶᠢᠷᠢ ᠶᠢᠨ ᠠᠰᠠᠷ᠂ ᠨᠢᠭᠡ ᠬᠤᠭᠤᠯᠠᠨ ᠬᠡᠷ ᠲᠠᠢ᠃
   ᠰᠤᠷᠭᠠᠭᠤᠯᠢ ᠶᠢᠨ ᠡᠭᠦᠳᠡᠨ ᠳᠡᠭᠡᠷ᠎ᠡ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠠᠭᠤᠯᠭ᠎ᠠ ᠶᠢ ᠪᠢᠴᠢᠭᠯᠡᠵᠦ᠂ ︽ᠬᠡᠦᠬᠡᠳ ᠪᠦᠷᠢ ᠶᠢᠨ ᠲᠦᠯᠦᠪᠰᠢᠷᠡᠯ ᠢ ᠲᠡᠮᠵᠢᠭᠰᠡᠨ᠂ ᠬᠡᠦᠬᠡᠳ ᠲᠤ ᠡᠬᠡᠯᠢᠲᠠᠢ ᠰᠤᠷᠭᠠᠭᠤᠯᠢ ᠶᠢ ᠪᠠᠶᠢᠭᠤᠯᠬᠤ︾ ᠪᠠᠷ ᠰᠤᠷᠭᠠᠭᠤᠯᠢ ᠡᠷᠬᠢᠯᠡᠬᠦ ᠤᠨᠤᠯᠵᠢᠬᠤᠨ ᠪᠤᠯᠭᠠᠵᠤ᠂ ᠲᠠᠪᠤᠨ ᠬᠥᠮᠦᠵᠢᠯ ᠢ ᠵᠡᠷᠭᠡᠪᠡᠷ ᠴᠢᠬᠤᠯᠠᠴᠢᠯᠠᠨ ᠬᠥᠮᠦᠨ ᠬᠥᠮᠦᠵᠢᠭᠦᠯᠬᠦ ᠣᠶᠢᠯᠠᠭᠠᠭᠳᠠᠬᠤᠨ ᠢ ᠵᠢᠷᠤᠮᠯᠠᠨ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠡᠦᠬᠡᠳ ᠨᠢᠭᠡᠪᠦᠷᠢ ᠶᠢ ᠪᠠᠶᠠᠷ ᠬᠦᠷ ᠲᠠᠢ ᠢᠳᠡᠭᠡᠯ ᠲᠦᠭᠦᠷᠡᠩ ᠢᠷᠡᠬᠦ ᠮᠠᠷᠭᠠᠰᠢ ᠪᠠᠨ ᠤᠭᠳᠤᠬᠤ ᠳᠤ ᠪᠤᠰᠤᠳᠴᠢ ᠨᠦᠭᠦᠴᠡᠯ ᠬᠠᠩᠭᠠᠵᠤ ᠦᠭᠴᠦ ᠪᠤᠢ᠃
   ᠲᠠᠮᠢᠷ ᠤᠨ ᠣᠷᠳᠣᠨ ᠤ ᠭᠠᠳᠠᠨ᠎ᠠ ᠬᠡᠷᠡᠮ ᠳᠡᠭᠡᠷ᠎ᠡ ︽ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ︾ ᠭᠡᠬᠦ ᠭᠤᠤᠯᠯᠠᠬᠤ ᠬᠡᠪ ᠪᠣᠯᠪᠠᠰᠤᠷᠠᠯ ᠤᠨ ᠬᠥᠮᠦᠵᠢᠯ ᠤᠨ ᠦᠵᠡᠯᠲᠡ ᠪᠠᠷ ᠭᠤᠤᠯ ᠠᠭᠤᠯᠭ᠎ᠠ ᠪᠤᠯᠭᠠᠨ᠂ ᠰᠤᠷᠭᠠᠭᠤᠯᠢ ᠶᠢᠨ ᠬᠦᠷᠢᠶᠡᠨ ᠤ ᠨᠣᠭᠤᠭᠠᠷᠠᠭᠤᠯᠤᠯᠲᠠ ᠶᠢ ᠰᠠᠶᠢᠲᠤᠷ ᠬᠢᠵᠦ᠂ ᠴᠡᠪᠡᠷ ᠰᠠᠶᠢᠬᠠᠨ᠂ ᠲᠠᠭᠠᠯᠠᠮᠵᠢᠲᠠᠶ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠡᠭᠦᠳᠦᠨ ᠪᠠᠶᠢᠭᠤᠯᠵᠠᠢ᠃
   ᠲᠠᠮᠢᠷ ᠤᠨ ᠲᠠᠯᠠᠪᠠᠢ ᠶᠢᠨ ᠬᠤᠶᠠᠷ ᠲᠠᠯ᠎ᠠ ᠳᠠᠬᠢ ᠰᠤᠷᠭᠠᠭᠤᠯᠢ ᠶᠢᠨ ᠤᠬᠠᠭᠤᠯᠭ᠎ᠠ ᠶᠢᠨ  ᠪᠤᠯᠤᠩ ᠳᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ᠂ ᠰᠤᠷᠭᠠᠭᠤᠯᠢ ᠶᠢᠨ ᠲᠣᠪᠴᠢ ᠲᠠᠨᠢᠯᠴᠠᠭᠤᠯᠭ᠎ᠠ᠂ ᠠᠮᠤᠷ ᠲᠦᠪᠰᠢᠨ ᠤ ᠬᠥᠮᠦᠵᠢᠯ᠂ ᠭᠤᠷᠪᠠᠨ ᠪᠠᠶᠠᠷ ᠭᠤᠷᠪᠠᠨ ᠬᠠᠶᠢᠷ᠎ᠠ ᠶᠢᠨ ᠬᠥᠮᠦᠵᠢᠯ᠂ ᠪᠠᠭᠰᠢ ᠶᠢᠨ ᠴᠤᠭ ᠵᠢᠪᠬᠤᠭ᠎ᠠ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠣᠰᠣ ᠰᠤᠷᠲᠠᠬᠤᠨ ᠤ ᠵᠢᠷᠤᠮᠵᠢᠯ᠂ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢ ᠰᠤᠷᠳᠠᠯᠴᠢᠯᠠᠵᠠᠢ᠃     ᠵᠢᠭᠠᠨ ᠰᠤᠷᠭᠠᠬᠤ ᠠᠰᠠᠷ ᠲᠤ ᠨᠠᠮ ᠤᠨ ᠪᠠᠶᠢᠭᠤᠯᠤᠯᠲᠠ᠂ ᠡᠪᠯᠡᠯ ᠤᠨ ᠪᠠᠶᠢᠭᠤᠯᠤᠯᠲᠠ᠂ ᠠᠵᠢᠯᠴᠢᠨ ᠤ ᠡᠪᠯᠡᠯ ᠤᠨ ᠠᠵᠢᠯᠯᠠᠭ᠎ᠠ᠂ ᠬᠠᠤᠯᠢ ᠪᠠᠷ ᠵᠠᠰᠠᠬᠤ ᠬᠥᠮᠦᠵᠢᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠥᠮᠦᠵᠢᠯ᠂ ᠬᠤᠤᠷᠲᠤ ᠡᠳ᠋ ᠢ ᠴᠠᠭᠠᠵᠠᠯᠠᠬᠤ ᠬᠥᠮᠦᠵᠢᠯ᠂ ᠭᠠᠵᠢᠭᠤ ᠨᠣᠮᠯᠠᠯ ᠢ ᠡᠰᠡᠷᠭᠦᠴᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ᠂ ᠢᠳᠡᠭᠡᠨ  ᠤ ᠠᠮᠤᠷ ᠲᠦᠪᠰᠢᠨ ᠤ ᠬᠥᠮᠦᠵᠢᠯ ᠵᠡᠷᠭᠡ ᠤᠬᠠᠭᠤᠯᠭ᠎ᠠ ᠶᠢᠨ ᠠᠭᠤᠯᠭ᠎ᠠ ᠶᠢ ᠬᠠᠮᠤᠷᠴᠠᠢ᠃
   ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠭᠤᠳᠤᠮᠵᠢ ᠶᠢ  ᠪᠠᠶᠢᠷᠢᠯᠠᠭᠤᠯᠤᠭᠰᠠᠨ ᠨᠢ ᠪᠠᠭᠰᠢ ᠰᠤᠷᠤᠭᠴᠢᠳ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠰᠤᠷᠤᠯᠴᠠᠬᠤ ᠲᠠᠯᠠᠪᠤᠷ ᠪᠣᠯᠤᠭᠰᠠᠨ ᠪᠥᠭᠡᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ︽ ᠠᠮᠢᠯᠠᠭᠤᠯᠤᠭᠰᠠᠨ︾ ᠪᠠᠶᠢᠨ᠎ᠠ᠃     ᠠᠰᠠᠷ ᠤᠨ ᠭᠤᠳᠤᠮᠵᠢᠨ ᠳᠤ ᠪᠣᠯᠪᠠᠰᠤᠨ ᠢ ᠳᠠᠮᠵᠢᠭᠤᠯᠵᠤ᠂ ᠰᠣᠶᠣᠯ ᠢ ᠤᠬᠠᠭᠤᠯᠬᠤ ᠪᠠᠷ ᠳᠠᠮᠵᠢᠭᠤᠯᠤᠨ ᠰᠤᠷᠭᠠᠨ ᠬᠦᠮᠦᠵᠢᠬᠦᠯᠦᠨ ᠰᠤᠷᠳᠠᠯᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠭᠦᠯᠬᠦ ᠦᠷ᠎ᠡ ᠪᠦᠲᠦᠮᠵᠢ ᠶᠢ ᠥᠷᠭᠡᠳᠬᠡᠵᠦ᠂ ᠰᠠᠨᠠᠭᠠᠴᠢᠯᠠᠭ᠎ᠠ ᠲᠠᠢ ᠪᠠᠷ ᠵᠥᠪ ᠲᠠᠯ᠎ᠠ ᠠᠴᠠ ᠬᠥᠲᠥᠯᠥᠨ ᠵᠢᠯᠣᠭᠤᠳᠴᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃
  ᠬᠢᠴᠢᠶᠡᠯ ᠤᠨ ᠲᠠᠩᠭᠢᠮ ᠪᠦᠷᠢ ᠳᠤ ᠤᠯᠤᠰ ᠤᠨ ᠲᠤᠭ᠂ ᠨᠡᠶᠢᠭᠡᠮ ᠵᠢᠷᠤᠮ ᠤᠨ  ᠭᠤᠤᠯᠯᠠᠭᠴᠢ ᠥᠷᠲᠡᠭ ᠤᠨ ᠦᠵᠡᠯᠲᠡ  ᠶᠢ ᠨᠠᠭᠠᠨ ᠴᠢᠮᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠯᠣᠽᠦ᠋ᠩ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠤᠬᠠᠭᠤᠯᠭ᠎ᠠ ᠶᠢᠨ ᠯᠣᠽᠦ᠋ᠩ ᠨᠠᠭᠠᠵᠤ᠂ ᠰᠠᠮᠪᠠᠷ᠎ᠠ ᠶᠢᠨ ᠰᠤᠨᠢᠨ ᠤ ᠲᠡᠭᠡᠷ᠎ᠡ ᠲᠠᠯ᠎ᠠ ᠳᠤ ᠤᠯᠤᠰ ᠤᠨ ᠨᠡᠶᠢᠳᠡᠮ ᠬᠡᠷᠡᠭᠯᠡᠬᠦ ᠦᠰᠦᠭ ᠪᠢᠴᠢᠭ ᠢᠶᠠᠷ ᠪᠢᠴᠢᠭᠰᠡᠨ ︽ᠵᠠᠯᠠᠭᠤᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠵᠦ ᠵᠠᠯᠠᠭᠤᠴᠤᠳ ᠮᠠᠨᠳᠤᠪᠠᠯ ᠤᠯᠤᠰ ᠮᠠᠨᠳᠤᠨ᠎ᠠ︾ ᠭᠡᠰᠡᠨ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠭᠤᠴᠤᠳ ᠤᠨ ᠤᠷᠢᠶ᠎ᠠ ᠶᠢ ᠨᠠᠭᠠᠵᠠᠶ᠃ ᠡᠶᠢᠨᠬᠦ ᠰᠤᠷᠤᠭᠴᠢᠳ ᠤᠨ ᠤᠯᠤᠰ ᠢᠶᠠᠨ ᠬᠠᠶᠢᠷᠠᠯᠠᠬᠤ  ᠰᠡᠳᠬᠢᠯᠭᠡ ᠶᠢ ᠬᠥᠮᠦᠵᠢᠭᠦᠯᠬᠦ ᠶᠢᠨ ᠬᠠᠮᠲᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠰᠠᠶᠢᠨ ᠰᠠᠶᠢᠬᠠᠨ ᠬᠥᠮᠦᠨ ᠬᠥᠮᠦᠵᠢᠭᠦᠯᠬᠦ ᠠᠭᠤᠷ ᠠᠮᠢᠰᠬᠤᠯ ᠢ ᠪᠤᠢ ᠪᠤᠯᠭᠠᠭᠰᠠᠨ ᠶᠤᠮ᠃    ᠶᠡᠷᠦᠩᠬᠡᠶᠢᠯᠡᠭᠰᠡᠨ ᠠᠰᠠᠷ ᠤᠨ ᠶᠡᠭᠡ ᠲᠢᠩᠬᠢᠮ ᠳᠤ ᠰᠤᠷᠭᠠᠭᠤᠯᠢ ᠶᠢᠨ ᠢᠷᠠᠭᠤ ᠠᠯᠳᠠᠷ ᠤᠨ ᠰᠠᠮᠪᠠᠷ᠎ᠠ᠂ ᠰᠤᠷᠭᠠᠭᠤᠯᠢ ᠡᠷᠬᠢᠯᠡᠬᠦ ᠤᠨᠤᠯᠵᠢᠬᠤᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠂ ᠠᠮᠤᠷ ᠲᠦᠪᠰᠢᠨ ᠤ ᠬᠦᠮᠦᠵᠢᠯ ᠤᠨ ᠰᠤᠷᠳᠠᠯ ᠤᠬᠠᠭᠠᠤᠯᠭ᠎ᠠ  ᠶᠢ ᠲᠤᠬᠢᠷᠠᠭᠤᠯᠵᠠᠢ᠃ ᠨᠢᠭᠡᠳᠦᠭᠡᠷ ᠳᠠᠪᠬᠤᠷᠯᠢᠭ ᠤᠨ ᠠᠯᠪᠠᠯᠠᠬᠤ ᠲᠣᠭᠤᠷᠢᠭ ᠤᠨ ᠭᠤᠳᠤᠮᠵᠢᠨ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠰᠤᠷᠭᠠᠨ ᠬᠥᠮᠦᠵᠢᠯ ᠤᠨ ᠲᠠᠯ᠎ᠠ ᠶᠢᠨ ᠠᠯᠳᠠᠷᠲᠤ ᠬᠦᠮᠦᠰ ᠤᠨ ᠨᠡᠷᠡᠲᠦ ᠦᠭᠡ ᠦᠬᠦᠯᠡᠪᠦᠷᠢ ᠶᠢ ᠰᠤᠷᠳᠠᠯᠴᠢᠯᠠᠭᠰᠠᠨ ᠪᠠᠶᠢᠳᠠᠭ᠃     ᠨᠣᠮ ᠲᠠᠢ ᠰᠤᠷᠭᠠᠭᠤᠯᠢ ᠶᠢᠨ ᠬᠦᠷᠢᠶ᠎ᠡ ᠶᠢ ᠴᠤᠭᠴᠠᠯᠠᠨ᠂ ᠨᠣᠮ ᠤᠩᠰᠢᠬᠤ ᠠᠭᠤᠷ ᠠᠮᠢᠰᠬᠤᠯ ᠢ ᠪᠤᠢ ᠪᠤᠯᠭᠠᠬᠤ ᠶᠢᠨ ᠲᠤᠰᠠᠲᠠ᠂ ᠶᠡᠷᠦᠩᠬᠡᠶᠢᠯᠡᠭᠰᠡᠨ ᠠᠰᠠᠷ ᠤᠨ ᠲᠠᠪᠤᠳᠤᠭᠠᠷ ᠳᠠᠪᠬᠤᠷ ᠲᠤ ᠨᠣᠮ ᠤᠨ ᠰᠠᠩ ᠪᠠᠶᠢᠷᠢᠯᠠᠭᠤᠯᠵᠤ᠂ ᠰᠤᠷᠤᠭᠴᠢᠳ  ᠤᠨ ᠬᠢᠴᠢᠶᠡᠯ ᠤᠨ ᠭᠠᠳᠠᠭᠤᠷᠬᠢ ᠤᠩᠰᠢᠬᠤ ᠪᠢᠴᠢᠭ ᠢ ᠬᠠᠩᠭᠠᠵᠤ᠂ ᠰᠤᠷᠤᠭᠴᠢᠳ ᠤᠨ ᠨᠣᠮ ᠤᠩᠰᠢᠬᠤ ᠤᠷᠮ᠎ᠠ ᠪᠠᠬ᠎ᠠ ᠶᠢ ᠬᠥᠭᠵᠢᠭᠡᠪᠡ᠃
   ᠪᠠᠶᠢᠷᠢ ᠶᠢᠨ ᠠᠰᠠᠷ᠂ ᠬᠤᠭᠤᠯᠠᠨ ᠬᠡᠷ ᠤᠨ ᠲᠢᠩᠬᠢᠮ ᠤᠨ ᠬᠡᠷᠡᠮ ᠬᠠᠨ᠎ᠠ ᠶᠢ  ᠬᠦᠢᠴᠡᠳ ᠠᠰᠢᠭᠯᠠᠨ᠂ ᠭᠤᠷᠪᠠᠨ ᠪᠠᠶᠠᠷ ᠭᠤᠷᠪᠠᠨ ᠬᠠᠶᠢᠷ᠎ᠠ ᠶᠢᠨ ᠬᠥᠮᠦᠵᠢᠯ᠂ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠠᠬᠢᠯᠭ᠎ᠠ ᠲᠦᠷᠢᠮ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ᠂ ᠬᠢᠨᠠᠯᠲᠠ ᠲᠠᠯᠪᠢᠬᠤ ᠲᠠᠪᠴᠠᠩ᠂ ᠢᠳᠡᠭᠡᠨ ᠤ ᠠᠮᠤᠷ ᠲᠦᠪᠰᠢᠨ ᠤ ᠲᠦᠷᠢᠮ ᠵᠡᠷᠭᠡ ᠤᠬᠠᠭᠤᠯᠭ᠎ᠠ ᠶᠢᠨ ᠤᠷᠢᠶ᠎ᠠ ᠯᠣᠽᠦ᠋ᠩ ᠢ ᠪᠠᠶᠢᠷᠢᠯᠠᠭᠤᠯᠵᠤ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ  ᠪᠠᠶᠢᠭᠤᠯᠤᠭᠰᠠᠨ ᠪᠠᠶᠢᠨ᠎ᠠ    ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ︽ᠲᠠᠪᠤᠨ ᠬᠥᠮᠦᠵᠢᠯ︾ ᠢ ᠵᠡᠷᠭᠡᠪᠡᠷ ᠴᠢᠬᠤᠯᠠᠴᠢᠯᠠᠬᠤ ᠬᠥᠮᠦᠨ ᠬᠥᠮᠦᠵᠢᠭᠦᠯᠬᠦ ᠬᠠᠷᠠᠯᠲᠠ ᠶᠢᠨ ᠶᠣᠰᠣᠭᠠᠷ᠂ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠪᠠᠷᠢᠮᠵᠢᠶᠠᠵᠢᠭᠤᠯᠤᠯᠲᠠ ᠶᠢᠨ ᠰᠤᠷᠭᠠᠭᠤᠯᠢ︾ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠰᠤᠷᠤᠭᠴᠢᠳ  ᠲᠤ ᠦᠨᠳᠦᠰᠦᠲᠡᠨ ᠤ ᠰᠣᠶᠣᠯ ᠤᠨ  ᠠᠭᠤᠯᠤᠬᠤᠨ ᠪᠤᠯᠤᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠥᠨᠢ ᠤᠳᠠᠭᠠᠨ ᠲᠡᠤᠬᠡ ᠶᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤᠳᠬᠠᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠰᠠᠶᠢᠲᠤᠷ ᠠᠬᠢᠭᠤᠯᠵᠤ ᠪᠤᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号