ᠬᠤᠷᠠᠯᠳᠤᠭᠠᠨ ᠤ ᠪᠢᠴᠢᠭ ᠮᠠᠲ᠋ᠧᠷᠢᠶᠠᠯ ︵ᠬᠤᠷᠢᠨ ᠳᠦᠷᠪᠡ︶ | ᠵᠠᠰᠠᠭ ᠤᠨ ᠤᠷᠳᠤᠨ ᠤ ᠠᠵᠢᠯ ᠤᠨ ᠢᠯᠡᠳᠭᠡᠯ | 2022 ᠣᠨ ᠤ 1 ᠰᠠᠷ᠎ᠠ ᠶᠢᠨ 7 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ | ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ | ᠬᠤᠷᠠᠯᠳᠤᠭᠠᠨ ᠳᠡᠭᠡᠷ᠎ᠡ | ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ | ᠶᠣᠣ ᠬᠤᠩ ᠭᠠᠩ | ᠲᠥᠯᠥᠭᠡᠯᠡᠭᠴᠢᠳ ᠡ᠄ | ᠣᠲᠣ ᠪᠢ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠮᠦᠨᠴᠦ ᠬᠤᠰᠢᠭᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ | ᠳᠤᠷᠠᠳᠬᠤ ᠪᠣᠯᠪᠠᠤ︕ | ᠨᠢᠭᠡ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠡᠷᠭᠢᠴᠡᠭᠦᠯᠦᠯ | ᠳᠥᠷᠪᠡᠨ ᠵᠢᠯ ᠤᠨ ᠲᠤᠷᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠢᠨ ᠪᠤᠳᠤᠯᠢᠶᠠᠨᠲᠠᠶ ᠪᠠᠶᠢᠳᠠᠯ ᠤᠨ | ᠡᠮᠦᠨ᠎ᠡ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ | ᠠᠵᠢᠯ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠶ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ | ᠬᠤᠷᠢᠶᠠᠨ ᠤ ᠵᠥᠪ ᠤᠨᠤᠪᠴᠢᠳᠠᠢ ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠣᠣᠱᠯᠠᠭᠤᠯᠤᠨ᠂ ᠴᠢᠨᠠᠷᠯᠢᠭ | ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ | ᠤᠨ ᠪᠠᠶᠢᠳᠠᠯ ᠤᠨ ᠨᠥᠯᠥᠭᠡ ᠶᠢ ᠢᠳᠡᠪᠬᠢᠲᠡᠶ ᠠᠷᠭᠠᠴᠠᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠳᠦᠯᠦᠪᠵᠢᠬᠦᠯᠭᠡ ᠶᠢ ᠲᠡᠭᠦᠰ ᠠᠮᠵᠢᠯᠲᠠ ᠲᠠᠢ | ᠪᠡᠶᠡᠯᠡᠬᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠤᠷᠤᠭᠰᠢᠲᠠᠶ ᠡᠬᠢᠯᠡᠭᠦᠯᠵᠦ᠂ | ᠠᠵᠤ ᠠᠬᠤᠶ ᠨᠡᠶᠢᠭᠡᠮ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠡᠶ᠎ᠡ ᠵᠣᠬᠢᠴᠠᠯ ᠲᠠᠢ | ᠲᠣᠭᠲᠠᠭᠤᠨ ᠪᠠᠶᠢᠵᠦ᠂ ᠮᠠᠨ ᠤ ᠬᠤᠰᠢᠭᠤᠨ ᠤ ᠰᠢᠨ᠎ᠡ ᠬᠥᠭᠵᠢᠯᠲᠡ ᠶᠢᠨ ᠱᠠᠲᠤᠨ ᠳᠤ ᠨᠡᠶᠢᠭᠡᠮ ᠵᠢᠷᠤᠮ ᠤᠨ | ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠴᠢᠬᠤᠯᠠ ᠰᠠᠭᠤᠷᠢ | ᠶᠢ ᠲᠠᠯᠪᠢᠪᠡ᠃ | ︵ᠨᠢᠭᠡ︶ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠭᠠᠵᠠᠷ ᠣᠷᠣᠨ ᠤ | ᠶᠡᠷᠦᠩᠬᠡᠶᠢᠯᠡᠭᠰᠡᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠪᠠ | ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 2017 ᠣᠨ ᠳᠤ 111.8 ᠳ᠋ᠦᠩᠰᠢᠭᠤᠷ | ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2021 ᠣᠨ ᠳᠤ 160 ᠳ᠋ᠦᠩᠰᠢᠭᠤᠷ ᠲᠥᠭᠦᠷᠢᠭ ᠣᠷᠴᠢᠮ | ᠪᠣᠯᠵᠦ᠂ ᠳᠦᠷᠪᠡᠨ ᠵᠢᠯ ᠳᠤ ᠨᠡᠶᠢᠲᠡ 545 ᠳ᠋ᠦᠩᠰᠢᠭᠤᠷ ᠲᠥᠭᠦᠷᠢᠭ ᠤᠷᠴᠢᠮ ᠪᠡᠶᠡᠯᠡᠭᠦᠯᠤᠨ᠂ ᠬᠥᠮᠦᠨ | ᠳᠤᠮᠳᠠᠴᠢ ᠪᠠᠷ 15 ᠲᠦᠮᠡᠨ ᠲᠥᠭᠦᠷᠢᠭ ᠢ ᠳᠠᠪᠠᠵᠤ᠂ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠪᠠ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠠᠷᠤᠭ 126 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ 21 ᠶᠢ ᠬᠡᠷᠡᠭᠵᠢᠭᠦᠯᠤᠨ᠂ | ᠬᠥᠭᠵᠢᠯᠲᠡ ᠶᠢᠨ ᠨᠥᠭᠡᠴᠡ ᠬᠦᠴᠦᠨ ᠦᠷᠭᠦᠯᠵᠢᠯᠡᠨ ᠴᠢᠩᠭᠠᠷᠠᠪᠠ᠃ ᠡᠩ ᠤᠨ ᠤᠯᠠᠨ ᠨᠡᠶᠢᠲᠡ ᠶᠢᠨ ᠲᠥᠰᠥᠪ ᠤᠨ | ᠣᠷᠣᠯᠭ᠎ᠠ 18.4 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠳᠡᠭᠡᠭᠰᠢᠯᠡᠭᠡᠳ 20.74 ᠳ᠋ᠦᠩᠰᠢᠭᠤᠷ | ᠲᠥᠭᠦᠷᠢᠭ ᠪᠣᠯᠵᠦ᠂ ᠨᠡᠶᠢᠲᠡ 81.2 ᠳ᠋ᠦᠩᠰᠢᠭᠤᠷ ᠲᠥᠭᠦᠷᠢᠭ ᠢ ᠪᠡᠶᠡᠯᠡᠭᠦᠯᠤᠨ᠂ ᠶᠡᠷᠦᠩᠬᠡᠶ ᠬᠡᠮᠵᠢᠶ᠎ᠡ ᠪᠠᠷ ᠢᠶᠠᠨ | ᠪᠦᠬᠦ ᠠᠶᠢᠮᠠᠭ ᠤᠨ ᠬᠤᠶᠠᠳᠤᠭᠠᠷ ᠲᠤ ᠤᠷᠤᠪᠠ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 10.9 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠳᠡᠭᠡᠭᠰᠢᠯᠡᠭᠡᠳ | 11.7 ᠳ᠋ᠦᠩᠰᠢᠭᠤᠷ ᠲᠥᠭᠦᠷᠢᠭ ᠤᠷᠴᠢᠮ ᠪᠣᠯᠵᠦ᠂ ᠨᠡᠶᠢᠲᠡ ᠪᠠᠷᠤᠭ 45.7 ᠳ᠋ᠦᠩᠰᠢᠭᠤᠷ ᠲᠥᠭᠦᠷᠢᠭ ᠢ | ᠪᠡᠶᠡᠯᠡᠭᠦᠯᠤᠨ᠂ ᠬᠡᠷᠡᠭᠯᠡᠭᠡ ᠨᠢ ᠠᠵᠤ ᠠᠬᠤᠶ ᠳᠤ ᠢᠯᠡᠷᠬᠡᠶ ᠳᠠᠶᠢᠴᠢᠯᠠᠬᠤ ᠦᠢᠯᠡᠳᠦᠯ ᠦᠵᠡᠬᠦᠯᠦᠭᠰᠡᠨ ᠪᠠᠶᠢᠨ᠎ᠠ᠃ | ᠵᠢᠱᠢᠯᠲᠡ ᠪᠠᠷ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠳᠤᠮᠳᠠᠴᠢ ᠬᠤᠪᠢᠶᠠᠷᠢᠯᠠᠵᠦ ᠪᠣᠯᠬᠤᠶᠢᠴᠠ ᠣᠷᠣᠯᠭ᠎ᠠ | 36388 ᠲᠥᠭᠦᠷᠢᠭ ᠪᠠᠶᠢᠭᠰᠠᠨ ᠠᠴᠠ ᠪᠠᠨ 44574 ᠲᠥᠭᠦᠷᠢᠭ ᠪᠣᠯᠣᠨ ᠨᠡᠮᠡᠭᠳᠡᠵᠦ᠂ ᠮᠠᠯᠴᠢᠳ ᠤᠨ | ᠳᠤᠮᠳᠠᠴᠢ ᠬᠤᠪᠢᠶᠠᠷᠢᠯᠠᠵᠦ ᠪᠣᠯᠬᠤᠶᠢᠴᠠ ᠣᠷᠣᠯᠭ᠎ᠠ 23662 ᠲᠥᠭᠦᠷᠢᠭ ᠪᠠᠶᠢᠭᠰᠠᠨ ᠠᠴᠠ ᠪᠠᠨ 32668 | ᠲᠥᠭᠦᠷᠢᠭ ᠪᠤᠯᠤᠨ ᠨᠡᠮᠡᠭᠳᠡᠵᠦ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠪᠠ ᠴᠢᠨᠠᠷ ᠴᠢᠨᠰᠠᠭ᠎ᠠ ᠨᠡᠶᠢᠳᠡᠮ | ᠳᠡᠭᠡᠭᠰᠢᠯᠡᠪᠡ᠃ 2017—2021 ᠣᠨ ᠪᠤᠯᠲᠠᠯ᠎ᠠ ᠵᠠᠯᠭᠠᠭ᠎ᠠ ᠪᠠᠷ ︽ᠳᠤᠮᠳᠠᠳᠤ ᠤᠯᠤᠰ ᠤᠨ ᠪᠠᠷᠠᠭᠤᠨ ᠣᠷᠣᠨ | ᠤ ᠵᠠᠭᠤᠨ ᠬᠦᠴᠦᠷᠬᠡᠭ ᠬᠤᠰᠢᠭᠤ︾ ᠪᠠᠷ ᠰᠣᠩᠭᠤᠭᠳᠠᠪᠠ᠃ | ︵ᠬᠤᠶᠠᠷ︶ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠶᠳᠪᠦᠷᠢᠲᠦ ᠴᠢᠨᠠᠷᠲᠠᠶ ᠢᠯᠠᠯᠲᠠ ᠤᠯᠪᠠ | — — ᠶᠠᠳᠠᠭᠤ ᠠᠴᠠ ᠠᠩᠭᠢᠵᠢᠷᠠᠭᠤᠯᠵᠦ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠥᠬᠦ | ᠲᠠᠯ᠎ᠠ ᠪᠠᠷ ᠲᠡᠮᠡᠴᠡᠨ ᠤᠯᠪᠠ᠃ ᠶᠠᠳᠠᠭᠤ ᠠᠴᠠ ᠠᠩᠭᠢᠵᠢᠷᠠᠭᠤᠯᠵᠦ ᠪᠣᠭᠤᠮᠲᠠ ᠰᠢᠪᠲᠤᠯᠬᠤ ᠶᠢ ᠠᠷᠠᠳ ᠤᠨ | ᠠᠮᠢᠳᠤᠷᠠᠯ ᠤᠨ ᠨᠢᠭᠡᠳᠦᠭᠡᠷ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠳᠥᠷᠪᠡᠨ ᠵᠢᠯ ᠳᠤ ᠨᠡᠶᠢᠲᠡ 6025.8 | ᠲᠦᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠤᠨ᠂ ᠠᠵᠤ ᠦᠢᠯᠡᠰ᠂ ᠠᠵᠢᠯ ᠣᠯᠭᠤᠯᠲᠠ᠂ ᠮᠥᠩᠭᠦᠨ | ᠭᠦᠢᠯᠭᠡᠭᠡ ᠵᠡᠷᠭᠡ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠨᠠᠶᠢᠳᠠᠪᠤᠷᠢᠵᠢᠭᠤᠯᠤᠨ᠂ | ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠶᠢ ᠪᠦᠬᠦ ᠲᠠᠯ᠎ᠠ ᠪᠠᠷ ᠪᠡᠶᠡᠯᠡᠭᠦᠯᠪᠡ᠃ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 2021 ᠣᠨ ᠳᠤ 24452 | ᠲᠥᠭᠦᠷᠢᠭ ᠲᠤ ᠬᠦᠷᠴᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠨᠥᠬᠦᠪᠥᠷᠢ ᠨᠡᠶᠢᠲᠡ 207 ᠲᠦᠮᠡᠨ | ᠲᠥᠭᠦᠷᠢᠭ ᠲᠠᠷᠬᠠᠭᠠᠨ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠡᠮ ᠡᠮᠨᠡᠯᠭᠡ ᠶᠢᠨ ᠪᠠᠲᠤᠯᠠᠭ᠎ᠠ ᠶᠢᠨ | ᠬᠡᠪᠴᠢᠶᠡᠨ ᠳᠤ ᠤᠷᠤᠭᠤᠯᠵᠦ᠂ ᠡᠮ ᠡᠮᠨᠡᠯᠭᠡ ᠶᠢᠨ ᠵᠠᠷᠤᠳᠠᠯ 136 ᠲᠦᠮᠡᠨ ᠲᠥᠭᠦᠷᠢᠭ ᠢ ᠴᠠᠶᠢᠷᠠᠭᠤᠯᠤᠨ᠂ 111 | ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠠᠶᠢᠵᠢᠷᠠᠭᠤᠯᠵᠦ᠂ 201 ᠶᠠᠳᠠᠭᠤ ᠬᠦᠴᠢᠷᠳᠡᠯᠲᠡᠢ | ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠂ ᠶᠠᠳᠠᠭᠤ ᠬᠦᠴᠢᠷᠳᠡᠯᠳᠡᠢ | ᠡᠷᠦᠬᠡ ᠳᠤ 205 ᠦᠬᠡᠷ᠂ 2909 ᠬᠤᠨᠢ ᠶᠢ ᠰᠦᠷᠦᠭ ᠲᠠᠯᠪᠢᠵᠦ᠂ ᠮᠠᠯ ᠤᠨ ᠫᠧᠩ 100 ᠶᠢ ᠰᠢᠨ᠎ᠡ ᠪᠠᠷ | ᠪᠠᠶᠢᠭᠤᠯᠤᠨ᠂ 131 ᠬᠥᠮᠦᠨ ᠤᠳᠠᠭ᠎ᠠ ᠶᠢ ᠬᠠᠪᠰᠤᠷᠤᠨ ᠠᠵᠢᠯ ᠣᠯᠭᠤᠵᠦ᠂ 1384 ᠲᠦᠮᠡᠨ ᠲᠥᠭᠦᠷᠢᠭ ᠤᠨ | ᠶᠠᠳᠠᠭᠤ ᠶᠢ ᠲᠡᠳᠬᠦᠬᠦ ᠵᠢᠭᠡᠯᠡᠯᠭᠡ ᠲᠠᠯᠪᠢᠨ᠂ ︽ᠶᠠᠳᠠᠭᠤᠷᠠᠬᠤ ᠠᠴᠠ ᠰᠡᠷᠭᠡᠶᠢᠯᠡᠬᠦ ᠳᠠᠭᠠᠳᠬᠠᠯ︾ ᠳᠤ 100 ᠲᠦᠮᠡᠨ | ᠲᠥᠭᠦᠷᠢᠭ ᠤᠨ ᠪᠡᠯᠡ ᠵᠠᠷᠤᠴᠠᠭᠤᠯᠵᠦ᠂ 123 ᠶᠠᠳᠠᠭᠤ ᠬᠦᠴᠢᠷᠳᠡᠯᠳᠡᠢ ᠬᠥᠮᠦᠨ ᠠᠮᠠ ᠶᠢ ᠬᠠᠮᠤᠭ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃ 2018 ᠣᠨ ᠤ ᠡᠴᠦᠰ ᠲᠤ᠂ ᠪᠥᠬᠦ | ᠬᠤᠰᠢᠭᠤᠨ ᠤ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ 370 ᠡᠷᠦᠬᠡ ᠶᠢᠨ 1099 ᠬᠥᠮᠦᠨ ᠢ | ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠂ 2 ᠶᠠᠳᠠᠭᠤ ᠬᠦᠴᠢᠷᠳᠡᠯᠲᠡᠶ ᠭᠠᠴᠠᠭ᠎ᠠ ᠶᠢ ᠪᠦᠬᠦᠨ ᠢ ᠶᠠᠳᠠᠭᠤ ᠠᠴᠠ | ᠠᠩᠭᠢᠵᠢᠷᠠᠭᠤᠯᠪᠠ᠃ | — — ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠱᠠᠳᠤᠴᠢ ᠴᠢᠨᠠᠷᠲᠠᠶ ᠬᠠᠷᠠᠯᠲᠠ ᠶᠢ ᠪᠡᠶᠡᠯᠡᠭᠦᠯᠪᠡ᠃ | ᠴᠡᠯᠮᠡᠭ ᠤᠬᠳᠠᠷᠭᠤᠢ᠂ ᠴᠡᠩᠭᠡᠭ ᠤᠰᠤ᠂ ᠦᠩ ᠰᠢᠮᠡᠯᠢᠭ ᠬᠥᠷᠥᠰᠥ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠢ | ᠡᠷᠡᠰ ᠰᠠᠶᠢᠲᠤᠷ ᠬᠢᠵᠦ᠂ ᠵᠣᠬᠢᠶᠠᠨ ᠪᠠᠶᠢᠭᠤᠯᠤᠯᠲᠠ ᠥᠬᠡᠶ ᠪᠣᠬᠢᠷᠲᠤᠯ ᠭᠠᠳᠠᠭᠰᠢᠯᠠᠭᠤᠯᠵᠦ ᠪᠠᠶᠢᠭ᠎ᠠ ᠭᠤᠤᠯᠳᠠᠯᠭ᠎ᠠ | ᠲᠠᠢ ᠠᠵᠤ ᠠᠬᠤᠶᠢᠯᠠᠯ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠶ︾ ᠠᠵᠤ | ᠦᠶᠯᠡᠳᠪᠦᠷᠢ ᠶᠢᠨ ᠠᠵᠤ ᠠᠬᠤᠶᠢᠯᠠᠯ ᠢ ᠪᠦᠬᠦᠨ ᠢ ᠴᠡᠭᠴᠡᠯᠡᠨ ᠵᠠᠰᠠᠵᠤ᠂ ᠪᠠᠯᠭᠠᠷᠭᠤᠤᠯ ᠪᠠᠯᠭᠠᠰᠤᠨ ᠳᠤᠳᠤᠷᠠᠬᠢ | 10 ᠲᠣᠨ ᠠᠴᠠ ᠳᠤᠷᠤᠭᠰᠢ ᠠᠭᠤᠷᠰᠢᠭᠤᠯᠬᠤ ᠰᠢᠲᠠᠭᠠᠯᠭ᠎ᠠ ᠶᠢᠨ ᠵᠤᠤᠬ᠎ᠠ ᠶᠢ ᠰᠢᠭᠰᠢᠭᠳᠡᠭᠦᠯᠬᠦ ᠪᠠ ᠪᠠᠶᠠᠨᠬᠤᠸᠠ | ᠠᠵᠤ ᠦᠢᠯᠡᠳᠪᠤᠷᠢ ᠶᠢᠨ ᠳᠤᠭᠤᠷᠢᠭ ᠤᠨ 10 ᠲᠣᠨ ᠠᠴᠠ ᠳᠡᠭᠡᠭᠰᠢ ᠠᠭᠤᠷᠰᠢᠭᠤᠯᠬᠤ ᠰᠢᠲᠠᠭᠠᠯᠭ᠎ᠠ ᠶᠢᠨ | ᠵᠤᠤᠬ᠎ᠠ ᠶᠢᠨ ᠮᠡᠷᠭᠡᠵᠢᠯ ᠢ ᠥᠭᠡᠷᠡᠴᠢᠯᠡᠬᠦ ᠶᠢ ᠪᠡᠶᠡᠯᠡᠬᠦᠯᠵᠦ᠂ ᠪᠥᠬᠦ ᠬᠤᠰᠢᠭᠤᠨ ᠤ ᠴᠠᠭ ᠠᠭᠠᠷ ᠤᠨ ᠲᠤᠩᠭᠠᠯᠠᠭ | ᠰᠠᠶᠢᠬᠠᠨ ᠡᠳᠦᠷ ᠤᠨ ᠬᠠᠷᠢᠴᠠᠯ ᠨᠢ 97% ᠳᠤ ᠬᠦᠷᠪᠡ᠃ 48 ᠲᠣᠰᠣ ᠨᠡᠮᠡᠬᠦ ᠥᠷᠲᠡᠭᠡ ᠶᠢᠨ 203 ᠭᠠᠵᠠᠷ | ᠳᠣᠣᠷᠠᠬᠢ ᠬᠤᠣᠰ ᠳᠠᠪᠬᠤᠷᠭᠠᠲᠤ ᠲᠣᠰᠣᠨ ᠰᠠᠪᠠ ᠶᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠬᠤᠰᠢᠭᠤᠨ | ᠳᠣᠲᠣᠷᠠᠬᠢ 2 ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠦᠬᠦᠨ ᠢ ᠤᠯᠤᠰ ᠤᠨ ᠨᠢᠭᠡᠳᠦᠭᠡᠷ ᠳᠡᠰ ᠤᠨ A | ᠲᠥᠷᠥᠯ ᠤᠨ ᠭᠠᠳᠠᠭᠰᠢᠯᠠᠭᠤᠯᠤᠯᠲᠠ ᠶᠢᠨ ᠪᠠᠷᠢᠮᠵᠢᠶᠠᠨ ᠳᠤ ᠬᠦᠷᠭᠡᠵᠦ᠂ 8 ᠤᠤᠭᠤᠬᠤ ᠤᠰᠤᠨ ᠤ ᠡᠬᠢ ᠰᠤᠷᠪᠤᠯᠵᠢ | ᠶᠢᠨ ᠬᠠᠮᠠᠭᠠᠯᠠᠯᠲᠠ ᠶᠢᠨ ᠭᠠᠵᠠᠷ ᠢ ᠬᠤᠪᠢᠶᠠᠷᠢᠯᠠᠨ ᠲᠣᠭᠲᠠᠭᠠᠵᠤ᠂ ᠭᠤᠣᠯ ᠮᠥᠷᠡᠨ ︵ᠨᠠᠭᠤᠷ ᠴᠥᠭᠦᠷᠥᠮ︶ ᠤ | ᠳᠠᠷᠤᠭ᠎ᠠ ᠶᠢᠨ ᠦᠢᠯᠡᠳᠦᠯ ᠢ ᠪᠠᠳᠠᠷᠠᠭᠤᠯᠤᠨ᠂ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ | ᠦᠷᠭᠦᠯᠵᠢᠯᠡᠨ ᠰᠠᠶᠢᠵᠢᠷᠠᠭᠤᠯᠵᠤ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠠᠵᠢᠯ ᠨᠢ 3 ᠵᠢᠯ | ᠳᠠᠷᠠᠭᠠᠯᠠᠨ ᠪᠦᠬᠦ ᠠᠶᠢᠮᠠᠭ ᠤᠨ ᠰᠢᠯᠢᠳᠡᠭ ᠳᠡᠰ ᠲᠤ ᠳᠤᠳᠤᠷᠠᠪᠠ᠃ ᠬᠥᠷᠥᠰᠥ ᠰᠢᠷᠣᠶ ᠶᠢᠨ ᠪᠣᠬᠢᠷᠲᠤᠯ ᠤᠨ | ᠭᠤᠤᠯᠳᠠᠯᠭ᠎ᠠ ᠲᠠᠢ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠢ ᠱᠠᠭᠠᠷᠳᠠᠵᠦ | ᠪᠠᠶᠢᠭᠠᠳ ᠦᠪᠡᠷᠳᠡᠭᠡᠨ ᠬᠢᠨᠠᠨ ᠪᠠᠶᠢᠴᠠᠭᠠᠬᠤ ᠶᠢ ᠵᠢᠷᠤᠮᠵᠢᠭᠤᠯᠤᠨ ᠥᠷᠨᠢᠭᠦᠯᠵᠦ᠂ ᠬᠠᠲᠠᠭᠤ ᠪᠡᠶᠡᠲᠦ ᠬᠠᠶᠠᠭᠳᠠᠮᠠᠯ | ᠪᠣᠳᠠᠰ᠂ ᠠᠶᠤᠯᠲᠠᠶ ᠬᠠᠶᠠᠭᠳᠠᠮᠠᠯ ᠪᠣᠳᠠᠰ ᠢ ᠬᠠᠳᠠᠭᠠᠯᠠᠬᠤ ᠲᠠᠯᠠᠪᠤᠷ ᠢ ᠵᠢᠷᠤᠮᠵᠢᠭᠤᠯᠤᠨ ᠪᠠᠶᠢᠭᠤᠯᠤᠭᠰᠠᠨ ᠠᠴᠠ | ᠣᠷᠴᠢᠨ ᠲᠣᠭᠤᠷᠢᠨ ᠤ ᠠᠮᠤᠷ ᠲᠦᠪᠰᠢᠨ ᠤ ᠠᠳᠠᠯ ᠭᠠᠷᠤᠭᠰᠠᠨ ᠥᠬᠡᠶ᠃ | — — ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠪᠠ᠃ ᠵᠠᠰᠠᠭ ᠤᠨ | ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠶᠢ ᠬᠦᠴᠦᠲᠡᠢ ᠠᠬᠢᠭᠤᠯᠵᠤ᠂ ᠳᠠᠯᠳᠠ ᠥᠷᠢ ᠥᠭᠴᠡᠭᠡ ᠶᠢ | ᠨᠡᠶᠢᠲᠡ 14.4 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 68.2% ᠲᠤ | ᠬᠦᠷᠴᠦ᠂ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠠᠷᠠᠳ ᠠᠴᠠ ᠡᠵᠡᠩᠨᠡᠭᠰᠡᠨ ᠳᠤᠮᠳᠠ ᠪᠠᠭ᠎ᠠ ᠠᠵᠤ | ᠠᠬᠤᠶᠢᠯᠠᠯ ᠳᠤ ᠦᠷᠢᠳᠦᠭᠰᠡᠨ 5.2 ᠳ᠋ᠦᠩᠰᠢᠭᠤᠷ ᠲᠥᠭᠦᠷᠢᠭ ᠤᠨ ᠥᠷᠢ ᠶᠢ ᠪᠤᠴᠠᠭᠠᠵᠦ᠂ ᠵᠥᠷᠢᠯᠳᠦᠭᠡᠨ ᠥᠬᠡᠶ | ᠥᠷᠢ ᠶᠢ ᠪᠦᠬᠦᠨ ᠢ ᠳᠥᠯᠥᠵᠦ ᠳᠠᠭᠤᠰᠬᠠᠨ᠂ ᠮᠠᠷᠭᠤᠭᠠᠨ ᠲᠠᠢ ᠥᠷᠢ ᠶᠢ ᠳᠥᠯᠥᠵᠦ ᠳᠠᠭᠤᠰᠬᠠᠭᠰᠠᠨ ᠨᠣᠷᠮ᠎ᠠ ᠨᠢ | 63% ᠳᠤ ᠬᠥᠷᠪᠡ᠃ ᠥᠷᠢ ᠥᠭᠴᠡᠭᠡ ᠶᠢ ᠳᠦᠯᠦᠬᠦ ᠱᠠᠩᠨᠠᠯ ᠤᠨ ᠪᠡᠯᠡ ᠮᠥᠩᠭᠦ ᠶᠢ 1.75 ᠳ᠋ᠦᠩᠰᠢᠭᠤᠷ | ᠲᠥᠭᠦᠷᠢᠭ ᠣᠯᠵᠤ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ 7.36 ᠳ᠋ᠦᠩᠰᠢᠭᠤᠷ ᠲᠥᠭᠦᠷᠢᠭ | ᠭᠤᠶᠤᠴᠢᠯᠠᠨ ᠣᠯᠵᠤ᠂ ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠬᠤ ᠠᠰᠠᠭᠤᠳᠠᠯ ᠠᠴᠠ ᠪᠦᠳᠦᠮᠵᠢᠳᠡᠢ | ᠵᠠᠶᠢᠯᠠᠰᠬᠢᠪᠠ᠃ ᠠᠷᠠᠳ ᠤᠨ ᠬᠤᠭᠤᠷᠤᠨᠳᠤᠬᠢ ᠵᠢᠭᠡᠯᠡᠯᠭᠡ ᠶᠢ ᠴᠡᠭᠴᠡᠯᠡᠨ ᠵᠠᠰᠠᠬᠤ ᠬᠦᠴᠦᠯᠡᠴᠡ ᠪᠠᠨ ᠨᠡᠮᠡᠭᠳᠡᠭᠦᠯᠵᠦ᠂ | ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠬᠡᠪᠴᠢᠶ᠎ᠡ 1839 ᠡᠷᠦᠬᠡ ᠶᠢᠨ 7600 ᠲᠦᠮᠡᠨ ᠲᠥᠭᠦᠷᠢᠭ | ᠪᠠᠶᠢᠭᠰᠠᠨ ᠠᠴᠠ ᠪᠠᠨ 152 ᠡᠷᠦᠬᠡ ᠶᠢᠨ1375 ᠲᠦᠮᠡᠨ ᠲᠥᠭᠦᠷᠢᠭ ᠪᠤᠯᠵᠦ᠂ ᠲᠤᠰ ᠪᠦᠷᠢ 91.7% ᠪᠠ | 82% ᠪᠠᠷ ᠪᠠᠭᠤᠷᠠᠪᠠ᠃ ᠮᠥᠩᠭᠦᠨ ᠭᠦᠢᠯᠭᠡᠭᠡᠨ ᠤ ᠡᠮᠬᠢ ᠳᠢᠭᠯᠢᠮ ᠤᠨ ᠲᠣᠭᠲᠠᠭᠤᠨ ᠢ ᠪᠦᠬᠦ ᠬᠦᠴᠦᠨ ᠢᠶᠠᠷ | ᠬᠠᠮᠠᠭᠠᠯᠠᠨ᠂ ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ | ᠦᠯᠡᠳᠡᠪᠦᠷᠢ 2017 ᠣᠨ ᠤ ᠰᠡᠭᠦᠯᠴᠢ ᠠᠴᠠ ᠲᠣᠰᠪᠣᠷᠢ 38.6% ᠪᠠ 46.5% ᠪᠠᠷ ᠨᠡᠮᠡᠭᠳᠡᠪᠡ᠃ | ︵ᠭᠤᠷᠪᠠ︶ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ | ᠠᠵᠤ ᠦᠢᠯᠡᠰ ᠤᠨ ᠬᠥᠭᠵᠢᠯᠲᠡ ᠳᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ | — — ᠤᠳᠤᠬᠢᠴᠢᠯᠠᠭᠰᠠᠨ ᠮᠠᠯ ᠠᠵᠤ ᠠᠬᠤᠶ ᠴᠢᠨᠠᠷᠯᠢᠭ ᠬᠦᠭᠵᠢᠪᠡ᠃ ︽ᠬᠤᠨᠢ ᠶᠢ ᠴᠢᠨᠠᠷᠵᠢᠭᠤᠯᠤᠨ᠂ | ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠢᠬᠠᠨ ᠤ ᠦᠬᠡᠷ ᠤᠨ ᠲᠤᠭ᠎ᠠ | 2017 ᠣᠨ ᠳᠤ 23 ᠲᠦᠮᠡ ᠪᠠᠶᠢᠭᠰᠠᠨ ᠠᠴᠠ ᠪᠠᠨ 2021 ᠣᠨ ᠳᠤ 30 ᠲᠦᠮᠡ ᠪᠣᠯᠤᠨ ᠨᠡᠮᠡᠭᠳᠡᠵᠦ᠂ | 30% ᠪᠠᠷ ᠨᠡᠮᠡᠭᠳᠡᠪᠡ᠃ 1.4 ᠲᠦᠮᠡᠨ ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠣᠷᠣᠭᠤᠯᠤᠨ᠂ | 5400 ᠲᠦᠮᠡᠨ ᠲᠥᠭᠦᠷᠢᠭ ᠤᠨ ᠨᠥᠬᠦᠪᠥᠷᠢ ᠮᠥᠩᠭᠦ ᠶᠢ ᠲᠠᠷᠬᠠᠭᠠᠪᠠ᠃ 41 ᠲᠦᠮᠡᠨ ᠦᠬᠡᠷ ᠤᠨ ᠡᠭᠦᠯᠳᠡᠷ ᠢ | ᠰᠠᠶᠢᠵᠢᠷᠠᠭᠤᠯᠵᠤ᠂ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 82% ᠲᠤ ᠬᠦᠷᠪᠡ᠃ ᠦᠵᠦᠮᠦᠴᠢᠨ ᠬᠤᠨᠢᠨ ᠤ | ᠡᠭᠦᠯᠳᠡᠷ ᠰᠠᠶᠢᠵᠢᠷᠠᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ︽ᠦᠷ᠎ᠡ ᠶᠢᠨ ᠮᠠᠯ ᠤᠨ | ᠲᠠᠯᠠᠪᠠᠢ + ᠦᠷᠡᠵᠢᠭᠦᠯᠦᠨ ᠪᠣᠶᠢᠵᠢᠭᠤᠯᠬᠤ ᠲᠠᠯᠠᠪᠠᠢ + ᠭᠤᠣᠯᠳᠠᠯᠭᠠᠲᠤ ᠰᠦᠷᠦᠭ︾ ᠢ ᠨᠢᠭᠡ | ᠴᠣᠭᠴᠠᠵᠢᠭᠤᠯᠤᠭᠰᠠᠨ ᠦᠷ᠎ᠡ ᠪᠣᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠵᠤ᠂ ᠦᠷ᠎ᠡ ᠶᠢᠨ ᠮᠠᠯ ᠤᠨ ᠲᠠᠯᠠᠪᠠᠢ 1 | ᠶᠢ ᠪᠠᠶᠢᠭᠤᠯᠵᠤ᠂ 17 ᠰᠠᠭᠤᠷᠢ ᠦᠷᠡᠵᠢᠭᠦᠯᠦᠨ ᠪᠣᠶᠢᠵᠢᠭᠤᠯᠬᠤ ᠲᠠᠯᠠᠪᠠᠢ ᠶᠢ ᠥᠷᠭᠡᠳᠬᠡᠨ᠂ 240 ᠦᠵᠦᠮᠦᠴᠢᠨ | ᠬᠤᠨᠢᠨ ᠤ ᠭᠤᠣᠯᠳᠠᠯᠭᠠᠲᠤ ᠰᠦᠷᠦᠭ᠂ 2600 ᠦᠵᠦᠮᠦᠴᠢᠨ ᠬᠤᠨᠢᠨ ᠤ ᠪᠠᠷᠢᠮᠵᠢᠶᠠᠵᠢᠭᠰᠠᠨ ᠰᠦᠷᠦᠭ ᠢ | ᠦᠰᠬᠡᠵᠦ᠂ ᠵᠢᠯ ᠳᠤ 5000 ᠰᠢᠯᠢᠳᠡᠭ ᠴᠢᠨᠠᠷ ᠤᠨ ᠦᠵᠦᠮᠦᠴᠢᠨ ᠬᠤᠴᠠ ᠶᠢ ᠬᠠᠩᠭᠠᠵᠦ ᠴᠢᠳᠠᠬᠤ ᠪᠤᠯᠪᠠ᠃ 1. | 5 ᠲᠦᠮᠡᠨ ᠬᠤᠷᠠᠭᠠᠨ ᠬᠤᠴᠠ᠂ 14 ᠲᠦᠮᠡᠨ ᠦᠬᠢᠨ ᠳᠦᠯᠦᠭᠡ ᠶᠢ ᠰᠣᠩᠭᠤᠨ ᠪᠣᠶᠢᠵᠢᠭᠤᠯᠵᠤ᠂ 4500 | ᠲᠦᠮᠡᠨ ᠲᠥᠭᠦᠷᠢᠭ ᠤᠨ ᠨᠥᠬᠦᠪᠥᠷᠢ ᠶᠢ ᠲᠠᠷᠬᠠᠭᠠᠪᠠ᠃ ᠮᠣᠩᠭᠤᠯ ᠠᠳᠤᠭᠤᠨ ᠤ ᠰᠢᠯᠢᠳᠡᠭ ᠡᠭᠦᠯᠳᠡᠷ ᠤᠨ ᠡᠬᠢ | ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ ᠲᠠᠯᠠᠪᠠᠢ 1 | ᠶᠢ ᠪᠠᠶᠢᠭᠤᠯᠵᠤ᠂ ᠮᠣᠩᠭᠤᠯ ᠠᠳᠤᠭᠤᠨ ᠤ 57 ᠭᠤᠣᠯᠳᠠᠯᠭᠠᠲᠤ ᠰᠦᠷᠦᠭ ᠢ ᠦᠰᠬᠡᠨ᠂ ᠠᠳᠤᠭᠤᠨ ᠤ ᠦᠢᠯᠡᠰ | ᠤᠨ ᠨᠡᠶᠢᠭᠡᠮᠯᠢᠭ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠠᠳᠤᠭᠤᠨ ᠤ ᠬᠠᠮᠠᠭᠠᠯᠠᠯᠲᠠ ᠶᠢᠨ | ᠲᠥᠷᠥᠯ ᠵᠦᠢᠯ ᠢ ᠪᠡᠶᠡᠯᠡᠭᠦᠯᠪᠡ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠣᠳᠣᠬᠢᠴᠢᠯᠠᠯᠲᠠ ᠶᠢ | ᠲᠦᠷᠭᠡᠳᠬᠡᠨ ᠠᠬᠢᠭᠤᠯᠵᠤ᠂ 363 ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ᠂ 214 ᠲᠤᠰᠬᠠᠢ | ᠬᠤᠷᠰᠢᠶᠠᠵᠢᠯ ᠢ ᠪᠤᠶᠢᠵᠢᠭᠤᠯᠤᠨ᠂ ᠣᠶᠤᠨᠴᠢ ᠮᠠᠯ ᠠᠵᠤ ᠠᠬᠤᠢ ᠶᠢᠨ ᠲᠠᠪᠴᠠᠩ ᠢ ᠪᠠᠶᠢᠭᠤᠯᠵᠤ᠂ ︽ᠣᠶᠤᠨᠴᠢ | ᠮᠠᠯᠵᠢᠯ ᠤᠨ ᠲᠠᠯᠠᠪᠠᠢ︾ ᠶᠢᠨ ᠲᠤᠷᠰᠢᠯᠲᠠ ᠶᠢᠨ ᠴᠡᠭ 100 ᠶᠢ ᠪᠠᠶᠢᠭᠤᠯᠪᠠ᠃ ᠮᠠᠯᠵᠢᠯ ᠤᠨ ᠣᠨ ᠤ ᠲᠤᠭ᠎ᠠ | ᠲᠣᠯᠣᠭᠠᠶ ᠵᠢᠯ ᠪᠦᠷᠢ ᠳᠤᠮᠳᠠᠴᠢ ᠪᠠᠷ 240 ᠲᠦᠮᠡ ᠳᠤ ᠬᠦᠷᠴᠦ᠂ 120 ᠲᠦᠮᠨ ᠶᠢ ᠨᠢ ᠭᠠᠷᠭᠠᠯᠲᠠ ᠬᠢᠵᠦ᠂ | ᠦᠶᠯᠡᠳᠬᠦᠨ ᠤ ᠥᠷᠲᠡᠭ ᠨᠢ 2017 ᠣᠨ ᠳᠤ 26.8 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2021 | ᠣᠨ ᠪᠣᠯᠬᠤ ᠳᠤ 34.3 ᠳ᠋ᠦᠩᠰᠢᠭᠤᠷ ᠲᠥᠭᠦᠷᠢᠭ ᠲᠤ ᠬᠦᠷᠴᠦ᠂ 28% ᠪᠠᠷ ᠨᠡᠮᠡᠭᠳᠡᠪᠡ᠃ | — — ᠤᠳᠤᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮ ᠢ ᠳᠦᠷᠭᠡᠳᠬᠡᠨ ᠪᠠᠶᠢᠭᠤᠯᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠦᠶᠯᠡᠳᠬᠦᠨ ᠤ ᠥᠷᠲᠡᠭ 2017 ᠣᠨ ᠳᠤ131.9 | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2021 ᠣᠨ ᠳᠤ 199.9 ᠳ᠋ᠦᠩᠰᠢᠭᠤᠷ ᠲᠥᠭᠦᠷᠢᠭ ᠤᠷᠴᠢᠮ | ᠪᠤᠯᠤᠨ ᠨᠡᠮᠡᠭᠳᠡᠵᠦ᠂ ᠨᠡᠶᠢᠲᠡ ᠪᠠᠷᠤᠭ 699 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠨᠡᠭᠦᠷᠡᠰᠦᠨ ᠤ ᠠᠵᠤ | ᠦᠶᠯᠡᠰ ᠲᠣᠭᠲᠠᠭᠤᠨ ᠢᠶᠠᠷ ᠬᠥᠭᠵᠢᠵᠦ᠂ ᠵᠢᠷ ᠤᠨ ᠭᠤᠤᠯ ᠬᠤᠶᠠᠳᠤᠭᠠᠷ ᠠᠭᠤᠷᠬᠠᠶ ᠠᠵᠢᠯ ᠢᠶᠠᠨ ᠰᠡᠷᠭᠦᠭᠡᠨ | ᠪᠥᠲᠥᠭᠡᠨ ᠪᠠᠶᠢᠭᠤᠯᠤᠯᠳᠠ ᠪᠠᠨ ᠡᠬᠢᠯᠡᠬᠦᠯᠵᠦ᠂ ᠬᠤᠸᠠ ᠷᠦᠨ ᠪᠦᠯᠦᠭᠯᠡᠯ ᠤᠨ ᠡᠦ ᠵᠢᠶᠠᠨ ᠹᠠᠩ ᠤᠨ ᠪᠠᠷᠠᠭᠤᠨ | ᠨᠢᠭᠡᠳᠦᠭᠡᠷ ᠠᠭᠤᠷᠬᠠᠶ ᠪᠠᠷᠢᠯᠭ᠎ᠠ ᠡᠬᠢᠯᠡᠬᠦ ᠭᠠᠷ ᠭᠦᠶᠴᠡᠳᠬᠡᠯ ᠢ ᠣᠯᠵᠤ᠂ ᠳᠥᠷᠪᠡᠨ ᠵᠢᠯ ᠳᠤ ᠨᠡᠶᠢᠲᠡ 2 | ᠳ᠋ᠦᠩᠰᠢᠭᠤᠷ ᠲᠣᠨ ᠲᠦᠭᠦᠬᠡᠶ ᠨᠡᠭᠦᠷᠡᠰᠦ ᠦᠶᠯᠡᠳᠪᠦᠷᠢᠯᠡᠵᠦ᠂ ᠡᠭᠦᠨ ᠳᠤ 2021 ᠣᠨ ᠳᠤ 5116 ᠲᠦᠮᠡᠨ | ᠲᠣᠨ ᠳᠤ ᠬᠦᠷᠴᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠦᠴᠦᠲᠡᠶ ᠪᠠᠲᠤᠯᠠᠪᠠ᠃ ᠨᠡᠭᠦᠷᠡᠰᠦ | ᠴᠠᠬᠢᠯᠭᠠᠨ ᠤ ᠠᠵᠤ ᠦᠢᠯᠡᠰ ᠢ ᠴᠡᠪᠡᠷᠰᠢᠭᠦᠯᠦᠨ ᠬᠥᠭᠵᠢᠭᠦᠯᠵᠦ᠂ ᠬᠤᠸᠠ ᠷᠦᠨ᠂ ᠵᠢᠩ ᠨᠧᠩ ᠵᠡᠷᠭᠡ ᠴᠠᠬᠢᠯᠭᠠᠨ | ᠭᠠᠷᠭᠠᠬᠤ ᠠᠵᠤ ᠠᠬᠤᠶᠢᠯᠠᠯ ᠢ ᠲᠣᠭᠲᠠᠭᠤᠨ ᠢᠶᠠᠷ ᠠᠵᠢᠯᠯᠠᠭᠤᠯᠵᠤ᠂ ᠪᠠᠶᠠᠨᠬᠤᠸᠠ ᠨᠠᠷᠢᠯᠢᠭᠵᠢᠭᠤᠯᠤᠭᠰᠠᠨ | ᠬᠥᠩᠭᠡᠨᠴᠠᠭᠠᠨ ᠤ ᠬᠠᠪᠲᠠᠰᠤ ᠶᠢᠨ ᠦᠪᠡᠷ ᠢ ᠪᠠᠨ ᠬᠠᠩᠭᠠᠬᠤ ᠴᠠᠬᠢᠯᠭᠠᠨ ᠦᠢᠯᠡᠳᠪᠦᠷᠢ ᠶᠢ ᠲᠣᠭᠲᠠᠭᠰᠠᠨ | ᠬᠤᠭᠤᠴᠠᠭᠠᠨ ᠳᠤ ᠪᠠᠶᠢᠭᠤᠯᠵᠤ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠠᠶᠠᠨᠬᠤᠸᠠ | ᠨᠡᠭᠦᠷᠡᠰᠦᠨ ᠠᠭᠤᠷᠬᠠᠢ ᠶᠢᠨ ᠳᠡᠷᠭᠡᠳᠡᠬᠢ ᠴᠠᠬᠢᠯᠭᠠᠨ ᠦᠢᠯᠡᠳᠪᠦᠷᠢ ᠶᠢ ᠡᠬᠢᠯᠡᠨ ᠪᠠᠶᠢᠭᠤᠯᠵᠤ᠂ ᠢᠯᠴᠢ ᠴᠠᠬᠢᠯᠭᠠᠨ ᠤ | ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 484 ᠲᠦᠮᠡᠨ ᠺᠢᠯᠣᠸᠠᠲ ᠲᠤ ᠬᠦᠷᠴᠦ᠂ ᠵᠢᠯ ᠤᠨ ᠴᠠᠬᠢᠯᠭᠠᠨ | ᠭᠠᠷᠭᠠᠬᠤ ᠬᠡᠮᠵᠢᠶ᠎ᠡ 2017 ᠣᠨ ᠳᠤ 74.65 ᠳ᠋ᠦᠩᠰᠢᠭᠤᠷ ᠺᠢᠯᠣᠸᠠᠲ ᠴᠠᠭ ᠪᠠᠶᠢᠭᠰᠠᠨ ᠠᠴᠠ ᠪᠠᠨ 2021 | ᠣᠨ ᠪᠣᠯᠬᠤ ᠳᠤ ᠨᠡᠮᠡᠭᠳᠡᠭᠡᠳ 184.5 ᠳ᠋ᠦᠩᠰᠢᠭᠤᠷ ᠺᠢᠯᠣᠸᠠᠲ ᠴᠠᠭ ᠪᠣᠯᠵᠤ᠂ ᠪᠦᠬᠦ ᠤᠯᠤᠰ ᠤᠨ ᠴᠠᠬᠢᠯᠭᠠᠨ | ᠬᠦᠴᠦᠨ ᠤ ᠬᠠᠩᠭᠠᠯᠭ᠎ᠠ ᠶᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠪᠡ᠃ | ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠶᠢᠨ ᠮᠠᠨ ᠠᠭᠤᠷᠬᠠᠢ ᠶᠢ ᠳᠡᠰ | ᠳᠡᠪᠰᠢᠬᠦᠯᠦᠨ ᠪᠦᠷᠢᠳᠬᠡᠯ ᠳᠤ ᠤᠷᠤᠭᠤᠯᠵᠦ᠂ ᠪᠠᠶᠠᠨᠬᠤᠸᠠ ᠨᠠᠷᠢᠯᠢᠭᠵᠢᠭᠤᠯᠤᠭᠰᠠᠨ ᠬᠦᠩᠭᠡᠨᠴᠠᠭᠠᠨ ᠤ ᠬᠠᠪᠲᠠᠰᠤ | ᠶᠢᠨ ᠦᠶᠯᠡᠳᠪᠦᠷᠢ ᠶᠢᠨ ᠲᠥᠷᠥᠯ ᠵᠦᠢᠯ ᠤᠨ ᠪᠦᠳᠦᠭᠡᠨ ᠪᠠᠶᠢᠭᠤᠯᠤᠯᠳᠠ ᠨᠢ ᠱᠢᠪᠳᠤᠷᠭᠠᠨ ᠳᠤ ᠣᠷᠣᠵᠤ᠂ | ᠶᠢᠨ ᠲᠠᠢ ᠰᠢᠵᠢᠷ ᠠᠯᠲᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠨᠢ ︵ᠢᠦᠶ ᠯᠦᠩ ᠠᠭᠤᠷᠬᠠᠶ ᠶᠢᠨ | ᠦᠢᠯᠡᠰ︶ 2020᠂ 2021 ᠣᠨ ᠳᠤ ︽ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ 100 ᠬᠦᠴᠦᠷᠬᠡᠭ | ᠠᠵᠤ ᠠᠬᠤᠶᠢᠯᠠᠯ︾ ᠤᠨ ᠨᠡᠷᠡᠰ ᠤᠨ ᠵᠢᠭᠰᠠᠭᠠᠯᠲᠠ ᠳᠤ ᠣᠷᠣᠪᠠ᠃ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ | ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠡᠷᠡᠭᠦᠯ ᠢᠶᠠᠷ ᠬᠥᠭᠵᠢᠵᠦ᠂ ᠴᠢᠨ ᠯᠢᠦᠢ᠂ ᠵᠢᠦᠢ ᠪᠣᠤ ᠶᠤᠸᠠᠨ ᠤᠯᠠᠭᠠᠨ | ᠢᠳᠡᠭᠡᠨ ᠤ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠡᠬᠢᠯᠡᠨ ᠪᠠᠶᠢᠭᠤᠯᠵᠤ᠂ ᠮᠧᠩ | ᠪᠣᠤ ᠥᠭᠡᠬᠦ ᠲᠣᠰᠤ ᠡᠳ᠋ᠰᠢᠭᠦᠯᠬᠦ ᠲᠥᠷᠥᠯ ᠵᠦᠢᠯ ᠤᠷᠤᠭᠰᠢᠲᠠᠢ ᠠᠰᠢᠭᠯᠠᠯᠲᠠ ᠳᠤ ᠣᠷᠣᠵᠤ᠂ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠤᠯᠠᠮ ᠨᠢᠭᠡ ᠠᠯᠬᠤᠮ | ᠳᠡᠭᠡᠭᠰᠢᠯᠡᠵᠦ᠂ ᠤᠯᠠᠷᠢᠭᠤᠯᠬᠤ ᠨᠣᠷᠮ᠎ᠠ ᠨᠢ 65% ᠠᠴᠠ ᠳᠡᠭᠡᠭᠰᠢ ᠳᠤ ᠬᠦᠷᠪᠡ᠃ ᠬᠦᠷᠢᠶᠡᠯᠡᠩ ᠲᠣᠭᠤᠷᠢᠭ ᠢ | ᠬᠦᠭᠵᠢᠬᠦᠯᠬᠦ ᠶᠢ ᠠᠬᠢᠭᠤᠯᠵᠤ᠂ ︽ᠪᠠᠶᠠᠨᠬᠤᠸᠠ ᠠᠵᠤ ᠦᠢᠯᠡᠳᠪᠦᠷᠢ ᠶᠢᠨ ᠲᠣᠭᠤᠷᠢᠭ ᠤᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ︵2019— 2030︶︾ ᠨᠢ ᠥᠪᠡᠷᠲᠡᠭᠡᠨ ᠵᠠᠰᠠᠬᠤ ᠤᠷᠤᠨ ᠤ | ᠵᠠᠰᠠᠭ ᠤᠨ ᠣᠷᠳᠣᠨ ᠤ ᠵᠦᠪᠰᠢᠶᠡᠷᠡᠯ ᠢ ᠣᠯᠵᠤ᠂ ︽ᠪᠠᠶᠠᠨᠬᠤᠸᠠ ᠠᠵᠤ ᠦᠢᠯᠡᠳᠪᠦᠷᠢ ᠶᠢᠨ ᠲᠣᠭᠤᠷᠢᠭ ᠤᠨ | ᠶᠡᠷᠦᠩᠬᠡᠶ ᠲᠥᠯᠥᠪᠵᠢᠭᠦᠯᠭᠡ ︵2017— 2035 ᠣᠨ︶︾ ᠨᠢ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠵᠦ᠂ ᠠᠵᠦ | ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠷᠢᠮᠵᠢᠶᠠᠨ ᠳᠤ ᠬᠦᠷᠭᠡᠨ | ᠥᠭᠡᠷᠡᠴᠢᠯᠡᠬᠦ ᠢᠨᠵᠧᠨᠧᠷᠢᠩ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠥᠯ ᠵᠦᠢᠯ ᠵᠡᠷᠭᠡ | ᠢᠵᠢ ᠪᠦᠷᠢᠯᠳᠦᠭᠦᠯᠦᠭᠰᠡᠨ ᠰᠠᠭᠤᠷᠢ ᠳᠦᠬᠦᠭᠡᠷᠦᠮᠵᠢ ᠶᠢ ᠠᠰᠢᠭᠯᠠᠯᠲᠠ ᠳᠤ ᠤᠷᠤᠭᠤᠯᠤᠨ᠂ 34.5 ᠺᠢᠯᠣᠮᠧᠲᠷ | ᠠᠭᠤᠷᠬᠠᠶ ᠶᠢᠨ ᠣᠷᠣᠨ ᠤ ᠵᠠᠰᠠᠮᠠᠯ ᠵᠠᠮ ᠢ ᠰᠡᠯᠪᠢᠨ ᠵᠠᠰᠠᠵᠤ᠂ 2.3 ᠳ᠋ᠦᠩᠰᠢᠭᠤᠷ ᠲᠥᠭᠦᠷᠢᠭ ᠪᠠᠯᠠ ᠣᠷᠣᠭᠤᠯᠤᠨ᠂ | ᠪᠠᠯᠭᠠᠷᠭᠤᠤᠯ ᠪᠤᠳᠠᠰ ᠤᠨ ᠭᠦᠢᠯᠭᠡᠭᠡᠨ ᠤ ᠲᠣᠭᠤᠷᠢᠭ ᠤᠨ ᠠᠳᠠᠯ ᠦᠢᠯᠡᠰ ᠴᠤᠭᠴᠠᠯᠠᠬᠤ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠵᠤ᠂ ᠣᠷᠣᠨ ᠨᠤᠲᠤᠭ ᠤᠨ ᠤᠨᠴᠠᠯᠢᠭᠳᠤ 8 ᠳᠤᠮᠳᠠ ᠪᠠᠭ᠎ᠠ ᠠᠵᠤ ᠠᠬᠤᠶᠢᠯᠠᠯ ᠢ ᠠᠵᠦ | ᠦᠢᠯᠡᠰ ᠤᠨ ᠬᠦᠷᠢᠶᠡᠯᠡᠩ ᠳᠤ ᠣᠷᠣᠭᠤᠯᠪᠠ᠃ | — — ᠤᠳᠤᠬᠢᠴᠢᠯᠠᠭᠰᠠᠨ ᠦᠶᠯᠡᠴᠢᠯᠡᠭᠡᠨ ᠤ ᠦᠶᠯᠡᠰ ᠳᠡᠰ ᠳᠡᠪᠰᠢᠪᠡ᠃ ᠰᠢᠯᠢ ᠶᠢᠨ ᠭᠤᠣᠯ ᠤᠨ | ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠵᠠᠮ ᠲᠠᠢ ᠭᠦᠨᠵᠡᠭᠡᠢ ᠠᠭᠤᠰᠤᠯᠴᠠᠵᠤ᠂ ᠲᠠᠯ᠎ᠠ ᠨᠤᠲᠤᠭ | ᠤᠨ ᠨᠡᠭᠦᠳᠡᠯ ᠮᠠᠯᠵᠢᠯ ᠤᠨ ᠰᠣᠶᠣᠯ ᠤᠨ ᠦᠵᠡᠮᠵᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ | ︽ᠪᠠᠷᠠᠭᠤᠨ ᠦᠵᠦᠮᠦᠴᠢᠨ ᠬᠤᠰᠢᠭᠤᠨ ᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ | ᠲᠥᠯᠥᠪᠵᠢᠭᠦᠯᠭᠡ︾᠂ ︽ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠲᠤᠰᠬᠠᠢ | ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ︽ᠦᠢᠯᠡᠰ︾ ᠵᠢᠭᠤᠯᠴᠢᠯᠠᠯ ᠤᠨ ᠦᠢᠯᠡᠴᠢᠯᠡᠭᠡ ᠶᠢ | ᠪᠠᠷᠢᠮᠵᠢᠶᠠᠵᠢᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠨᠢ ᠤᠯᠤᠰ ᠤᠨ ᠬᠢᠨᠠᠨ ᠰᠢᠯᠭᠠᠯᠲᠠ ᠳᠤ ᠬᠢᠷᠢ | ᠲᠡᠩᠴᠡᠪᠡ᠃ ᠳᠤᠮᠳᠠᠳᠤ ᠤᠯᠤᠰ ᠤᠨ ᠴᠠᠭᠠᠨ ᠠᠳᠤᠭᠤᠨ ᠤ ᠰᠣᠶᠣᠯ ᠤᠨ ᠨᠠᠶᠢᠷ᠂ ᠡᠪᠦᠯ ᠤᠨ ᠤᠯᠠᠷᠢᠯ ᠤᠨ ᠮᠥᠰᠥ | ᠴᠠᠰᠤᠨ ᠤ ᠨᠠᠭᠠᠳᠤᠮ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠵᠤᠭᠠᠴᠠᠭᠰᠠᠳ ᠢ 298 ᠲᠦᠮᠡᠨ ᠬᠥᠮᠦᠨ ᠤᠳᠠᠭ᠎ᠠ ᠬᠦᠯᠢᠶᠡᠨ ᠠᠪᠤᠪᠠ᠃ ᠨᠡᠭᠦᠷᠡᠰᠦ ᠵᠡᠷᠭᠡ ᠶᠡᠭᠡ | ᠬᠡᠮᠵᠢᠶᠡᠨ ᠤ ᠡᠳ᠋ ᠪᠠᠷᠠᠭ᠎ᠠ ᠶᠢᠨ ᠲᠡᠭᠡᠭᠡᠪᠦᠷᠢ ᠶᠢᠨ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠬᠦ︾ ᠶᠢ | ᠠᠬᠢᠭᠤᠯᠤᠨ᠂ ᠪᠠᠶᠠᠨᠬᠤᠸᠠ ᠠᠴᠠ ᠰᠠᠶᠢᠨ᠋ᠡᠦ᠋ᠨᠳᠤᠷ ᠬᠦᠷᠬᠦ ᠲᠡᠮᠦᠷ ᠵᠠᠮ᠂ ᠬᠤᠸᠠ ᠷᠦᠨ ᠪᠦᠯᠦᠭᠯᠡᠯ ᠤᠨ ᠡᠦ ᠵᠢᠶᠠᠨ | ᠹᠠᠩ ᠴᠠᠬᠢᠯᠭᠠᠨ ᠦᠶᠯᠡᠳᠪᠦᠷᠢ ᠶᠢᠨ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠢ ᠪᠠᠶᠢᠭᠤᠯᠤᠨ | ᠠᠰᠢᠭᠯᠠᠯᠲᠠ ᠳᠤ ᠤᠷᠤᠭᠤᠯᠪᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠦᠢᠯᠡᠰ ᠡᠷᠡᠭᠦᠯ ᠢᠶᠠᠷ ᠬᠥᠭᠵᠢᠵᠦ | ᠂ ᠨᠡᠶᠢᠲᠡ 35.7 ᠲᠦᠮᠡᠨ ᠲᠡᠭᠰᠢ ᠳᠥᠷᠪᠡᠯᠵᠢᠨ ᠮᠧᠲᠷ ᠲᠠᠸᠠᠷ ᠤᠨ ᠬᠡᠷ ᠪᠠᠶᠢᠰᠢᠩ ᠢ ᠨᠡᠭᠡᠭᠡᠨ ᠬᠥᠭᠵᠢᠭᠦᠯᠵᠦ᠂ | ᠬᠡᠷ ᠪᠠᠶᠢᠰᠢᠩ ᠤᠨ ᠦᠨ᠎ᠡ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠡᠯᠧᠺᠲᠷᠣᠨ ᠬᠤᠳᠠᠯᠳᠤᠭᠠᠨ | ᠤ ᠦᠢᠯᠡᠰ ᠤᠨ ᠬᠥᠭᠵᠢᠯᠲᠡ ᠶᠢ ᠳᠠᠮᠵᠢᠵᠤ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠨᠡᠶᠢᠲᠡ 21 | ᠡᠷᠦᠬᠡ ᠪᠣᠶᠢᠵᠢᠭᠤᠯᠵᠤ᠂ ᠡᠯᠧᠺᠲᠷᠣᠨ ᠬᠤᠳᠠᠯᠳᠤᠭᠠᠨ ᠤ ᠠᠷᠠᠯᠵᠢᠶᠠᠯᠠᠭᠰᠠᠨ ᠬᠡᠮᠵᠢᠶ᠎ᠡ ᠨᠢ 1.47 ᠳ᠋ᠦᠩᠰᠢᠭᠤᠷ | ᠲᠥᠭᠦᠷᠢᠭ ᠲᠤ ᠬᠦᠷᠪᠡ᠃ ᠲᠦᠷᠭᠡᠨ ᠬᠦᠷᠭᠡᠯᠲᠡ ᠶᠢᠨ ᠪᠣᠳᠠᠰ ᠤᠨ ᠭᠦᠢᠯᠭᠡᠭᠡᠨ ᠤ ᠦᠢᠯᠡᠰ ᠢ ᠲᠦᠷᠭᠡᠳᠬᠡᠨ | ᠬᠥᠭᠵᠢᠭᠦᠯᠵᠦ᠂ ᠪᠦᠬᠦ ᠬᠤᠰᠢᠭᠤᠨ ᠤ ᠪᠤᠳᠠᠰ ᠤᠨ ᠬᠦᠢᠯᠭᠡᠭᠡᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ 9᠂ | ᠡᠵᠡᠩᠨᠡᠯᠲᠡ ᠶᠢᠨ ᠴᠡᠭ 24 ᠪᠠᠶᠢᠵᠦ᠂ 6 ᠮᠠᠯᠵᠢᠬᠤ ᠰᠤᠮᠤ ᠪᠠᠯᠭᠠᠰᠤᠨ ᠤ 93 ᠭᠠᠴᠠᠭᠠᠨ ᠳᠤ ᠴᠦᠮ ᠬᠦᠷᠭᠡᠬᠦ | ᠴᠡᠭ ᠪᠠᠶᠢᠭᠤᠯᠪᠠ᠃ | ︵ᠳᠥᠷᠪᠡ︶ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠤᠯᠪᠠ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠦᠨᠢᠳᠡ ᠶᠢᠨ ᠥᠪ︾ ᠭᠡᠬᠦ ᠣᠶᠢᠯᠠᠭᠠᠭᠳᠠᠬᠤᠨ ᠢ ᠭᠦᠨᠵᠡᠭᠡᠢ | ᠦᠢᠯᠡᠳᠦᠯᠭᠡᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠪᠦᠬᠦ ᠲᠠᠯ᠎ᠠ ᠪᠠᠷ | ᠴᠢᠩᠭᠠᠳᠬᠠᠪᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠭᠡᠯ ᠣᠯᠵᠤ᠂ ᠮᠠᠨ ᠤ ᠬᠤᠰᠢᠭᠤᠨ ᠤ | ᠶᠡᠷᠤᠩᠬᠡᠢ ᠭᠠᠵᠠᠷ ᠨᠤᠲᠤᠭ ᠤᠨ 67.86% ᠶᠢᠨ ᠲᠠᠯᠠᠪᠠᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠰᠡᠷᠡᠮᠵᠢ ᠶᠢᠨ | ᠱᠤᠭᠤᠮ ᠳᠤ ᠣᠷᠣᠭᠤᠯᠪᠠ᠃ ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢᠯᠡᠳᠲᠡ ᠦᠷ᠎ᠡ | ᠪᠦᠲᠦᠮᠵᠢ ᠣᠯᠵᠤ᠂ ᠨᠡᠶᠢᠲᠡ 11.3 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠂ 61.6 ᠲᠡᠭᠰᠢ | ᠳᠥᠷᠪᠡᠯᠵᠢᠨ ᠺᠢᠯᠣᠮᠧᠲᠷ ᠲᠠᠯᠠᠪᠠᠢ ᠶᠢ ᠵᠠᠰᠠᠵᠦ᠂ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ 3᠂ | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ 8 ᠶᠢ ᠠᠮᠵᠢᠯᠳᠠᠳᠠᠢ ᠪᠠᠶᠢᠭᠤᠯᠤᠨ᠂ | 2020 ᠣᠨ ᠤ ᠠᠭᠤᠷᠬᠠᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠪᠠ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠤᠯᠤᠨ 2021 ᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ | ᠬᠠᠶᠠᠭᠳᠠᠮᠠᠯ ᠨᠦᠬᠡ ᠶᠢ ᠵᠠᠰᠠᠬᠤ ᠠᠵᠢᠯ ᠨᠢ ᠴᠥᠮ ᠪᠥᠬᠦ ᠠᠶᠢᠮᠠᠭ ᠤᠨ ᠲᠡᠷᠢᠭᠦᠨ ᠳᠤ ᠵᠢᠭᠰᠠᠭᠠᠭᠳᠠᠪᠠ᠃ ᠤᠰᠤᠨ | ᠤ ᠣᠷᠴᠢᠨ ᠲᠣᠭᠤᠷᠢᠨ ᠤ ᠶᠠᠰᠤ ᠴᠢᠨᠠᠷ ᠲᠠᠰᠤᠷᠠᠯᠲᠠ ᠥᠬᠡᠶ ᠰᠠᠶᠢᠵᠢᠷᠠᠵᠤ᠂ ᠵᠢᠵᠢᠭ ᠰᠠᠪᠠ ᠭᠠᠵᠠᠷ ᠤᠨ | ᠶᠡᠷᠦᠩᠬᠡᠶᠢᠯᠡᠭᠰᠡᠨ ᠵᠠᠰᠠᠯᠲᠠ ᠶᠢ ᠨᠡᠶᠢᠲᠡ 55 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠵᠦ᠂ ︽ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ + ᠭᠤᠤᠯ ᠮᠥᠷᠡᠨ ︵ᠨᠠᠭᠤᠷ ᠴᠥᠭᠦᠷᠥᠮ︶ ᠤ ᠳᠠᠷᠤᠭ᠎ᠠ ᠶᠢᠨ ᠲᠦᠷᠢᠮ︾ | ᠤᠨ ᠠᠵᠢᠯ ᠤᠨ ᠵᠠᠭᠪᠤᠷ ᠨᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠲᠤᠷᠰᠢᠯᠭ᠎ᠠ ᠪᠤᠯᠤᠨ ᠪᠥᠬᠦ ᠤᠯᠤᠰ ᠲᠤ | ᠳᠡᠯᠭᠡᠷᠡᠬᠦᠯᠦᠭᠳᠡᠪᠡ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠷᠭᠦᠯᠵᠢᠯᠡᠨ | ᠴᠢᠩᠭᠠᠳᠬᠠᠵᠤ᠂ ᠨᠡᠶᠢᠲᠡ 21 ᠲᠦᠮᠡᠨ ᠮᠥ ᠣᠶ ᠰᠢᠭᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ | ᠪᠡᠶᠡᠯᠡᠭᠦᠯᠵᠦ᠂ 8864 ᠲᠦᠮᠡᠨ ᠲᠥᠭᠦᠷᠢᠭ ᠤᠨ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ ᠮᠥᠩᠭᠦ | ᠣᠯᠭᠤᠵᠤ᠂ ᠭᠦᠷᠦᠭᠡᠰᠦᠳᠡᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶ᠎ᠡ ᠵᠢᠴᠢ | ᠴᠢᠳᠠᠮᠵᠢᠳᠦ ᠣᠷᠣᠨ ᠢ ᠰᠢᠯᠢᠳᠡᠭᠵᠢᠭᠦᠯᠦᠨ ᠳᠤᠬᠢᠷᠠᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ᠂ | ᠮᠠᠯ ᠪᠡᠯᠴᠢᠭᠡᠷ ᠤᠨ ᠲᠡᠩᠴᠡᠬᠦᠷᠢ ᠶᠢᠨ ᠳᠦᠷᠢᠮ ᠪᠠ ᠨᠤᠲᠤᠭ ᠪᠡᠯᠴᠢᠭᠡᠷ ᠤᠨ ︽ᠭᠤᠷᠪᠠᠨ ᠮᠠᠯᠵᠢᠯ︾ ᠤᠨ ᠲᠦᠷᠢᠮ ᠢ | ᠬᠢᠨᠠᠮᠠᠭᠠᠶ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠨᠥᠬᠦᠪᠥᠷᠢ ᠮᠥᠩᠭᠦ ᠶᠢ ᠨᠡᠶᠢᠲᠡ 3.6 ᠳ᠋ᠦᠩᠰᠢᠭᠤᠷ ᠲᠥᠭᠦᠷᠢᠭ | ᠨᠠᠶᠢᠳᠠᠪᠤᠷᠢᠵᠢᠭᠤᠯᠵᠤ᠂ 8 ᠲᠦᠮᠡᠨ ᠮᠥ ᠨᠤᠲᠤᠭ ᠪᠡᠯᠴᠢᠭᠡᠷ ᠢ ᠵᠠᠰᠠᠨ ᠰᠡᠷᠭᠦᠭᠡᠪᠡ᠃ ᠲᠠᠯ᠎ᠠ ᠨᠤᠲᠤᠭ ᠤᠨ | ᠬᠤᠯᠤᠭᠠᠨ᠎ᠠ ᠪᠠ ᠬᠤᠷᠣᠬᠠᠢ ᠶᠢᠨ ᠭᠠᠮᠰᠢᠭ᠂ ᠣᠢ ᠰᠢᠭᠤᠢ ᠶᠢᠨ ᠬᠥᠨᠥᠭᠡᠯᠲᠦ ᠠᠮᠢᠳᠤ ᠪᠣᠳᠠᠰ ᠢ ᠰᠡᠷᠭᠡᠶᠢᠯᠡᠨ | ᠵᠠᠰᠠᠬᠤ ᠠᠵᠢᠯ ᠢ ᠴᠢᠩᠭᠠᠳᠬᠠᠵᠤ᠂ ᠨᠡᠶᠢᠲᠡ 2798 ᠲᠦᠮᠡᠨ ᠲᠥᠭᠦᠷᠢᠭ ᠤᠨ ᠪᠡᠯᠡ ᠣᠷᠣᠭᠤᠯᠵᠤ᠂ 1732 | ᠲᠦᠮᠡᠨ ᠮᠦ ᠲᠠᠯᠠᠪᠠᠢ ᠶᠢ ᠰᠡᠷᠭᠡᠶᠢᠯᠡᠨ ᠵᠠᠰᠠᠪᠠ᠃ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ | ᠳᠤᠮᠳᠠᠴᠢ ᠥᠨᠳᠥᠷ ᠤᠨ ᠬᠡᠮᠵᠢᠶ᠎ᠡ᠂ ᠪᠦᠷᠬᠦᠴᠡ ᠶᠢᠨ ᠬᠡᠮᠵᠢᠶ᠎ᠡ᠂ ᠠᠮᠢᠳᠤ ᠪᠣᠳᠠᠰ ᠤᠨ ᠬᠡᠮᠵᠢᠶ᠎ᠡ 2017 ᠣᠨ ᠤ | ᠬᠢ ᠠᠴᠠ ᠲᠣᠰ ᠲᠣᠰ 21.3%᠂ 8.1% ᠪᠠ 34% ᠪᠠᠷ ᠳᠡᠭᠡᠭᠰᠢᠯᠡᠪᠡ᠃ ᠡᠯᠡᠰᠦᠷᠬᠡᠭ ᠭᠠᠵᠠᠷ ᠤᠨ ᠡᠬᠢ | ᠪᠠᠶᠠᠯᠢᠭ ᠤᠨ ᠵᠠᠰᠠᠯᠲᠠ ᠶᠢ ᠠᠬᠢᠭᠤᠯᠵᠤ᠂ ᠦᠵᠦᠮᠦᠴᠢᠨ ᠤ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠶᠯ ᠢ 6.8 | ᠲᠦᠮᠡᠨ ᠮᠥ ᠪᠡᠶᠡᠯᠡᠭᠦᠯᠤᠨ᠂ ᠦᠵᠦᠮᠦᠴᠢᠨ ᠤ ᠡᠯᠡᠰᠦᠷᠬᠡᠭ ᠭᠠᠵᠠᠷ ᠢ ᠬᠠᠮᠠᠭᠠᠯᠠᠵᠤ ᠵᠠᠰᠠᠬᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠶᠡᠷᠦᠩᠬᠡᠶ ᠲᠥᠯᠥᠪᠵᠢᠭᠦᠯᠭᠡ᠂ ᠬᠠᠪᠴᠢᠭᠠᠶ ᠤᠯᠤᠰ ᠤᠨ ᠳᠡᠰ ᠤᠨ ᠡᠯᠡᠰᠦᠨ | ᠴᠡᠴᠡᠷᠯᠢᠭ ᠤᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ 2021 ᠣᠨ | ᠳᠤ ᠪᠥᠬᠦ ᠨᠡᠶᠢᠭᠡᠮ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠳᠤ ᠵᠢᠱᠢᠯᠲᠡ ᠪᠠᠷ 132.5 ᠲᠦᠮᠡᠨ ᠲᠣᠨ | ᠪᠠᠷᠢᠮᠵᠢᠶᠠᠲᠤ ᠨᠡᠭᠦᠷᠡᠰᠦ ᠶᠢ ᠪᠡᠶᠡᠯᠡᠭᠦᠯᠤᠨ᠂ ᠶᠡᠷᠦᠩᠬᠡᠶ ᠬᠡᠮᠵᠢᠶ᠎ᠡ ᠨᠢ 9.7% ᠪᠠᠷ ᠪᠠᠭᠤᠷᠠᠨ᠂ ᠨᠢᠭᠡᠴᠢ ᠠᠵᠦ | ᠦᠢᠯᠡᠳᠪᠦᠷᠢ ᠶᠢᠨ ᠨᠡᠮᠡᠭᠳᠡᠯ ᠦᠷᠳᠡᠭ ᠲᠠᠬᠢ ᠡᠨᠧᠷᠬᠢ ᠶᠢᠨ ᠬᠤᠷᠤᠭᠳᠠᠯ 22.9% ᠪᠠᠷ ᠪᠠᠭᠤᠷᠠᠵᠤ᠂ ᠳᠡᠭᠡᠳᠦ | ᠱᠠᠲᠤᠨ ᠠᠴᠠ ᠪᠠᠭᠤᠯᠭᠠᠭᠰᠠᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ︵ᠲᠠᠪᠤ︶ ᠠᠮᠤᠷ ᠲᠦᠪᠰᠢᠨ ᠬᠦᠭᠵᠢᠯᠳᠡ ᠶᠢ ᠪᠠᠷᠢᠮᠲᠠᠯᠠᠵᠤ᠂ ᠡᠯ᠎ᠡ ᠲᠥᠷᠥᠯ ᠤᠨ ᠲᠦᠭᠰᠢᠭᠦᠷᠢ ᠶᠢ | ᠪᠦᠲᠦᠮᠵᠢᠲᠡᠶ ᠠᠷᠭᠠᠴᠠᠭᠠᠨ ᠰᠢᠢᠳᠪᠦᠷᠢᠯᠡᠪᠡ | — — ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠦᠷ᠎ᠡ ᠪᠦᠲᠦᠭᠡᠯ ᠤᠯᠪᠠ᠃ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠵᠤ᠂ ︽ᠢᠲᠡᠭᠡᠯ ᠵᠣᠷᠢᠭ ᠢᠶᠠᠨ | ᠪᠠᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠤᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ | ᠵᠠᠰᠠᠵᠤ᠂ ᠨᠠᠷᠢᠯᠢᠭ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ︾ ᠶᠡᠷᠦᠩᠬᠡᠶ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠡᠰᠪᠦᠷᠢ ᠬᠠᠲᠠᠭᠤᠵᠢᠯᠲᠠᠶ ᠲᠡᠮᠡᠴᠡᠵᠦ᠂ ︽ | ᠭᠠᠳᠠᠨ᠎ᠠ ᠠᠴᠠ ᠬᠠᠯᠳᠠᠪᠤᠷᠢᠯᠭᠰᠠᠨ ᠥᠬᠡᠶ᠂ ᠳᠤᠳᠤᠭᠠᠳᠦ ᠳᠤ ᠲᠠᠷᠬᠠᠨ ᠳᠡᠯᠭᠡᠷᠡᠭᠰᠡᠨ ᠥᠬᠡᠶ ᠪᠠᠶᠢᠬᠤ︾ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠢ ᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠳᠤ ᠨᠡᠶᠢᠲᠡ 4700 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠴᠢᠨᠠᠷᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠬᠦᠴᠦᠲᠡᠶ ᠪᠠᠲᠤᠯᠠᠪᠠ᠃ ᠨᠠᠷᠢᠯᠢᠭ ᠣᠨᠣᠪᠴᠢᠲᠠᠶ | ᠪᠠᠷ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠪᠠᠶᠢᠩᠭᠤᠵᠢᠭᠤᠯᠵᠤ᠂ ᠳᠥᠷᠪᠡᠨ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠲᠥᠪᠯᠡᠷᠡᠭᠦᠯᠦᠨ ᠲᠤᠰᠠᠭᠠᠷᠯᠠᠬᠤ ᠴᠡᠭ 4 ︵1 ᠶᠢ ᠨᠢ ᠨᠢᠭᠡᠨᠳᠡ ᠡᠬᠢᠯᠡᠨ ᠬᠡᠷᠡᠭᠯᠡᠪᠡ︶ ᠶᠢ ᠲᠣᠬᠢᠷᠠᠭᠤᠯᠵᠤ᠂ ᠪᠥᠭᠡᠮ | ᠬᠦᠴᠢᠯ ᠤᠨ ᠰᠢᠯᠭᠠᠨ ᠪᠠᠶᠢᠴᠠᠭᠠᠯᠳᠠ ᠶᠢᠨ ᠲᠤᠷᠰᠢᠯᠲᠠ ᠶᠢᠨ ᠲᠠᠰᠤᠭ 3 ᠶᠢ ᠪᠠᠶᠢᠭᠤᠯᠤᠨ᠂ ᠲᠤᠰᠬᠠᠢ ᠡᠮᠨᠡᠨ | ᠵᠠᠰᠠᠬᠤ ᠡᠮᠨᠡᠯᠭᠡ ᠶᠢᠨ ᠬᠤᠷᠢᠶ᠎ᠠ᠂ ᠪᠡᠯᠡᠳᠬᠡᠯ ᠡᠮᠨᠡᠯᠭᠡ ᠶᠢᠨ ᠬᠤᠷᠢᠶ᠎ᠠ ᠲᠤᠰ ᠲᠤᠰ 1 ᠶᠢ ᠪᠠᠶᠢᠭᠤᠯᠤᠨ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠠᠴᠠ ᠰᠡᠷᠭᠡᠶᠢᠯᠡᠬᠦ ᠲᠠᠷᠢᠯᠭ᠎ᠠ ᠬᠢᠬᠦ ᠠᠵᠢᠯ ᠨᠢ ᠪᠥᠬᠦ ᠠᠶᠢᠮᠠᠭ ᠤᠨ ᠡᠮᠦᠨ᠎ᠡ | ᠡᠩᠨᠡᠭᠡᠨ ᠳᠤ ᠤᠷᠤᠵᠦ᠂ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠪᠤᠰᠤᠳ | ᠭᠠᠵᠠᠷ ᠤᠷᠤᠨ ᠤ ᠬᠢᠵᠢᠭ ᠲᠠᠢ ᠲᠡᠮᠡᠴᠡᠬᠦ ᠠᠵᠢᠯ ᠳᠤ ᠲᠤᠰᠠᠯᠠᠭᠤᠯᠬᠤ ᠪᠠᠷ ᠴᠠᠭ ᠲᠤᠬᠠᠢ ᠳᠤᠨᠢ ᠲᠤᠬᠢᠷᠠᠭᠤᠯᠤᠨ | ᠲᠤᠮᠢᠯᠠᠪᠠ᠃ | — — ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠰᠠᠶᠢᠵᠢᠷᠠᠭᠤᠯᠪᠠ᠃ ᠶᠢᠨ ᠮᠠᠨ ᠠᠭᠤᠷᠬᠠᠶ | ᠶᠢᠨ ᠦᠶᠯᠡᠰ ᠤᠨ ︽2.23︾ ᠤ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ︽ᠨᠠᠮ ᠵᠠᠰᠠᠭ ᠬᠠᠮᠳᠤᠪᠠᠷ | ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠲᠠᠢ ᠪᠠᠶᠢᠬᠤ᠂ ᠵᠡᠷᠭᠡᠪᠡᠷ | ᠠᠳᠬᠤᠵᠤ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ | ᠭᠤᠷᠪᠠᠨ ᠡᠷᠬᠡᠪᠰᠢ︾ ᠵᠡᠷᠭᠡ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠦᠶᠯᠡᠳᠪᠦᠷᠢᠯᠡᠯ ᠤᠨ | ᠠᠵᠢᠯ ᠢ 50 ᠭᠠᠷᠤᠶ ᠤᠳᠠᠭ᠎ᠠ ᠲᠤᠰᠬᠠᠶ ᠰᠡᠳᠦᠪ ᠢᠶᠠᠷ ᠰᠤᠳᠤᠯᠵᠤ᠂ ᠨᠡᠶᠢᠲᠡ 1.37 ᠳ᠋ᠦᠩᠰᠢᠭᠤᠷ ᠲᠥᠭᠦᠷᠢᠭ | ᠤᠨ ᠪᠠᠯᠠ ᠮᠥᠩᠭᠦ ᠣᠷᠣᠭᠤᠯᠪᠠ᠃ ᠰᠠᠷ᠎ᠠ ᠪᠦᠷᠢ ᠲᠤᠭᠲᠠᠮᠠᠯ ᠬᠤᠷᠠᠯ ᠢᠶᠠᠷ ᠪᠠᠶᠢᠷᠢᠯᠠᠭᠤᠯᠬᠤ᠂ ᠪᠥᠬᠦ ᠠᠵᠢᠯ ᠲᠥᠷᠥᠯ | ᠤᠨ ᠠᠶᠤᠯᠭᠦᠶ ᠦᠶᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠦᠷᠨᠢᠬᠦᠯᠬᠦ ᠪᠠ ᠵᠠᠩᠭᠢᠯᠠᠭ᠎ᠠ ᠶᠢᠨ ᠬᠤᠭᠤᠴᠠᠭᠠᠨ ᠤ | ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ | ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠪᠡ᠃ ᠳᠦᠭᠰᠢᠬᠦᠷᠢ ᠶᠡᠬᠡᠲᠡᠶ ᠠᠵᠢᠯ ᠲᠥᠷᠥᠯ ᠤᠨ ᠬᠦᠷᠢᠶᠡᠨ ᠳᠠᠬᠢ ᠠᠶᠤᠯᠬᠦᠢ ᠦᠶᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠢ ᠨᠡᠶᠢᠳᠡᠮ ᠪᠥᠷᠬᠦᠭᠦᠯᠵᠦ᠂ ᠠᠶᠤᠯᠬᠦᠢ ᠦᠶᠯᠡᠳᠪᠦᠷᠢᠯᠡᠯ ᠤᠨ ᠤᠶᠤᠨᠴᠢ ᠬᠢᠨᠠᠯᠲᠠ | ᠬᠠᠮᠢᠶᠠᠷᠤᠯᠲᠠ ᠶᠢᠨ ᠲᠠᠪᠴᠠᠩ ᠢ ᠤᠷᠤᠭᠰᠢᠲᠠᠶ ᠪᠠᠶᠢᠭᠤᠯᠤᠨ᠂ ᠤᠶᠤᠨᠴᠢ ᠠᠭᠤᠷᠬᠠᠶ ᠤᠶᠤᠨᠴᠢ ᠦᠶᠯᠡᠳᠪᠦᠷᠢ ᠶᠢᠨ | ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠠᠶᠤᠯᠬᠦᠢ ᠦᠶᠯᠡᠳᠪᠦᠷᠢᠯᠡᠯ ᠤᠨ ᠭᠤᠷᠪᠠᠨ ᠵᠢᠯ | ᠤᠨ ᠲᠤᠰᠬᠠᠶ ᠴᠡᠭᠴᠡᠯᠡᠨ ᠵᠠᠰᠠᠬᠤ ᠰᠢᠪᠲᠤᠯᠤᠯᠲᠠ ᠶᠢᠨ ᠱᠠᠲᠤᠨ ᠤ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠤᠨ᠂ ᠤᠯᠤᠰ ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ | ᠲᠤᠷᠰᠢᠯᠲᠠ ᠶᠢᠨ ᠴᠡᠭ ᠤᠨ ᠠᠵᠢᠯ ᠵᠢᠱᠢᠭᠰᠡᠨ ᠦᠷ᠎ᠡ ᠪᠦᠲᠦᠮᠵᠢ ᠳᠤ ᠬᠦᠷᠪᠡ᠃ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠢᠨᠠᠯᠲᠠ ᠬᠠᠮᠢᠶᠠᠷᠤᠯᠳᠠ ᠶᠢᠨ | ᠠᠷᠭ᠎ᠠ ᠶᠢᠨ ᠰᠢᠨ᠎ᠡ ᠶᠢ ᠡᠭᠦᠳᠴᠦ᠂ ︽ᠢᠳᠡᠭᠡᠨ ᠤ ᠠᠮᠤᠷ ᠲᠦᠪᠰᠢᠨ︾ ᠤ ᠣᠶᠤᠨᠴᠢ ᠬᠢᠨᠠᠯᠲᠠ ᠬᠠᠮᠢᠶᠠᠷᠤᠯᠲᠠ | ᠶᠢᠨ ᠲᠠᠪᠴᠠᠩ ᠢ ᠪᠠᠶᠢᠭᠤᠯᠵᠤ᠂ ᠠᠷᠠᠳ ᠲᠦᠮᠡᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ | ᠬᠦᠴᠦᠲᠡᠢ ᠪᠠᠲᠤᠯᠠᠪᠠ᠃ | ︵ᠵᠢᠷᠭᠤᠭ᠎ᠠ︶ ᠵᠣᠬᠢᠴᠠᠩᠭᠤᠢ ᠬᠥᠭᠵᠢᠯᠲᠡ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠳᠤ | ᠰᠢᠨ᠎ᠡ ᠬᠤᠪᠢᠷᠠᠯᠲᠠ ᠭᠠᠷᠪᠠ | — — ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ | ᠠᠰᠢᠭ ᠢ ᠨᠡᠮᠡᠭᠳᠡᠭᠦᠯᠪᠡ᠃ ᠬᠥᠮᠦᠨ ᠢᠶᠠᠷ ᠦᠨᠳᠦᠰᠦ ᠪᠤᠯᠭᠠᠬᠤ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢ | ᠯᠠᠪᠳᠠᠭᠤᠨ ᠠᠬᠢᠭᠤᠯᠵᠤ᠂ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠳᠤ ᠨᠡᠶᠢᠲᠡ 5.4 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠪᠠ᠃ ᠣᠯᠠᠨ ᠨᠡᠶᠢᠲᠡ ᠶᠢᠨ ᠦᠶᠯᠡᠴᠢᠯᠡᠭᠡᠨ ᠤ ᠲᠥᠬᠦᠭᠡᠷᠦᠮᠵᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ ᠬᠤᠷᠠᠯ ᠦᠵᠡᠰᠬᠦᠯᠡᠩ ᠤᠨ ᠲᠥᠪ ᠤᠨ ᠪᠠᠶᠢᠭᠤᠯᠤᠯᠳᠠ ᠶᠢ | ᠡᠬᠢᠯᠡᠬᠦᠯᠦᠨ᠂ ᠡᠬᠡ ᠨᠢᠯᠬᠠᠰ ᠤᠨ ᠡᠷᠡᠭᠦᠯᠵᠢᠯ ᠤᠨ ᠶᠡᠷᠦᠩᠬᠡᠶᠢᠯᠡᠭᠰᠡᠨ ᠠᠰᠠᠷ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠬᠤᠰᠢᠭᠤ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ | ᠥᠭᠡᠷᠡᠴᠢᠯᠡᠨ ᠪᠠᠶᠢᠭᠤᠯᠪᠡ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠣᠨᠤᠭ ᠲᠥᠬᠦᠭᠡᠷᠦᠮᠵᠢ ᠶᠢ ᠲᠡᠰ | ᠲᠡᠪᠰᠢᠭᠦᠯᠵᠦ ᠴᠢᠳᠠᠪᠬᠢ ᠶᠢ ᠨᠢ ᠰᠠᠶᠢᠵᠢᠷᠠᠭᠤᠯᠤᠨ᠂ ᠪᠣᠬᠢᠷ ᠤᠰᠤ ᠰᠢᠢᠳᠪᠦᠷᠢᠯᠡᠬᠦ 2 ᠦᠢᠯᠡᠳᠪᠦᠷᠢ ᠶᠢ | ᠥᠷᠭᠡᠳᠬᠡᠨ ᠪᠠᠶᠢᠭᠤᠯᠵᠤ᠂ ᠪᠠᠯᠭᠠᠷᠭᠤᠤᠯ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠭᠡᠢ | ᠰᠢᠢᠳᠪᠦᠷᠢᠯᠡᠬᠦ ᠲᠠᠯᠠᠪᠠᠢ ᠪᠠ ᠬᠤᠭᠤᠯᠠᠨ ᠭᠡᠷ ᠤᠨ ᠬᠠᠶᠠᠭᠳᠠᠮᠠᠯ ᠢ ᠰᠢᠢᠳᠪᠦᠷᠢᠯᠡᠬᠦ᠂ ᠪᠣᠬᠢᠷ ᠰᠢᠪᠠᠷ ᠢ ᠰᠢᠢᠳᠪᠦᠷᠢᠯᠡᠬᠦ | ᠲᠥᠷᠥᠯ ᠵᠦᠢᠯ ᠢ ᠪᠠᠶᠢᠭᠤᠯᠤᠨ᠂ ᠪᠠᠯᠭᠠᠷᠭᠤᠤᠯ ᠪᠠᠯᠭᠠᠰᠤ᠂ ᠪᠠᠶᠠᠨᠬᠤᠸᠠ ᠠᠵᠤ ᠦᠶᠯᠡᠳᠪᠦᠷᠢ ᠶᠢᠨ ᠲᠣᠭᠤᠷᠢᠭ ᠤᠨ | ᠠᠮᠢᠳᠤᠷᠠᠯ ᠤᠨ ᠬᠤᠭ ᠨᠣᠪᠰᠢ ᠪᠠ ᠬᠤᠭᠤᠯᠠᠨ ᠭᠡᠷ ᠤᠨ ᠬᠠᠶᠠᠭᠳᠠᠮᠠᠯ ᠢ ᠶᠡᠷᠦᠩᠬᠡᠶᠢᠯᠡᠨ ᠰᠢᠢᠳᠪᠦᠷᠢᠯᠡᠬᠦ | ᠢᠨᠵᠧᠨᠧᠷᠢᠩ ᠢ ᠡᠬᠢᠯᠡᠨ ᠪᠠᠶᠢᠭᠤᠯᠵᠤ᠂ ᠪᠠᠯᠭᠠᠷᠭᠤᠤᠯ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ | ᠴᠡᠪᠡᠷᠯᠡᠭᠡ ᠶᠢᠨ ᠠᠵᠢᠯ ᠢ ᠵᠠᠬ᠎ᠠ ᠳᠡᠯᠭᠡᠭᠦᠷᠴᠢᠯᠡᠨ ᠡᠵᠡᠩᠨᠡᠵᠦ᠂ ᠬᠤᠲᠠ ᠶᠢᠨ ᠳᠦᠷᠢ ᠲᠥᠷᠬᠦ ᠶᠢ ᠤᠯᠠᠮ ᠨᠢᠭᠡ | ᠠᠯᠬᠤᠮ ᠰᠠᠶᠢᠵᠢᠷᠠᠭᠤᠯᠪᠠ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠲᠡᠰ | ᠳᠡᠪᠰᠢᠭᠦᠯᠵᠦ᠂ 41 ᠺᠢᠯᠤᠮᠧᠲᠷ ᠳᠤᠯᠠᠭᠠᠯᠠᠭ᠎ᠠ ᠬᠠᠩᠭᠠᠬᠤ ᠬᠤᠭᠤᠯᠠᠢ ᠶᠢ ᠰᠢᠨ᠎ᠡ ᠪᠠᠷ ᠪᠠᠶᠢᠭᠤᠯᠤᠨ᠂ 17 | ᠺᠢᠯᠤᠮᠧᠲᠷ ᠤᠰᠤ ᠬᠠᠩᠭᠠᠬᠤ ᠬᠤᠭᠤᠯᠠᠢ᠂ 19 ᠺᠢᠯᠤᠮᠧᠲᠷ ᠤᠰᠤ ᠭᠠᠳᠠᠭᠰᠢᠯᠠᠭᠤᠯᠬᠤ ᠬᠤᠭᠤᠯᠠᠢ ᠶᠢ | ᠥᠭᠡᠷᠡᠴᠢᠯᠡᠨ ᠵᠠᠰᠠᠵᠤ᠂ 1000 ᠢᠵᠢ ᠳᠥᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ | 39 ᠠᠰᠠᠷ ᠤᠨ 109 ᠲᠦᠮᠡᠨ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠳᠤ ᠡᠨᠧᠷᠭᠢ ᠠᠷᠪᠢᠯᠠᠬᠤ | ᠥᠭᠡᠷᠡᠴᠢᠯᠡᠯᠲᠡ ᠬᠢᠵᠦ᠂ 18 ᠬᠠᠭᠤᠴᠢᠨ ᠰᠠᠭᠤᠭᠠᠯᠢ ᠠᠷᠠᠳ ᠤᠨ ᠳᠤᠭᠤᠷᠢᠭ ᠤᠨ 119 ᠠᠰᠠᠷ ᠤᠨ 30.7 | ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠵᠠᠰᠠᠨ ᠰᠠᠶᠢᠵᠢᠷᠠᠭᠤᠯᠵᠦ᠂ ᠪᠠᠶᠠᠨ ᠰᠠᠭᠤᠭᠠᠯᠢ ᠠᠷᠠᠳ ᠤᠨ | ᠲᠤᠭᠤᠷᠢᠭ᠂ ᠹᠦ᠋ ᠬᠤᠸᠠ ᠰᠠᠭᠤᠭᠠᠯᠢ ᠠᠷᠠᠳ ᠤᠨ ᠲᠤᠭᠤᠷᠢᠭ ᠢᠶᠠᠷ ᠲᠥᠯᠥᠭᠡᠯᠡᠭᠦᠯᠦᠭᠰᠡᠨ ᠣᠷᠣᠨ ᠰᠠᠭᠤᠴᠠ ᠶᠢᠨ | ᠲᠣᠭᠤᠷᠢᠭ ᠤᠨ ᠰᠠᠭᠤᠷᠢ ᠳᠦᠬᠦᠭᠡᠷᠦᠮᠵᠢ ᠶᠢᠨ ᠨᠦᠬᠦᠴᠡᠯ ᠢ ᠪᠦᠬᠦᠯᠢ ᠴᠤᠭᠴᠠ ᠳᠤ ᠨᠢ ᠢᠯᠡᠳᠲᠡ ᠰᠠᠶᠢᠵᠢᠷᠠᠭᠤᠯᠪᠠ | ᠃ ᠪᠠᠶ᠋ᠬᠠᠭᠤᠯᠠ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠦᠲᠦᠭᠡᠨ ᠪᠠᠶᠢᠭᠤᠯᠬᠤ ᠲᠥᠷᠥᠯ ᠵᠦᠢᠯ ᠢ | ᠡᠮᠬᠢ ᠵᠢᠷᠤᠮ ᠲᠠᠢ ᠠᠬᠢᠭᠤᠯᠪᠠ᠃ ᠪᠠᠯᠠᠭᠠᠷᠭᠤᠤᠯ ᠪᠠᠯᠭᠠᠰᠤᠨ ᠤ ᠠᠮᠢ ᠠᠬᠤᠶ ᠶᠢᠨ ᠰᠠᠭᠤᠷᠢᠰᠢᠬᠤ ᠳᠤ ᠲᠠᠭᠠᠲᠠᠢ | ᠬᠤᠲᠠ ᠪᠠᠯᠭᠠᠰᠤ ᠶᠢ ᠲᠠᠰ ᠳᠡᠪᠰᠢᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠬᠤᠲᠠ | ᠪᠠᠯᠭᠠᠰᠤᠨ ᠤ 2 ᠵᠤᠷᠪᠤᠰ 6 ᠺᠢᠯᠣᠮᠧᠲᠷ ᠤᠨ ᠭᠤᠤᠯ ᠵᠠᠮ ᠵᠢᠴᠢ ᠢᠵᠢ ᠪᠥᠷᠢᠳᠦᠭᠰᠡᠨ ᠳᠠᠭᠠᠯᠲᠠ ᠲᠥᠬᠦᠭᠡᠷᠦᠮᠵᠢ᠂ | ᠭᠠᠵᠠᠷ ᠳᠣᠤᠷᠠᠬᠢ ᠬᠤᠭᠤᠯᠠᠶ ᠲᠣᠤᠷ ᠢ ᠪᠥᠬᠦ ᠲᠠᠯ᠎ᠠ ᠪᠠᠷ ᠲᠠᠰ ᠳᠡᠪᠰᠢᠭᠦᠯᠵᠦ᠂ ᠬᠤᠲᠠ ᠪᠠᠯᠭᠠᠰᠤᠨ ᠤ ᠦᠶᠡᠷ | ᠤᠰᠤᠲᠤᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠭᠡᠷᠡᠯᠳᠦᠭᠦᠯᠦᠯᠳᠡ ᠭᠤᠸᠠᠵᠢᠭᠤᠯᠤᠯᠳᠠ ᠶᠢᠨ ᠬᠢᠷᠢ | ᠲᠦᠪᠰᠢᠨ ᠢ ᠢᠯᠡᠳᠲᠡ ᠳᠡᠭᠡᠭᠰᠢᠯᠡᠭᠦᠯᠪᠡ᠃ | — — ᠮᠠᠯᠵᠢᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠪᠠ᠃ ᠵᠠᠮ ᠬᠠᠷᠢᠯᠴᠠᠭᠠᠨ ᠤ | ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠳᠡᠭᠦᠯᠳᠡᠷᠵᠢᠬᠦᠯᠵᠦ᠂ 306 ᠤᠯᠤᠰ ᠤᠨ ᠳᠡᠰ ᠤᠨ ᠵᠠᠰᠠᠮᠠᠯ ᠵᠠᠮ | ᠤᠨ ᠳᠠᠰᠢᠭᠤᠷ ᠤᠨ ᠪᠤᠯᠠᠭ ᠠᠴᠠ ᠪᠠᠯᠭᠠᠷᠭᠤᠤᠯ ᠬᠦᠷᠬᠦ ᠬᠡᠰᠡᠭ ᠤᠨ ᠠᠵᠢᠯ ᠳᠠᠭᠤᠰᠴᠤ ᠲᠡᠷᠭᠡ ᠨᠡᠪᠲᠡᠷᠡᠨ᠂ | ᠪᠠᠯᠭᠠᠷᠭᠤᠤᠯ ᠠᠴᠠ ᠤᠯᠢᠶᠠᠰᠤᠲᠠᠢ ᠬᠦᠷᠬᠦ ᠬᠡᠰᠡᠭ ᠤᠨ ᠬᠤᠰᠢᠭᠤᠨ ᠳᠤᠳᠤᠷᠠᠬᠢ ᠭᠠᠵᠠᠷ ᠲᠠᠲᠠᠪᠤᠷᠢᠯᠠᠬᠤ ᠡᠭᠦᠷᠭᠡ ᠶᠢ | ᠠᠮᠵᠢᠯᠲᠠ ᠲᠠᠢ ᠪᠡᠶᠡᠯᠡᠭᠦᠯᠪᠡ᠃ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠤᠨ | ᠂ 257 ᠬᠤᠳᠳᠤᠭ ᠮᠠᠯᠲᠠᠨ᠂ 373 ᠤᠰᠤ ᠬᠠᠳᠠᠭᠠᠯᠠᠬᠤ ᠵᠣᠭᠤᠷᠢ ᠪᠠᠶᠢᠭᠤᠯᠵᠤ᠂ 1247 ᠡᠷᠦᠬᠡ ᠳᠤ | ᠴᠠᠬᠢᠯᠭᠠᠨ ᠨᠡᠪᠲᠡᠷᠡᠭᠦᠯᠤᠨ᠂ 872.6 ᠺᠢᠯᠤᠮᠧᠲᠷ ᠤᠨ ᠮᠠᠯᠵᠢᠬᠤ ᠣᠷᠣᠨ ᠤ ᠵᠠᠰᠠᠮᠠᠯ ᠵᠠᠮ ᠢ ᠲᠡᠪᠢᠰᠴᠦ᠂ 2021 | ᠣᠨ ᠳᠤ 5 ᠵᠤᠷᠪᠤᠰ 196 ᠺᠢᠯᠣᠮᠧᠲᠷ ᠤᠨ ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠵᠠᠰᠠᠬᠤ ᠪᠤᠶᠤ | ᠥᠭᠡᠷᠡᠴᠢᠯᠡᠨ ᠵᠠᠰᠠᠬᠤ ᠠᠵᠢᠯ ᠢ ᠡᠬᠢᠯᠡᠬᠦᠯᠵᠦ᠂ 93 ᠭᠠᠴᠠᠭᠠᠨ ᠳᠤ ᠲᠤᠤᠷ ᠰᠦᠯᠵᠢᠶ᠎ᠡ ᠨᠡᠪᠲᠡᠷᠡᠭᠦᠯᠤᠨ᠂ 53 | ᠭᠠᠴᠠᠭᠠᠨ ᠳᠤ 4 G ᠰᠦᠯᠵᠢᠶᠡᠨ ᠳᠣᠬᠢᠶ᠎ᠠ ᠶᠢ ᠨᠡᠪᠲᠡᠷᠡᠭᠦᠯᠵᠦ᠂ 3500 ᠭᠠᠷᠤᠢ ᠡᠷᠦᠬᠡ ᠳᠤ ︽ᠣᠶᠤᠨᠴᠢ | ᠷᠠᠳᠢᠣ᠋ ᠲᠧᠯᠸᠢᠰ︾ ᠤᠨ ᠲᠤᠤᠷ ᠰᠦᠯᠵᠢᠶ᠎ᠡ ᠶᠢ ᠤᠭᠰᠠᠷᠠᠪᠡ᠃ ᠮᠠᠯᠵᠢᠬᠤ ᠣᠷᠣᠨ ᠤ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠤ ᠴᠡᠭᠴᠡᠯᠡᠯᠲᠡ ᠶᠢ ᠭᠦᠨᠵᠡᠭᠡᠢ ᠠᠬᠢᠭᠤᠯᠵᠤ᠂ 19 ᠭᠠᠴᠠᠭ᠎ᠠ ︽ᠣᠯᠠᠨ ᠲᠥᠯᠥᠪᠵᠢᠭᠦᠯᠭᠡ ᠶᠢ | ᠨᠢᠭᠡᠳᠬᠡᠬᠦ︾ ᠬᠡᠷᠡᠭᠯᠡᠭᠡᠨ ᠤ ᠴᠢᠨᠠᠷᠲᠠᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ 2137 ᠡᠷᠦᠬᠡ ᠶᠢᠨ | ᠵᠣᠷᠯᠣᠩ ᠢ ᠥᠭᠡᠷᠡᠴᠢᠯᠡᠨ ᠵᠠᠰᠠᠵᠤ᠂ 5 ᠰᠠᠭᠤᠷᠢ ᠮᠠᠯᠵᠢᠬᠤ ᠣᠷᠣᠨ ᠤ ᠬᠤᠭ ᠨᠣᠪᠰᠢ ᠶᠢ ᠵᠦᠭᠡᠭᠡᠪᠦᠷᠢᠯᠡᠬᠦ | ᠥᠷᠲᠡᠭᠡ ᠶᠢ ᠪᠠᠶᠢᠭᠤᠯᠤᠨ᠂ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 78% ᠳᠤ | ᠬᠦᠷᠭᠡᠪᠡ᠃ ᠶᠠᠳᠠᠭᠤ ᠠᠴᠠ ᠠᠩᠭᠢᠵᠢᠷᠠᠭᠤᠯᠵᠦ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ | ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠢ ᠵᠣᠯᠭᠠᠭᠤᠯᠬᠤ ᠶᠢ | ᠠᠬᠢᠭᠤᠯᠤᠨ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ | ᠪᠠᠳᠤᠯᠠᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ 11 ᠲᠥᠷᠥᠯ ᠵᠦᠢᠯ ᠢ | ᠬᠡᠷᠡᠭᠵᠢᠭᠦᠯᠵᠦ᠂ 4ᠡᠷᠦᠬᠡ ᠶᠢᠨ8 ᠬᠥᠮᠦᠨ ᠢ ᠭᠤᠣᠯᠳᠠᠯᠭ᠎ᠠ ᠲᠠᠢ ᠬᠢᠨᠠᠨ ᠰᠢᠯᠭᠠᠬᠤ ᠬᠡᠪᠴᠢᠶᠡᠨ | ᠳᠤ ᠤᠷᠤᠭᠤᠯᠵᠦ᠂ ᠲᠠᠬᠢᠨ ᠶᠠᠳᠠᠭᠤᠷᠠᠬᠤ ᠶᠢ ᠪᠦᠲᠦᠮᠵᠢᠲᠡᠢ ᠰᠡᠷᠭᠡᠶᠢᠯᠡᠪᠡ᠃ ᠬᠤᠭᠤᠯᠠᠳᠤ ᠶᠢᠨ ᠭᠤᠤᠯ ᠪᠠᠯᠭᠠᠰᠤᠨ | ᠤ ᠨᠤᠭᠤᠭᠠᠨᠬᠠᠳᠠ ᠭᠠᠴᠠᠭᠠᠨ ᠤ ︽ᠲᠠᠯ᠎ᠠ ᠨᠤᠲᠤᠭ ᠤᠨ ᠮᠠᠯᠵᠢᠯ ᠤᠨ ᠲᠠᠯᠠᠪᠠᠶ︾ ᠶᠢᠨ ᠵᠠᠭᠪᠤᠷ ᠨᠢ ᠦᠪᠡᠷᠳᠡᠭᠡᠨ | ᠵᠠᠰᠠᠬᠤ ᠣᠷᠣᠨ ᠤ ᠴᠣᠷ ᠤᠨ ᠭᠠᠭᠴᠠ ᠪᠥᠬᠦ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ | ᠪᠥᠲᠥᠭᠡᠨ ᠪᠠᠶᠢᠭᠤᠯᠬᠤ ᠰᠣᠩᠭᠤᠳᠠᠭ ᠵᠢᠱᠢᠶ᠎ᠡ ᠪᠤᠯᠪᠠ᠃ | ︵ᠳᠣᠯᠤᠭ᠎ᠠ︶ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠤᠯᠠᠮ ᠪᠠᠳᠠᠷᠠᠭᠤᠯᠪᠠ | ︽ᠲᠠᠯᠪᠢᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︽ᠣᠷᠣᠭᠤᠯᠬᠤ ᠶᠣᠰᠣᠲᠠᠶ ᠶᠢ ᠨᠢ ᠪᠦᠬᠦᠨ ᠢ | ᠤᠷᠤᠭᠤᠯᠵᠦ︾᠂ ᠨᠢᠭᠡ ᠴᠣᠩᠬᠤᠪᠴᠢ ᠪᠠᠷ ᠭᠥᠯᠢᠶᠡᠨ ᠠᠪᠴᠤ ᠭᠦᠶᠴᠡᠳᠬᠡᠬᠦ ᠨᠣᠷᠮ᠎ᠠ 80% ᠶᠢ ᠳᠠᠪᠠᠵᠤ᠂ 61 | ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠳᠤ ᠮᠤᠵᠢ ᠠᠯᠤᠰᠯᠠᠨ ᠨᠡᠶᠢᠳᠡᠮ | ᠭᠦᠶᠴᠡᠳᠬᠡᠬᠦ ᠶᠢ ᠪᠡᠶᠡᠯᠡᠭᠦᠯᠤᠨ᠂ ︽ᠨᠢᠭᠡ ᠰᠦᠯᠵᠢᠶ᠎ᠡ ᠪᠠᠷ ᠭᠦᠶᠴᠡᠳᠬᠡᠬᠦ︾ ᠡᠯ᠎ᠡ ᠵᠦᠶᠯ ᠤᠨ ᠭᠦᠶᠴᠡᠳᠬᠡᠯ | ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠠᠴᠠ ᠳᠠᠪᠠᠵᠤ᠂ ᠤᠰᠤ ᠴᠠᠬᠢᠯᠭᠠᠨ ᠳᠤᠯᠠᠭᠠᠯᠠᠭ᠎ᠠ ᠶᠢ | ᠯᠠᠪᠯᠠᠨ ᠲᠤᠰᠢᠶᠠᠬᠤ᠂ ᠡᠮᠴᠢᠯᠡᠭᠡ ᠶᠢ ᠪᠣᠯᠵᠣᠨ ᠳ᠋ᠤᠭᠠᠷᠯᠠᠬᠤ ᠵᠡᠷᠭᠡ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ | ᠨᠢ ︽ᠠᠯᠠᠭᠠᠨ ᠳᠡᠭᠡᠷ᠎ᠡ ᠭᠦᠶᠴᠡᠳᠬᠡᠬᠦ︾ ᠶᠢ ᠪᠡᠶᠡᠯᠡᠭᠦᠯᠵᠦ᠂ ᠪᠥᠬᠦ ᠠᠶᠢᠮᠠᠭ ᠤᠨ ︽ᠳᠥᠷᠪᠡᠨ ᠵᠦᠢᠯ ᠢᠶᠠᠷ | ᠭᠦᠢᠴᠡᠳᠬᠡᠬᠦ︾ ᠠᠵᠢᠯ ᠤᠨ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠳᠤ ᠡᠮᠦᠨ᠎ᠡ ᠡᠩᠨᠡᠭᠡᠨ ᠳᠤ ᠣᠷᠣᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ | ᠡᠷᠭᠢᠯᠡᠬᠦ ᠪᠠᠷ ᠡᠷᠡᠮᠡᠯᠵᠡᠯᠡᠨ ᠲᠠᠩᠰᠠᠯᠠᠭᠤᠯᠬᠤ ᠳᠤ ︽ᠶᠠᠮᠠᠷᠴᠦ ᠵᠠᠷᠤᠳᠠᠯ ᠭᠠᠷᠭᠠᠬᠤ ᠦᠭᠡᠢ︾ ᠪᠣᠯᠵᠦ᠂ 2 | ᠭᠤᠭᠴᠤᠭ᠎ᠠ᠂ ᠬᠠᠭᠠᠰ ᠠᠵᠢᠯᠯᠠᠬᠤ ᠡᠳᠦᠷ ᠲᠤ ᠪᠥᠬᠦ ᠶᠠᠪᠤᠴᠠ ᠶᠢ ᠭᠦᠢᠴᠡᠳᠬᠡᠵᠦ ᠳᠠᠭᠤᠰᠬᠠᠬᠤ ᠪᠤᠯᠭᠠᠪᠠ᠃ ︽ | ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ︽ᠬᠤᠯᠪᠣᠯᠳᠤᠭᠤᠯᠬᠤ ᠶᠣᠰᠣᠲᠠᠶ | ᠪᠦᠬᠦᠨ ᠢ ᠬᠤᠯᠪᠣᠯᠳᠤᠭᠤᠯᠬᠤ︾ ᠶᠢ ᠪᠡᠶᠡᠯᠡᠭᠦᠯᠪᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠶᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠤᠰᠤ ᠴᠠᠬᠢᠯᠭᠠᠨ ᠳᠤᠯᠠᠭᠠᠯᠠᠭ᠎ᠠ ᠴᠢᠮᠡᠭᠡ | ᠬᠤᠯᠪᠤᠭ᠎ᠠ ᠤᠭᠰᠠᠷᠠᠬᠤ ᠶᠢ ᠵᠡᠷᠭᠡᠪᠡᠷ ᠭᠦᠶᠴᠡᠳᠬᠡᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 45 ᠠᠵᠢᠯᠯᠠᠬᠤ | ᠡᠳᠦᠷ ᠤᠨ ᠳᠣᠲᠣᠷ᠎ᠠ ᠪᠣᠯᠭᠠᠨ ᠪᠤᠭᠤᠨᠢᠰᠬᠠᠪᠠ᠃ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠠ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠨᠥᠬᠦᠪᠥᠷᠢ ᠶᠢ 1788 ᠲᠦᠮᠡᠨ | ᠲᠥᠭᠦᠷᠢᠭ ᠲᠠᠷᠬᠠᠭᠠᠵᠤ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ | ᠳᠠᠷᠤᠭᠠᠰᠤ ᠶᠢ 1.24 ᠳ᠋ᠦᠩᠰᠢᠭᠤᠷ ᠲᠥᠭᠦᠷᠢᠭ ᠬᠥᠩᠭᠡᠷᠡᠭᠦᠯᠪᠡ᠃ ᠠᠷᠠᠯᠵᠢᠶᠠᠴᠢᠨ ᠤᠷᠢᠵᠤ ᠪᠠᠯᠠ | ᠣᠷᠣᠭᠤᠯᠤᠭᠰᠠᠨ ᠦᠷ᠎ᠡ ᠪᠦᠲᠦᠮᠵᠢ ᠰᠠᠶᠢᠨ ᠪᠠᠶᠢᠵᠤ᠂ ᠨᠡᠶᠢᠲᠡ 12 ᠴᠢᠬᠤᠯᠠ ᠶᠡᠭᠡ ᠲᠥᠷᠥᠯ ᠵᠦᠶᠯ ᠢ | ᠣᠷᠣᠭᠤᠯᠤᠨ ᠠᠪᠴᠢᠷᠠᠵᠤ᠂ 400 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠪᠠ᠃ | ᠮᠠᠯᠵᠢᠬᠤ ᠣᠷᠣᠨ ᠤ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠠᠩᠬ᠎ᠠ ᠠᠯᠬᠤᠮ ᠤᠨ ᠦᠷ᠎ᠡ | ᠪᠦᠲᠦᠮᠵᠢ ᠣᠯᠵᠤ᠂ 85 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 10 ᠲᠦᠮᠡᠨ ᠲᠥᠭᠦᠷᠢᠭ ᠢ | ᠳᠠᠪᠠᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ | ᠨᠠᠶᠢᠳᠠᠪᠤᠷᠢᠵᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 3 ᠶᠢ ᠪᠣᠶᠢᠵᠢᠭᠤᠯᠪᠠ᠃ | ︵ᠨᠠᠢᠮᠠ︶ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠡᠶᠢᠭᠡᠮ ᠤᠨ ᠡᠯ᠎ᠡ | ᠳᠦᠷᠦᠯ ᠤᠨ ᠠᠵᠢᠯ ᠦᠶᠯᠡᠰ ᠪᠥᠬᠦ ᠲᠠᠯ᠎ᠠ ᠪᠠᠷ ᠳᠡᠪᠰᠢᠪᠡ | — — ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠳᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠦᠶᠯᠡᠴᠢᠯᠡᠭᠡ ᠶᠢ ᠰᠠᠶᠢᠲᠤᠷ ᠬᠢᠵᠦ᠂ | ᠨᠡᠶᠢᠲᠡ 27178 ᠠᠵᠢᠯ ᠤᠨ ᠪᠠᠶᠢᠷᠢ ᠴᠤᠭᠯᠠᠭᠤᠯᠤᠨ᠂ ᠬᠤᠲᠠ ᠪᠠᠯᠭᠠᠰᠤᠨ ᠤ ᠠᠵᠢᠯ ᠣᠯᠤᠭᠰᠠᠳ 6902 | ᠬᠥᠮᠦᠨ ᠰᠢᠨ᠎ᠡ ᠪᠠᠷ ᠨᠡᠮᠡᠭᠳᠡᠵᠦ᠂ ᠠᠵᠢᠯ ᠤᠯᠬᠤ ᠳᠤ ᠬᠦᠴᠢᠷᠲᠡᠶ 1458 ᠬᠥᠮᠦᠨ ᠳᠤ ᠠᠵᠢᠯ ᠣᠯᠭᠤᠵᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.82% ᠤᠨ ᠳᠣᠲᠣᠷ᠎ᠠ | ᠬᠢᠵᠠᠭᠠᠷᠯᠠᠪᠠ᠃ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠵᠤ᠂ ᠨᠡᠶᠢᠲᠡ 9549 ᠲᠦᠮᠡᠨ | ᠲᠥᠭᠦᠷᠢᠭ ᠤᠨ ᠪᠠᠲᠤᠯᠠᠭᠠᠲᠤ ᠵᠢᠭᠡᠯᠡᠯᠭᠡ ᠲᠠᠯᠪᠢᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠪᠤᠯᠪᠠᠰᠤᠷᠠᠯ ᠢ 9000 ᠭᠠᠷᠤᠶ ᠬᠥᠮᠦᠨ ᠤᠳᠠᠭ᠎ᠠ ᠳᠤ ᠬᠦᠷᠳᠡᠭᠡᠪᠡ᠃ | — — ᠨᠡᠶᠢᠭᠡᠮ ᠤᠨ ᠪᠠᠲᠤᠯᠠᠭ᠎ᠠ ᠨᠠᠩ ᠬᠦᠴᠦᠲᠡᠶ ᠪᠣᠯᠪᠠ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ | ᠦᠨᠳᠦᠰᠦᠨ ᠵᠦᠶᠯ ᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ 2017 ᠣᠨ ᠳᠤ ᠬᠥᠮᠦᠨ ᠪᠦᠷᠢ ᠰᠠᠷ᠎ᠠ ᠪᠤᠯᠭᠠᠨ ᠳᠤ 660 ᠲᠥᠭᠦᠷᠢᠭ | ᠪᠠᠶᠢᠭᠰᠠᠨ ᠠᠴᠠ 780 ᠲᠥᠭᠦᠷᠢᠭ ᠪᠣᠯᠭᠠᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠯᠠ | ᠮᠥᠩᠭᠦ ᠶᠢ ᠨᠡᠶᠢᠲᠡ 1.02 ᠳ᠋ᠦᠩᠰᠢᠭᠤᠷ ᠲᠥᠭᠦᠷᠢᠭ ᠲᠠᠷᠬᠠᠭᠠᠵᠤ᠂ ᠠᠵᠢᠯ ᠤᠨ ᠪᠠᠶᠢᠷᠢ ᠠᠴᠠ ᠪᠠᠨ ᠪᠠᠭᠤᠵᠤ | ᠠᠵᠢᠯ ᠠᠯᠳᠠᠭᠰᠠᠳ ᠪᠠ ᠠᠵᠢᠯ ᠤᠯᠬᠤ ᠳᠤ ᠬᠦᠴᠢᠷᠲᠡᠶ ᠬᠥᠮᠦᠰ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ | ᠶᠢ 5866 ᠲᠦᠮᠡᠨ ᠲᠥᠭᠦᠷᠢᠭ ᠨᠠᠶᠢᠳᠠᠪᠤᠷᠢᠵᠢᠭᠤᠯᠪᠠ᠃ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢ | ᠯᠠᠪᠳᠠᠭᠤᠨ ᠠᠬᠢᠭᠤᠯᠵᠦ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠳᠤ | ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ | ᠮᠥᠩᠭᠦ ᠣᠯᠭᠤᠬᠤ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠡᠯ᠎ᠡ | ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠡᠶᠢᠲᠡ 13 ᠳ᠋ᠦᠩᠰᠢᠭᠤᠷ ᠲᠥᠭᠦᠷᠢᠭ᠂ ᠥᠨᠳᠥᠷ | ᠨᠠᠰᠤᠨ ᠤ ᠨᠥᠬᠦᠪᠥᠷᠢ ᠮᠥᠩᠭᠦ ᠶᠢ ᠨᠡᠶᠢᠲᠡ 760 ᠲᠦᠮᠡᠨ ᠲᠥᠭᠦᠷᠢᠭ ᠲᠠᠷᠬᠠᠭᠠᠵᠤ᠂ ᠪᠦᠬᠦᠯᠢ 60 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠲᠤ 58 ᠲᠦᠮᠡᠨ ᠲᠥᠭᠦᠷᠢᠭ ᠤᠨ ᠭᠡᠨᠡᠳᠲᠡ ᠶᠢᠨ ᠠᠳᠡᠯ ᠤᠨ ᠳᠠᠭᠠᠳᠬᠠᠯ | ᠲᠤᠰᠢᠶᠠᠪᠠ᠃ ᠡᠮᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ | ᠨᠡᠶᠢᠲᠡ 21 ᠲᠦᠮᠡᠨ ᠬᠥᠮᠦᠨ ᠤᠳᠠᠭ᠎ᠠ ᠳᠤ ᠬᠦᠷᠴᠦ᠂ ᠨᠡᠶᠢᠲᠡ 1.69 ᠳ᠋ᠦᠩᠰᠢᠭᠤᠷ ᠲᠥᠭᠦᠷᠢᠭ ᠡᠮᠴᠢᠯᠡᠭᠡᠨ ᠤ | ᠵᠠᠷᠤᠳᠠᠯ ᠢ ᠴᠠᠶᠢᠷᠠᠭᠤᠯᠪᠠ᠃ 2021 ᠣᠨ ᠳᠤ 15161 ᠡᠷᠦᠬᠡ ᠳᠤ 30322 ᠲᠣᠨ ᠬᠢᠮᠳᠠ ᠦᠨ᠎ᠡ ᠶᠢᠨ | ᠨᠡᠭᠦᠷᠡᠰᠦ ᠲᠠᠷᠬᠠᠭᠠᠵᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ | ᠠᠮᠵᠢᠯᠳᠠᠳᠠᠢ ᠪᠡᠶᠡᠯᠡᠭᠦᠯᠪᠡ᠃ | — — ᠰᠤᠷᠭᠠᠨ ᠬᠥᠮᠦᠵᠢᠯ ᠤᠨ ᠦᠶᠯᠡᠰ ᠲᠦᠷᠭᠡᠨ ᠬᠥᠭᠵᠢᠪᠡ᠃ ᠰᠤᠷᠭᠠᠨ ᠬᠥᠮᠦᠵᠢᠯ ᠳᠤ ᠨᠡᠶᠢᠲᠡ 1. | 9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 1 ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ᠂ | 2 ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠪᠤᠯᠤᠨ ᠪᠠᠶᠢᠷᠢ ᠶᠢᠨ ᠠᠰᠠᠷ᠂ 3 ᠰᠤᠷᠭᠠᠭᠤᠯᠢ ᠶᠢᠨ ᠲᠠᠮᠢᠷ | ᠤᠨ ᠲᠠᠯᠠᠪᠠᠢ ᠶᠢ ᠰᠢᠨ᠎ᠡ ᠪᠠᠷ ᠪᠠᠶᠢᠭᠤᠯᠵᠤ᠂ 5 ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠰᠡᠯᠪᠢᠨ ᠵᠠᠰᠠᠵᠤ᠂ 5 | ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠥᠭᠡᠷᠡᠴᠢᠯᠡᠯᠲᠡ ᠶᠢ ᠦᠨᠳᠦᠰᠦᠨ | ᠳᠡᠭᠡᠨ ᠪᠡᠶᠡᠯᠡᠭᠦᠯᠪᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ 357 ᠨᠡᠷ᠎ᠡ ᠪᠠᠭᠰᠢ | ᠰᠢᠨ᠎ᠡ ᠪᠠᠷ ᠡᠯᠰᠡᠨ ᠲᠤᠬᠢᠷᠠᠭᠤᠯᠪᠠ᠃ ᠡᠯ᠎ᠡ ᠵᠦᠢᠯ ᠤᠨ ᠰᠤᠷᠤᠯᠭ᠎ᠠ ᠶᠢᠨ ᠳᠡᠳᠬᠦᠮᠵᠢ ᠶᠢᠨ ᠲᠥᠷᠦ ᠶᠢᠨ ᠪᠣᠳᠣᠯᠭ᠎ᠠ | ᠶᠢ ᠲᠤᠤᠱᠳᠠᠢ ᠨᠠᠶᠢᠳᠠᠪᠤᠷᠢᠵᠢᠭᠤᠯᠵᠦ᠂ ᠨᠡᠶᠢᠲᠡ 9000 ᠲᠦᠮᠡᠨ ᠲᠥᠭᠦᠷᠢᠭ ᠤᠨ ᠰᠤᠷᠤᠯᠭ᠎ᠠ ᠲᠡᠳᠬᠦᠬᠦ ᠮᠥᠩᠭᠦ | ᠲᠠᠷᠬᠠᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠡᠪᠴᠢᠶᠡᠨ ᠤ ᠰᠤᠷᠤᠭᠴᠢᠳ ᠤᠨ ︽ᠨᠢᠭᠡ ᠴᠦ | ᠰᠤᠷᠤᠯᠭ᠎ᠠ ᠪᠠᠨ ᠲᠤᠷᠭᠤᠨ ᠵᠣᠭᠰᠣᠬᠤ ᠦᠭᠡᠢ︾ ᠪᠠᠶᠢᠬᠤ ᠶᠢ ᠪᠠᠲᠤᠯᠠᠪᠠ᠃ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠨ | ᠬᠢᠴᠢᠶᠡᠯ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠡᠯ᠎ᠡ | ᠵᠦᠢᠯ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠤᠨ᠂ ᠡᠯ᠎ᠡ ᠬᠡᠦᠬᠡᠳ ᠤᠨ ᠴᠡᠴᠡᠷᠯᠢᠭ ᠲᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠠᠰᠠᠷᠠᠨ ᠬᠥᠮᠦᠵᠢᠭᠦᠯᠬᠦ ᠬᠥᠮᠦᠵᠢᠯ ᠬᠢᠪᠡ᠃ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠡᠷᠡᠭᠦᠯ ᠢᠶᠠᠷ ᠦᠰᠦᠨ ᠪᠣᠶᠢᠵᠢᠬᠤ ᠶᠢ ᠬᠦᠴᠦᠲᠡᠶ ᠪᠠᠳᠤᠯᠠᠪᠠ | ᠃ ᠪᠥᠬᠦ ᠬᠤᠰᠢᠭᠤᠨ ᠤ ᠰᠤᠷᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠤᠷᠤᠭᠰᠠᠨ ᠨᠣᠷᠮ᠎ᠠ᠂ ᠠᠯᠪᠠᠨ ᠵᠢᠷᠤᠮ | ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠭᠤᠯᠢ ᠳᠤ ᠤᠷᠤᠭᠰᠠᠨ ᠨᠣᠷᠮ᠎ᠠ ᠲᠤᠰ ᠲᠤᠰ 96%᠂ 100% ᠪᠠ 97.5% ᠳᠤ ᠬᠦᠷᠴᠦ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ᠃ | — — ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠢᠯᠡᠰ ᠰᠢᠨ᠎ᠡ ᠦᠷ᠎ᠡ ᠪᠦᠲᠦᠮᠵᠢ ᠤᠯᠪᠠ᠃ ᠡᠮ | ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠶᠡᠬᠡᠪᠡᠷ ᠳᠡᠭᠡᠭᠰᠢᠯᠡᠵᠦ᠂ 1.2 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠯ᠎ᠠ ᠪᠠᠷ ᠬᠢ ᠰᠠᠭᠤᠷᠢ ᠳᠦᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ 8 ᠶᠢ ᠬᠡᠷᠡᠭᠵᠢᠭᠦᠯᠵᠦ᠂ 2.9 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ | ᠪᠦᠬᠦᠢ ᠪᠥᠲᠥᠭᠡᠨ ᠪᠠᠶᠢᠭᠤᠯᠤᠯᠳᠠ ᠬᠢᠪᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠵᠦ᠂ ᠮᠢᠩᠭᠠᠨ | ᠬᠥᠮᠦᠨ ᠪᠦᠷᠢ ᠳᠤ ᠨᠣᠭᠳᠠᠬᠤ ᠡᠪᠡᠳᠴᠢᠳᠡᠨ ᠤ ᠣᠷᠣ ᠶᠢᠨ ᠲᠤᠭ᠎ᠠ 3.56 ᠪᠣᠯᠵᠤ᠂ ᠨᠤᠭᠲᠠᠬᠤ ᠡᠮᠴᠢ ᠪᠠ | ᠰᠤᠪᠢᠯᠠᠭᠴᠢ ᠶᠢᠨ ᠲᠤᠭ᠎ᠠ ᠲᠤᠰᠪᠤᠷᠢ 3.7 ᠬᠥᠮᠦᠨ ᠪᠠ 2.7 ᠬᠥᠮᠦᠨ ᠳᠤ ᠬᠦᠷᠪᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠱᠠᠳᠤ ᠬᠤᠪᠢᠶᠠᠨ | ᠣᠨᠣᠰᠢᠯᠠᠨ ᠡᠮᠨᠡᠬᠦ ᠲᠦᠷᠢᠮ ᠢ ᠡᠮᠬᠢ ᠵᠢᠷᠤᠮ ᠲᠠᠢ ᠪᠠᠶᠢᠭᠤᠯᠤᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠮ ᠤᠨ ᠵᠦᠢᠯ ᠤᠨ | ᠦᠨ᠎ᠡ ᠶᠢᠨ ᠨᠡᠮᠡᠭᠦᠷᠢ ᠶᠢ ᠪᠦᠬᠦᠨ ᠢ ᠦᠭᠡᠶᠢᠰᠬᠢᠪᠡ᠃ ᠬᠢᠲᠠᠳ ᠮᠣᠩᠭᠤᠯ ᠡᠮ ᠡᠮᠨᠡᠯᠭᠡ ᠶᠢᠨ ᠦᠢᠯᠡᠰ ᠯᠠᠪᠳᠠᠭᠤᠨ | ᠢᠶᠠᠷ ᠬᠥᠭᠵᠢᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠰᠬᠠᠶ ᠰᠠᠯᠠᠭ᠎ᠠ 1᠂ ᠡᠮᠴᠢᠯᠡᠭᠡᠨ ᠤ | ᠭᠤᠣᠯᠳᠠᠯᠭ᠎ᠠ ᠲᠠᠢ ᠲᠤᠰᠬᠠᠶ ᠰᠠᠯᠠᠭ᠎ᠠ 1᠂ ︽ᠬᠢᠲᠠᠳ ᠡᠮᠨᠡᠯᠭᠡ ᠶᠢᠨ ᠣᠷᠳᠣᠨ︾᠂ ︽ᠮᠣᠩᠭᠤᠯ ᠡᠮᠨᠡᠯᠭᠡ ᠶᠢᠨ | ᠣᠷᠳᠣᠨ︾ ᠨᠡᠶᠢᠲᠡ 13 ᠶᠢ ᠪᠠᠶᠢᠭᠤᠯᠪᠠ᠃ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠶᠢ ᠲᠣᠭᠲᠠᠭᠤᠨ | ᠢᠶᠠᠷ ᠬᠡᠷᠡᠭᠵᠢᠭᠦᠯᠪᠡ᠃ ᠰᠠᠭᠤᠭᠠᠯᠢ ᠠᠷᠠᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠢᠯᠡᠳᠲᠡ | ᠰᠠᠶᠢᠵᠢᠷᠠᠭᠤᠯᠵᠤ᠂ ᠡᠷᠡᠭᠦᠯ ᠴᠢᠭᠢᠷᠠᠭ ᠤᠨ ᠭᠤᠣᠯ ᠭᠦᠢᠴᠡᠳᠬᠡᠯ ᠲᠤᠭ᠎ᠠ ᠶᠢ ᠴᠥᠮ ᠥᠪᠡᠷᠲᠡᠭᠡᠨ ᠵᠠᠰᠠᠬᠤ ᠣᠷᠣᠨ | ᠤ ᠳᠤᠮᠳᠠᠴᠢ ᠬᠢᠷᠢ ᠬᠡᠮᠵᠢᠶᠡᠨ ᠠᠴᠠ ᠳᠠᠪᠠᠭᠤᠯᠪᠠ᠃ | — — ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠦᠭᠡᠢ | ᠳᠡᠭᠡᠭᠰᠢᠯᠡᠪᠡ᠃ ᠬᠤᠲᠠ ᠬᠥᠳᠡᠭᠡ ᠶᠢ ᠪᠦᠷᠬᠦᠭᠰᠡᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ | ᠢ ᠲᠡᠭᠦᠯᠳᠡᠷᠵᠢᠭᠦᠯᠵᠦ᠂ 7 ᠰᠤᠮᠤ ᠪᠠᠯᠭᠠᠰᠤᠨ ᠳᠤ ᠰᠣᠶᠣᠯ ᠤᠨ ᠬᠤᠪᠢᠶᠠᠷᠢ ᠣᠷᠳᠣᠨ ᠢ ᠪᠠᠶᠢᠭᠤᠯᠵᠤ᠂ 93 | ᠭᠠᠴᠠᠭ᠎ᠠ᠂ 6 ᠨᠡᠶᠢᠭᠡᠮ ᠲᠣᠭᠤᠷᠢᠭ ᠲᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ | ᠦᠢᠯᠡᠴᠢᠯᠡᠭᠡᠨ ᠤ ᠲᠥᠪ ᠢ ᠪᠠᠶᠢᠭᠤᠯᠤᠨ᠂ ᠤᠯᠠᠭᠠᠨᠮᠥ᠋ᠴᠢᠷ ᠤᠨ ᠤᠷᠠᠯᠢᠭ ᠤᠨ ᠲᠥᠪ ᠢ ᠡᠬᠢᠯᠡᠨ ᠪᠠᠶᠢᠭᠤᠯᠵᠤ᠂ | ᠪᠦᠬᠦᠶᠢᠯᠡ ᠣᠯᠠᠨ ᠨᠡᠶᠢᠲᠡ ᠶᠢᠨ ᠰᠣᠶᠣᠯ ᠲᠠᠮᠢᠷ ᠤᠨ ᠠᠵᠢᠯᠯᠠᠭᠠᠨ ᠤ ᠲᠠᠯᠠᠪᠤᠷ ᠢ ᠰᠦᠢᠳᠬᠡᠯ ᠬᠤᠷᠢᠶᠠᠬᠤ ᠦᠭᠡᠢ | ᠪᠠᠷ ᠨᠡᠭᠡᠭᠡᠪᠡ᠃ ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ | ᠦᠶᠯᠡᠳᠦᠯ ᠢ ᠭᠦᠶᠴᠡᠳ ᠪᠠᠳᠠᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 480 ᠭᠠᠷᠤᠶ ᠤᠳᠠᠭ᠎ᠠ | ᠦᠷᠨᠢᠬᠦᠯᠵᠦ᠂ ᠬᠤᠰᠢᠭᠤ ᠤᠯᠠᠭᠠᠨᠮᠥ᠋ᠴᠢᠷ ᠨᠢ ︽ᠪᠥᠬᠦ ᠣᠷᠣᠨ ᠤ ᠠᠷᠪᠠᠨ ᠰᠢᠯᠢᠳᠡᠭ ᠤᠯᠠᠭᠠᠨᠮᠥ᠋ᠴᠢᠷ︾ ᠭᠡᠬᠦ | ᠢᠷᠠᠭᠤ ᠠᠯᠳᠠᠷ ᠤᠨ ᠴᠣᠯᠠ ᠭᠥᠷᠳᠡᠪᠡ᠃ ᠣᠯᠠᠨ ᠳᠦᠮᠡᠨᠴᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠨ | ᠡᠷᠬᠢᠯᠡᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ︾ ᠤ ᠲᠠᠪᠤᠨ ᠬᠥᠮᠦᠨ | ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠤ ᠣᠯᠠᠨ ᠲᠦᠮᠡᠨ ᠤ ᠳᠤᠭᠤᠶᠢᠯᠠᠩ ᠤᠨ ᠮᠠᠩᠯᠠᠶ ᠳᠤ ᠰᠢᠯᠭᠠᠷᠠᠪᠠ | ᠃ | ᠡᠭᠦᠨ ᠤ ᠬᠠᠮᠲᠤ᠂ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠠ ᠳᠣᠯᠣᠳᠤᠭᠠᠷ | ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠭᠦᠷᠭᠡ ᠪᠠᠨ ᠠᠮᠵᠢᠯᠲᠠ ᠲᠠᠢ | ᠪᠡᠶᠡᠯᠡᠭᠦᠯᠵᠦ᠂ ᠭᠤᠷᠣᠬᠠᠨ᠂ ᠪᠠᠶᠠᠨᠬᠤᠰᠢᠭᠤ ᠵᠡᠷᠭᠡ 2 ᠰᠤᠮᠤ ᠪᠠᠯᠭᠠᠰᠤᠨ ᠤ ᠦᠨᠳᠦᠰᠦᠨ ᠱᠠᠲᠤᠨ ᠤ ᠲᠤᠭ᠎ᠠ | ᠪᠦᠷᠢᠳᠬᠡᠯ ᠤᠨ ᠠᠵᠢᠯ ᠥᠪᠡᠷᠲᠡᠭᠡᠨ ᠵᠠᠰᠠᠬᠤ ᠣᠷᠣᠨ ᠤ ᠰᠠᠶᠢᠰᠢᠶᠠᠯ ᠬᠦᠬᠢᠬᠦᠯᠦᠯ ᠢ ᠬᠦᠷᠲᠡᠪᠡ᠃ ᠬᠤᠰᠢᠭᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ 2020 — 2021 ᠣᠨ ᠤ ᠪᠥᠬᠦ ᠤᠯᠤᠰ ᠤᠨ ︽ᠲᠠᠪᠤᠨ | ᠰᠠᠶᠢᠨᠲᠠᠶ︾ ᠰᠢᠶᠠᠨ ᠤ ᠲᠠᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠷ ᠦᠨᠡᠯᠡᠭᠳᠡᠪᠡ᠃ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ | ᠴᠠᠭ ᠠᠭᠤᠷ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠰᠢᠨ᠎ᠡ ᠠᠮᠵᠢᠯᠲᠠ ᠣᠯᠵᠤ᠂ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ | ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠦᠢᠯᠡᠰ ᠰᠢᠨ᠎ᠡ | ᠳᠠᠪᠰᠢᠯᠲᠠ ᠲᠠᠢ ᠪᠣᠯᠪᠠ᠃ | ᠥᠩᠭᠡᠷᠡᠭᠰᠡᠨ ᠳᠥᠷᠪᠡᠨ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ | ︽ᠬᠤᠶᠠᠷ ᠢ ᠰᠤᠷᠤᠯᠴᠠᠵᠦ᠂ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠤᠨ ᠳᠦᠷᠢᠮᠵᠢᠭᠦᠯᠬᠦ ᠶᠢ ᠯᠠᠪᠳᠠᠭᠤᠨ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠦᠷᠨᠢᠬᠦᠯᠵᠦ᠂ ︽ᠳᠥᠷᠪᠡᠨ ᠤᠬᠠᠮᠰᠠᠷ︾ ᠢᠶᠠᠨ ᠨᠡᠩ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠦᠷᠢᠶᠡᠯᠡᠬᠦ︾ ᠶᠢ ᠡᠷᠡᠰ | ᠪᠡᠶᠡᠯᠡᠭᠦᠯᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠶᠢ ᠦᠷᠭᠦᠯᠵᠢᠯᠡᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤᠯᠲᠠ ᠥᠭᠭᠦᠭᠰᠡᠨ | ᠨᠤᠷᠮ᠎ᠠ ᠴᠥᠮ 100% ᠳᠤ ᠬᠦᠷᠪᠡ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠡᠭᠦᠷᠡᠰᠦᠨ ᠤ ᠡᠬᠢ ᠪᠠᠶᠠᠯᠢᠭ᠂ ᠣᠶ ᠰᠢᠭᠤᠶ ᠨᠤᠲᠤᠭ ᠪᠡᠯᠴᠢᠭᠡᠷ | ᠤᠨ ᠬᠦᠷᠢᠶᠡᠨ ᠳᠠᠬᠢ ᠬᠠᠤᠯᠢ ᠴᠠᠭᠠᠵᠠ᠂ ᠲᠦᠷᠢᠮ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠶᠢᠨ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠬᠦᠴᠦᠲᠡᠶ | ᠠᠬᠢᠭᠤᠯᠵᠤ᠂ ᠤᠳᠤᠷᠢᠳᠬᠤ ᠺᠠᠳ᠋ᠷ ᠤᠨ ᠲᠤᠰᠢᠶᠠᠯ ᠬᠠᠷᠢᠭᠤᠴᠠᠬᠤ ᠬᠤᠭᠤᠴᠠᠭᠠᠨ ᠳᠠᠬᠢ ᠠᠵᠤ ᠠᠬᠤᠶ ᠶᠢᠨ | ᠬᠠᠷᠢᠭᠤᠴᠠᠯᠭ᠎ᠠ ᠶᠢ ᠬᠢᠨᠠᠨ ᠪᠤᠳᠤᠬᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠬᠤ ᠠᠵᠢᠯ ᠢ | ᠯᠠᠪᠳᠠᠭᠤᠨ ᠪᠠᠲᠤᠲᠠᠶ ᠦᠷᠨᠢᠭᠦᠯᠦᠨ᠂ ᠺᠠᠳ᠋ᠷ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ | ᠲᠥᠷᠥ ᠬᠡᠪ ᠲᠦᠷᠢᠮ ᠲᠠᠢ ᠪᠠᠶᠢᠬᠤ ᠶᠢ ᠬᠦᠴᠦᠯᠡᠨ ᠠᠬᠢᠭᠤᠯᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠦᠵᠡᠯ ᠤᠬᠠᠮᠰᠠᠷ ᠤᠨ ᠹᠠᠷᠤᠨᠲ ᠤᠨ | ᠪᠠᠶᠢᠭᠤᠯᠤᠯᠳᠠ ᠬᠠᠮᠢᠶᠠᠷᠤᠯᠳᠠ ᠶᠢ ᠡᠷᠴᠢᠮᠵᠢᠬᠦᠯᠦᠨ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ | ᠦᠵᠡᠯᠲᠡ ᠶᠢ ᠶᠡᠭᠡ ᠪᠠᠷ ᠪᠠᠳᠠᠷᠠᠭᠤᠯᠤᠨ᠂ ᠰᠦᠯᠵᠢᠶᠡᠨ ᠤ ᠶᠡᠷᠦᠩᠬᠡᠶᠢᠯᠡᠨ ᠵᠠᠰᠠᠬᠤ ᠰᠢᠰᠲ᠋ᠧᠮ ᠢ ᠲᠠᠰᠤᠷᠠᠯᠳᠠ ᠦᠭᠡᠢ | ᠲᠡᠭᠦᠯᠳᠡᠷᠵᠢᠭᠦᠯᠵᠦ᠂ ᠭᠤᠣᠯ ᠪᠣᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠦᠷᠭᠦᠯᠵᠢᠯᠡᠨ ᠪᠠᠬᠢᠵᠢᠭᠦᠯᠦᠨ | ᠪᠤᠵᠠᠭᠠᠶᠢᠷᠠᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠨᠠᠮ ᠤᠨ ᠲᠥᠪ ᠬᠤᠷᠢᠶᠠᠨ ᠤ ᠬᠠᠮᠢᠶ᠎ᠠ ᠪᠥᠬᠦᠶ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠱᠠᠰᠢᠨ ᠰᠤᠷᠲᠠᠬᠤᠨ | ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠪᠥᠬᠦ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠬᠤᠰᠢᠭᠤ︾ ᠪᠠᠷ ᠨᠡᠷᠡᠶᠢᠳᠦᠭᠳᠡᠪᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠭᠤᠷᠪᠠᠨ | ᠴᠢᠬᠤᠯᠠ ᠨᠢᠭᠡ ᠶᠡᠭᠡ︾ ᠶᠠᠪᠤᠳᠠᠯ ᠳᠤ ᠬᠠᠮᠲᠤ ᠪᠠᠷ ᠰᠢᠢᠳᠪᠦᠷᠢᠳᠤ ᠪᠣᠳᠣᠯᠭ᠎ᠠ ᠲᠣᠭᠲᠠᠭᠠᠬᠤ ᠲᠦᠷᠢᠮ᠂ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠲᠦᠷᠢᠮ ᠵᠡᠷᠭᠡ ᠶᠢ ᠴᠢᠩᠭ᠎ᠠ | ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ 1᠂ | ᠥᠪᠡᠷᠲᠡᠭᠡᠨ ᠵᠠᠰᠠᠬᠤ ᠣᠷᠣᠨ ᠤ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ︵ᠨᠡᠶᠢᠭᠡᠮ | ᠲᠣᠭᠤᠷᠢᠭ︶ 3 ᠶᠢ ᠡᠭᠦᠳᠦᠨ ᠪᠠᠶᠢᠭᠤᠯᠪᠠ᠃ ᠠᠮᠤᠷ ᠠᠮᠤᠭᠤᠯᠠᠩ ᠪᠠᠷᠠᠭᠤᠨ ᠦᠵᠦᠮᠦᠴᠢᠨ ᠤ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠲᠡᠭᠦᠰ | ᠠᠮᠵᠢᠯᠲᠠ ᠲᠠᠢ ᠲᠡᠭᠦᠰᠴᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠴᠡᠭᠴᠡᠯᠡᠯᠲᠡ ᠪᠦᠲᠦᠮᠵᠢᠲᠡᠢ ᠠᠬᠢᠵᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ | ᠬᠥᠮᠦᠵᠢᠯ ᠢ ᠭᠦᠨᠵᠡᠭᠡᠢ ᠦᠷᠨᠢᠬᠦᠯᠦᠨ᠂ ︽ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠣᠨ︾ ᠤ | ᠲᠤᠰᠬᠠᠢ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠲᠥᠪ ᠤᠨ ᠵᠠᠬᠢᠳᠠᠯ ᠰᠤᠷᠪᠤᠯᠵᠢᠯᠠᠯ ᠤᠨ | ᠬᠠᠮᠳᠤᠷᠠᠭᠰᠠᠨ ᠬᠤᠷᠠᠯ ᠤᠨ ᠠᠯᠪᠠᠨ ᠭᠡᠷ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ | ᠲᠤᠰᠢᠶᠠᠨ ᠥᠭᠬᠦᠭᠰᠡᠨ ᠵᠠᠬᠢᠳᠠᠯ ᠰᠤᠷᠪᠤᠯᠵᠢᠯᠠᠯ ᠤᠨ ᠬᠡᠷᠡᠭ ᠤᠴᠢᠷ ᠢ ᠰᠢᠶᠳᠪᠦᠷᠢᠯᠡᠭᠰᠡᠨ ᠨᠣᠷᠮ᠎ᠠ 100% ᠳᠤ | ᠬᠥᠷᠪᠡ᠃ ︽ᠬᠤᠤᠰ ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠴᠢᠨᠠᠷᠯᠢᠭ ᠠᠬᠢᠭᠤᠯᠵᠤ᠂ | ᠠᠵᠢᠯ ᠤᠨ ᠰᠤᠷᠲᠠᠯ ᠢᠶᠠᠨ ᠤᠯᠠᠮ ᠴᠢᠨᠠᠭᠰᠢᠳᠠ ᠰᠠᠶᠢᠵᠢᠷᠠᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ | ᠴᠢᠳᠠᠪᠤᠷᠢ ᠪᠠᠨ ᠤᠯᠠᠮ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠪᠢᠳᠡ ᠬᠠᠲᠠᠭᠤ ᠪᠡᠷᠬᠡᠰᠢᠶᠡᠯ ᠢ ᠲᠤᠭᠤᠯᠤᠨ᠂ ᠡᠷᠬᠢᠮ ᠨᠠᠨᠳᠢᠨ ᠲᠤᠷᠰᠢᠯᠭ᠎ᠠ ᠰᠤᠷᠭᠠᠮᠵᠢ | ᠬᠤᠷᠠᠮᠳᠤᠭᠤᠯᠪᠠ︕ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠶᠢᠨ ᠦᠷ᠎ᠡ ᠳ᠋ᠦᠩ ᠮᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠢ | ᠤᠳᠤᠷᠢᠳᠤᠯᠭ᠎ᠠ ᠶᠢᠨ ᠦᠷ᠎ᠡ ᠳ᠋ᠦᠩ ᠮᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ᠂ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠦᠨ᠂ | ᠮᠦᠨᠴᠦ ᠪᠦᠬᠦ ᠬᠤᠰᠢᠭᠤᠨ ᠤ ᠠᠷᠠᠳ ᠲᠦᠮᠡᠨ ᠤ ᠰᠡᠳᠬᠢᠯ ᠪᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠤᠯᠤᠨ᠎ᠠ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠨ᠂ ᠠᠷᠠᠳ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠤᠯᠤᠨ ᠪᠠᠷᠠᠭᠤᠨ | ᠦᠵᠦᠮᠦᠴᠢᠨ ᠬᠤᠰᠢᠭᠤᠨ ᠳᠤ ᠠᠵᠢᠯᠯᠠᠵᠤ ᠥᠩᠭᠡᠷᠡᠭᠰᠡᠨ ᠤᠳᠤᠷᠢᠳᠬᠤ ᠨᠥᠬᠦᠳ᠂ ᠪᠥᠬᠦ ᠬᠤᠰᠢᠭᠤᠨ ᠤ ᠠᠵᠢᠯ | ᠠᠴᠠ ᠪᠠᠨ ᠠᠮᠠᠷᠠᠭᠰᠠᠨ ᠠᠬᠠᠮᠠᠳ ᠨᠥᠬᠦᠳ᠂ ᠪᠠᠷᠠᠭᠤᠨ ᠦᠵᠦᠮᠦᠴᠢᠨ ᠬᠤᠰᠢᠭᠤᠨ ᠤ ᠪᠠᠨ ᠬᠥᠭᠵᠢᠯᠲᠡ | ᠴᠤᠭᠴᠠᠯᠠᠯᠳᠠ ᠳᠤ ᠬᠦᠴᠦᠨ ᠵᠢᠳᠬᠦᠯ ᠢᠶᠠᠨ ᠨᠡᠮᠡᠷᠢᠯᠡᠭᠰᠡᠨ ᠺᠠᠳ᠋ᠷ ᠣᠯᠠᠨ ᠲᠦᠮᠡᠨ᠂ ᠠᠵᠤ ᠠᠬᠤᠶᠢᠯᠠᠯᠲᠠᠨ ᠪᠣᠯᠤᠨ | ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠪᠠᠨ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ | ᠤᠨ ᠲᠠᠯᠠᠷᠬᠠᠯ ᠢᠶᠠᠨ ᠳᠡᠪᠰᠢᠭᠦᠯᠦᠶ᠎ᠡ︕ | ᠪᠢᠳᠡ ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠬᠠᠮᠲᠤ᠂ ᠮᠠᠨ ᠤ ᠬᠤᠰᠢᠭᠤᠨ ᠤ ᠠᠵᠤ ᠦᠶᠯᠡᠰ ᠤᠨ | ᠬᠥᠭᠵᠢᠯᠲᠡ ᠬᠠᠷᠢᠴᠠᠩᠭᠤᠶ ᠪᠦᠳᠦᠭᠦᠯᠢᠭ ᠪᠠᠶᠢᠬᠤ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠳᠤ | ᠲᠤᠲᠠᠭᠳᠠᠯ ᠣᠷᠣᠰᠢᠵᠤ ᠪᠠᠶᠢᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ | ᠬᠠᠷᠠᠬᠠᠨ ᠪᠦᠷᠢᠯᠳᠦᠭᠡ ᠦᠭᠡᠢ ᠪᠠᠶᠢᠬᠤ᠂ ᠨᠡᠶᠢᠭᠡᠮ ᠤᠨ ᠦᠶᠯᠡᠰ ᠢ ᠮᠦᠨᠬᠦ ᠴᠢᠩᠭᠠᠳᠬᠠᠬᠤ ᠴᠢᠬᠤᠯᠠᠲᠠᠶ ᠪᠠᠶᠢᠬᠤ᠂ | ᠠᠷᠠᠳ ᠤᠨ ᠠᠮᠢᠳᠤᠷᠠᠯ ᠢ ᠦᠷᠭᠦᠯᠵᠢᠯᠡᠨ ᠬᠦᠴᠦᠯᠡᠨ ᠰᠠᠶᠢᠵᠢᠷᠠᠭᠤᠯᠬᠤ ᠴᠢᠬᠤᠯᠠᠲᠠᠶ ᠪᠠᠶᠢᠬᠤ ᠵᠡᠷᠭᠡ ᠠᠰᠠᠭᠤᠳᠠᠯ ᠢ | ᠰᠡᠷᠭᠡᠭ ᠢᠶᠠᠷ ᠲᠠᠨᠢᠬᠤ ᠬᠡᠷᠡᠭᠲᠡᠶ᠃ ᠡᠳᠡᠭᠡᠷ ᠤᠨ ᠭᠤᠣᠯ ᠢᠯᠡᠷᠡᠯ ᠨᠢ᠄ ᠠᠵᠤ ᠦᠢᠯᠡᠰ ᠤᠨ ᠲᠡᠰ ᠳᠠᠪᠬᠤᠷᠭ᠎ᠠ | ᠳᠣᠣᠷ᠎ᠠ᠂ ᠪᠦᠲᠦᠴᠡ ᠭᠦᠢᠴᠡᠳ ᠵᠣᠬᠢᠰᠲᠠᠢ ᠪᠤᠰᠤ᠂ ᠴᠢᠨᠠᠷᠯᠢᠭ ᠬᠥᠭᠵᠢᠯᠲᠡ ᠶᠢ ᠪᠡᠶᠡᠯᠡᠬᠦᠯᠬᠦ ᠳᠤ ᠪᠠᠰᠠ | ᠦᠷᠭᠦᠯᠵᠢᠯᠡᠨ ᠴᠢᠷᠮᠠᠶᠢᠬᠤ ᠴᠢᠬᠤᠯᠠᠲᠠᠢ ᠪᠠᠶᠢᠨ᠎ᠠ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠳᠡᠰ | ᠳᠡᠪᠰᠢᠬᠦᠯᠬᠦ ᠤᠷᠤᠨ ᠵᠠᠢ ᠨᠡᠯᠢᠶᠡᠳ ᠶᠡᠭᠡ᠂ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢ ᠤᠯᠠᠮ | ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠴᠢᠩᠭᠠᠷᠠᠵᠤ᠂ | ᠪᠣᠬᠢᠷᠲᠤᠯ ᠢ ᠰᠡᠷᠭᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠡᠭᠦᠷᠭᠡ ᠬᠦᠨᠳᠦ | ᠪᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ | ᠭᠦᠢᠴᠡᠳ ᠰᠢᠯᠢᠳᠡᠭᠵᠢᠭᠡᠳᠦᠢ ᠪᠠᠶᠢᠵᠤ᠂ ᠤᠯᠠᠨ ᠲᠦᠮᠡᠨ ᠤ ᠬᠦᠰᠡᠯ ᠡᠷᠡᠮᠡᠯᠵᠡᠯᠡᠯ ᠲᠠᠢ ᠪᠠᠰᠠ ᠵᠣᠬᠢᠬᠤ ᠵᠥᠷᠢᠶ᠎ᠡ ᠲᠠᠢ | ᠪᠠᠶᠢᠨ᠎ᠠ᠃ ᠵᠠᠰᠠᠭ ᠤᠨ ᠣᠷᠳᠣᠨ ᠤ ᠭᠡᠰᠡᠭ ᠰᠠᠯᠠᠭ᠎ᠠ ᠮᠥᠴᠢᠷ ᠤᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ | ᠤᠬᠠᠮᠰᠠᠷ ᠴᠢᠩᠭ᠎ᠠ ᠪᠢᠰᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠦᠷᠭᠡᠨ ᠰᠠᠶᠢᠵᠢᠷᠠᠭᠤᠯᠬᠤ | ᠴᠢᠬᠤᠯᠠᠲᠠᠢ ᠪᠠᠶᠢᠨ᠎ᠠ᠃ ᠴᠦᠭᠡᠨ ᠲᠣᠭᠠᠨ ᠤ ᠺᠠᠲᠠᠷᠴᠤᠳ ᠤᠨ ᠭᠦᠢᠴᠡᠳᠬᠡᠬᠦ ᠴᠢᠳᠠᠪᠤᠷᠢ ᠨᠢ ᠴᠢᠩᠭ᠎ᠠ ᠪᠢᠰᠢ᠂ | ᠠᠵᠢᠯ ᠤᠨ ᠦᠷ᠎ᠡ ᠪᠦᠳᠦᠮᠵᠢ ᠨᠢ ᠦᠨᠳᠦᠷ ᠪᠢᠰᠢ᠂ ︽ᠬᠢᠬᠦ ᠵᠣᠷᠢᠭ ᠦᠭᠡᠢ᠂ ᠬᠢᠬᠦ ᠳᠤᠷ᠎ᠠ ᠦᠭᠡᠢ᠂ ᠬᠢᠵᠦ | ᠴᠢᠳᠠᠬᠤ ᠦᠭᠡᠢ︾ ᠦᠵᠡᠭᠳᠡᠯ ᠮᠥᠨ ᠯᠡ ᠣᠷᠣᠰᠢᠵᠤ ᠪᠠᠶᠢᠨ᠎ᠠ᠃ ᠡᠭᠦᠨ ᠢ ᠪᠢᠳᠡ ᠵᠠᠪᠠᠯ ᠬᠦᠴᠦᠲᠡᠢ ᠠᠷᠭ᠎ᠠ | ᠬᠡᠮᠵᠢᠶ᠎ᠡ ᠠᠪᠴᠤ ᠪᠠᠶᠢᠭᠠᠳ ᠪᠦᠳᠦᠮᠵᠢᠳᠡᠢ ᠰᠢᠢᠳᠪᠦᠷᠢᠯᠡᠨ᠎ᠡ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠬᠢᠴᠡ ᠪᠠ ᠲᠡᠮᠡᠴᠡᠬᠦ ᠬᠠᠷᠠᠯᠲᠠ | ᠲᠥᠯᠥᠭᠡᠯᠡᠭᠴᠢᠳ ᠡ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ | ᠪᠠᠨ ᠭᠦᠢᠴᠡᠳᠬᠡᠬᠦ ᠲᠠᠪᠤᠨ ᠵᠢᠯ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭ᠎ᠠ ᠲᠠᠢ ᠨᠢᠭᠲᠠ ᠨᠡᠶᠢᠴᠡᠵᠦ᠂ ᠶᠡᠭᠡ ᠦᠶᠯᠡᠰ ᠢ ᠪᠦᠲᠦᠭᠡᠵᠦ ᠪᠣᠯᠬᠤ ᠪᠠᠶᠢᠯᠳᠤᠬᠤ ᠪᠣᠳᠣᠯᠭ᠎ᠠ ᠶᠢᠨ ᠠᠵᠠ | ᠲᠣᠬᠢᠶᠠᠯᠳᠤ ᠬᠤᠭᠤᠴᠠᠭ᠎ᠠ᠂ ᠬᠥᠭᠵᠢᠯᠲᠡ ᠶᠢᠨ ᠰᠢᠵᠢᠷ ᠠᠯᠲᠠᠨ ᠬᠤᠭᠤᠴᠠᠭ᠎ᠠ ᠪᠣᠯᠬᠤ ᠪᠥᠭᠡᠳ ᠨᠠᠩ ᠴᠤ ᠢᠯᠠᠯᠲᠠ | ᠶᠢᠨ ᠡᠷᠴᠢᠨ ᠳᠡᠭᠡᠷ᠎ᠡ ᠪᠠᠨ ᠤᠷᠤᠭᠰᠢᠯᠠᠨ ᠳᠡᠪᠰᠢᠵᠦ᠂ ᠤᠷᠤᠰᠬᠠᠯ ᠤᠨ ᠡᠮᠦᠨ᠎ᠡ ᠡᠷᠡᠯᠬᠡᠭᠯᠡᠨ ᠵᠣᠭᠰᠣᠵᠦ | ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠬᠤ ᠬᠤᠭᠤᠴᠠᠭ᠎ᠠ ᠪᠣᠯᠤᠨ᠎ᠠ᠃ | ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠤᠯᠭᠠᠵᠦ᠂ ᠨᠠᠮ ᠤᠨ ᠲᠥᠪ ᠬᠤᠷᠢᠶᠠᠨ ᠤ ᠰᠢᠷᠢᠰ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠶᠢ ᠭᠦᠨᠵᠡᠭᠡᠶ ᠲᠤᠤᠱᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠪᠠ | ᠬᠤᠰᠢᠭᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ | ᠪᠠᠶᠢᠷᠢᠯᠠᠭᠤᠯᠤᠯᠲᠠ ᠶᠢ ᠨᠢᠭᠡᠳᠦᠯᠲᠡᠶ ᠳᠦᠯᠦᠪᠵᠢᠬᠦᠯᠦᠨ ᠠᠬᠢᠭᠤᠯᠵᠦ᠂ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠤᠨ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠬᠥᠭᠵᠢᠯᠲᠡ ᠪᠠ ᠠᠮᠤᠷ ᠲᠦᠪᠰᠢᠨ ᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠳᠠᠯᠠᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠤᠨ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠨ ᠠᠭᠤᠰᠤᠯᠴᠠᠵᠦ᠂ ︽ᠬᠤᠶᠠᠷ ᠬᠠᠯᠬᠠᠪᠴᠢ︾᠂ ︽ | ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ | ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ | ᠪᠠᠲᠤ ᠴᠤᠭᠴᠠᠯᠠᠨ᠂ ᠠᠮᠢ ᠠᠬᠤᠶ ᠶᠢ ᠲᠡᠷᠢᠭᠦᠨ ᠳᠤ ᠲᠠᠯᠪᠢᠵᠦ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠵᠠᠮᠨᠠᠵᠦ᠂ ᠡᠨᠧᠷᠭᠢ ᠶᠢᠨ | ᠪᠦᠲᠦᠴᠡ ᠶᠢᠨ ᠬᠡᠯᠪᠡᠷᠢ ᠶᠢᠨ ᠬᠤᠪᠢᠷᠠᠭᠤᠯᠤᠯᠲᠠ ᠪᠠᠷ ᠠᠵᠤ ᠠᠬᠤᠶ ᠶᠢᠨ ᠪᠦᠲᠦᠴᠡ ᠶᠢᠨ ᠬᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠤᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠰᠢᠨ᠎ᠡ ᠠᠶᠠᠨ ᠳᠤ ᠪᠠᠷᠠᠭᠤᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠨ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ | ᠪᠣᠯᠭᠠᠨ ᠪᠥᠲᠥᠭᠡᠨ ᠪᠠᠶᠢᠭᠤᠯᠤᠨ᠎ᠠ᠃ | ᠮᠠᠨ ᠤ ᠲᠡᠮᠡᠴᠡᠬᠦ ᠬᠠᠷᠠᠯᠲᠠ ᠪᠣᠯ᠄ | ︵ᠨᠢᠭᠡ︶ ᠠᠮᠢ ᠠᠬᠤᠢ ᠶᠢᠨ ᠣᠷᠴᠢᠨ ᠳᠤᠭᠤᠷᠢᠨ ᠤ ᠬᠠᠮᠠᠭᠠᠯᠠᠯᠲᠠ ᠨᠡᠩ ᠶᠡᠭᠡ ᠦᠷ᠎ᠡ ᠪᠦᠲᠦᠮᠵᠢ ᠣᠯᠤᠨ᠎ᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠪᠦᠬᠦ | ᠲᠠᠯ᠎ᠠ ᠪᠠᠷ ᠰᠢᠯᠢᠳᠡᠭᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠦᠨᠳᠦᠰᠦᠨ ᠳᠡᠭᠡᠨ | ᠪᠦᠷᠢᠯᠳᠦᠭᠦᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠪᠦᠲᠦᠮᠵᠢᠲᠡᠢ ᠬᠠᠮᠠᠭᠠᠯᠠᠵᠤ᠂ ᠴᠢᠨᠠᠷᠯᠢᠭ | ᠠᠮᠢ ᠠᠬᠤᠢ ᠶᠢᠨ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠬᠦ ᠪᠠᠭᠲᠠᠭᠠᠮᠵᠢ ᠶᠢ ᠦᠷᠭᠡᠳᠬᠡᠨ᠎ᠡ᠃ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠥᠬᠡᠶ᠂ ᠬᠡᠯᠪᠡᠷᠢ ᠪᠠᠨ ᠬᠤᠪᠢᠷᠠᠭᠤᠯᠬᠤ ᠦᠷ᠎ᠡ ᠪᠦᠲᠦᠮᠵᠢ ᠢᠯᠡᠳᠲᠡ | ᠪᠣᠯᠵᠣ᠂ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭᠠᠰᠴᠤ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠪᠦᠲᠦᠮᠵᠢᠲᠡᠶ ᠪᠠᠭᠤᠷᠠᠨ᠎ᠠ᠃ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠦᠷᠢᠮ ᠤᠨ ᠰᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠵᠦ᠂ ᠵᠠᠰᠠᠯᠲᠠ ᠶᠢᠨ | ᠣᠳᠣᠬᠢᠴᠢᠯᠠᠯᠲᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠨ᠂ ᠪᠦᠬᠦᠯᠢ ᠴᠣᠭᠴᠠ ᠪᠠᠬᠢᠵᠢᠨ ᠰᠠᠶᠢᠵᠢᠷᠠᠵᠦ᠂ ᠮᠠᠨ | ᠤ ᠠᠮᠢᠳᠤᠷᠠᠵᠤ ᠪᠠᠶᠢᠭ᠎ᠠ ᠬᠡᠷ ᠣᠷᠣᠨ ᠢᠶᠠᠨ ᠨᠡᠩ ᠬᠦᠬᠡᠮᠳᠦᠭ ᠰᠠᠶᠢᠬᠠᠨ ᠪᠤᠯᠭᠠᠨ᠎ᠠ᠃ | ︵ᠬᠤᠶᠠᠷ︶ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠠᠵᠢᠯ ᠨᠡᠩ ᠶᠡᠭᠡ ᠦᠷ᠎ᠡ | ᠪᠦᠲᠦᠭᠡᠯ ᠤᠯᠤᠨ᠎ᠠ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ ᠨᠡᠩ ᠰᠢᠯᠢᠳᠡᠭᠵᠢᠵᠦ᠂ ᠠᠵᠤ | ᠦᠢᠯᠡᠰ ᠤᠨ ᠬᠥᠭᠵᠢᠯᠲᠡ ᠨᠢ ᠡᠬᠢ ᠪᠠᠶᠠᠯᠢᠭ ᠢ ᠨᠡᠬᠡᠭᠡᠨ ᠬᠦᠭᠵᠢᠬᠦ ᠳᠤ ᠲᠦᠰᠢᠭᠯᠡᠵᠦ ᠪᠠᠶᠢᠭ᠎ᠠ ᠪᠠᠶᠢᠳᠠᠯ ᠶᠡᠷᠦᠩᠬᠡᠢ | ᠳᠡᠭᠡᠨ ᠬᠤᠪᠢᠷᠠᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ | ᠲᠦᠪᠰᠢᠨ ᠢᠯᠡᠳᠲᠡ ᠳᠡᠭᠡᠭᠰᠢᠯᠡᠨ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠤᠯᠠᠮ ᠴᠢᠨᠠᠭᠰᠢᠳᠠ | ᠴᠢᠩᠭᠠᠷᠠᠨ᠎ᠠ᠃ ᠰᠢᠨ᠎ᠡ ᠶᠢ ᠡᠭᠦᠳᠬᠦ ᠰᠢᠰᠲ᠋ᠧᠮ᠂ ᠠᠵᠤ ᠦᠶᠯᠡᠰ ᠤᠨ ᠰᠢᠰᠲ᠋ᠧᠮ ᠪᠣᠯᠤᠨ ᠰᠠᠭᠤᠷᠢ ᠲᠥᠬᠦᠭᠡᠷᠦᠮᠵᠢ | ᠶᠢᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠬᠥᠳᠡᠭᠡ ᠲᠣᠰᠬᠤᠨ ᠮᠠᠯᠵᠢᠬᠤ ᠣᠷᠣᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠷᠢᠰᠢᠯ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢᠨ ᠰᠢᠨ᠎ᠡ | ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ | ᠪᠠᠶᠢᠭᠤᠯᠤᠯᠲᠠ ᠶᠢ ᠴᠢᠬᠤᠯᠠ ᠶᠡᠭᠡ ᠠᠬᠢᠴᠠ ᠲᠠᠢ ᠪᠤᠯᠭᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠢᠯᠡᠳᠲᠡ ᠰᠠᠶᠢᠵᠢᠷᠠᠭᠤᠯᠵᠤ᠂ ᠪᠠᠷᠠᠭᠤᠨ ᠦᠵᠦᠮᠦᠴᠢᠨ ᠬᠤᠰᠢᠭᠤ ᠪᠠᠨ ᠠᠵᠢᠯ ᠬᠢᠵᠦ ᠦᠶᠯᠡᠰ ᠪᠤᠰᠬᠠᠬᠤ ᠳᠤ ᠨᠡᠩ | ᠲᠤᠬᠢᠷᠠᠮᠵᠢᠳᠠᠢ ᠭᠠᠵᠠᠷ ᠪᠤᠯᠭᠠᠨ᠂ ᠡᠵᠡᠩᠨᠡᠭᠴᠢᠳ ᠤᠨ ᠳᠠᠷᠤᠭᠠᠰᠤ ᠶᠢ ᠬᠦᠩᠭᠡᠯᠡᠨ᠎ᠡ᠃ | ︵ᠭᠤᠷᠪᠠ︶ ᠠᠷᠠᠳ ᠤᠨ ᠠᠮᠢᠳᠤᠷᠠᠯ ᠤᠨ ᠶᠠᠰᠤ ᠴᠢᠨᠠᠷ ᠨᠠᠩ ᠶᠡᠭᠡ ᠳᠡᠭᠡᠭᠰᠢᠯᠡᠯᠲᠡ ᠲᠠᠢ ᠪᠤᠯᠤᠨ᠎ᠠ᠃ ᠬᠠᠮᠲᠤ | ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠨ ᠣᠯᠠᠨ ᠨᠡᠶᠢᠲᠡ ᠶᠢᠨ ᠦᠶᠯᠡᠴᠢᠯᠡᠭᠡ ᠶᠢ | ᠨᠠᠩ ᠴᠢᠨᠠᠷᠯᠢᠭ ᠲᠡᠩᠴᠡᠭᠦᠷᠢᠲᠡᠶ ᠪᠣᠯᠭᠠᠨ᠎ᠠ᠃ ᠠᠵᠢᠯ ᠣᠯᠭᠤᠯᠲᠠ ᠶᠢᠨ ᠬᠦᠷᠢᠶ᠎ᠡ ᠬᠡᠪᠴᠢᠶ᠎ᠡ ᠲᠠᠰᠤᠷᠠᠯᠲᠠ ᠦᠭᠡᠢ | ᠥᠷᠭᠡᠳᠴᠦ᠂ ᠶᠠᠰᠤ ᠴᠢᠨᠠᠷ ᠢᠯᠡᠳᠲᠡ ᠳᠡᠭᠡᠭᠰᠢᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ | ᠲᠣᠭᠲᠠᠭᠤᠨ ᠢᠶᠠᠷ ᠨᠡᠮᠡᠭᠳᠡᠵᠦ᠂ ᠬᠤᠪᠢᠶᠠᠷᠢᠯᠠᠯᠲᠠ ᠶᠢᠨ ᠪᠦᠲᠦᠴᠡ ᠢᠯᠡᠳᠲᠡ ᠰᠠᠶᠢᠵᠢᠷᠠᠨ᠎ᠠ᠃ ᠴᠢᠨᠠᠷᠯᠢᠭ ᠰᠤᠷᠭᠠᠨ | ᠬᠥᠮᠦᠵᠢᠯ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ᠂ ᠬᠡᠤᠬᠡᠳ ᠨᠢᠯᠬ᠎ᠠ ᠪᠠ ᠨᠠᠰᠤᠲᠠᠶᠢᠴᠤᠳ ᠤᠨ ᠠᠰᠠᠷᠠᠮᠵᠢ ᠶᠢᠨ | ᠦᠶᠯᠡᠴᠢᠯᠡᠭᠡᠨ ᠤ ᠰᠢᠰᠲ᠋ᠧᠮ᠂ ᠣᠷᠣᠨ ᠰᠠᠭᠤᠴᠠ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠨᠠᠩ | ᠪᠦᠷᠢᠨᠰᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ ᠰᠢᠰᠲ᠋ᠧᠮ ᠢ ᠨᠠᠩ ᠲᠡᠭᠦᠯᠳᠡᠷᠵᠢᠭᠦᠯᠤᠨ᠂ | ᠡᠯ᠎ᠡ ᠦᠨᠳᠦᠰᠦᠲᠡᠨ ᠤ ᠣᠯᠠᠨ ᠲᠦᠮᠡᠨ ᠤ ᠠᠮᠢᠳᠤᠷᠠᠯ ᠢ ᠪᠣᠳᠠᠰ ᠤᠨ ᠲᠠᠯ᠎ᠠ ᠠᠴᠠ ᠣᠶᠤᠨ ᠰᠠᠨᠠᠭᠠᠨ ᠤ ᠲᠠᠯ᠎ᠠ ᠳᠤ | ᠬᠦᠷᠲᠡᠯ᠎ᠡ ᠪᠦᠬᠦᠨ ᠢ ᠪᠠᠶᠠᠯᠢᠭᠵᠢᠭᠤᠯᠤᠨ᠎ᠠ᠃ | ︵ᠳᠦᠷᠪᠡ︶ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠨᠡᠩ ᠶᠡᠭᠡ ᠰᠢᠪᠲᠤᠯᠤᠯᠲᠠ ᠲᠠᠢ | ᠪᠤᠯᠤᠨ᠎ᠠ᠃ ᠴᠢᠬᠤᠯᠠ ᠬᠦᠷᠢᠶ᠎ᠡ ᠴᠠᠷ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠨᠡᠩ | ᠭᠦᠨᠵᠡᠭᠡᠶᠢᠷᠡᠬᠦᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠤᠯᠠᠮ ᠴᠢᠩᠭᠠᠳᠬᠠᠨ᠎ᠠ᠃ ᠨᠡᠶᠢᠭᠡᠮ ᠵᠢᠷᠤᠮ ᠤᠨ ᠠᠷᠠᠳᠴᠢᠯᠠᠯ ᠪᠠ ᠬᠠᠤᠯᠢ ᠪᠠᠷ ᠵᠠᠰᠠᠬᠤ ᠶᠢ ᠨᠡᠩ | ᠲᠡᠭᠦᠯᠳᠡᠷᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠨᠡᠩ ᠭᠦᠢᠴᠡᠳ ᠢᠯᠡᠷᠡᠬᠦᠯᠦᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠭᠦᠨ | ᠬᠠᠳᠠᠩᠰᠢᠭᠤᠯᠵᠤ᠂ ᠦᠨᠳᠦᠰᠦᠲᠡᠨ ᠤ ᠠᠵᠢᠯ ᠤᠨ ᠴᠢᠨᠠᠷᠯᠢᠭ ᠬᠥᠭᠵᠢᠯᠲᠡ ᠶᠢ ᠴᠢᠬᠤᠯᠠ ᠠᠬᠢᠴᠠ ᠲᠠᠢ ᠪᠣᠯᠭᠠᠨ᠎ᠠ᠃ | ᠨᠡᠶᠢᠭᠡᠮ ᠤᠨ ᠵᠠᠰᠠᠯᠲᠠ ᠶᠢᠨ ᠲᠦᠪᠰᠢᠨ ᠢᠯᠡᠳᠲᠡ ᠳᠡᠭᠡᠭᠰᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠲᠠᠰᠤᠷᠠᠯᠲᠠ ᠦᠭᠡᠢ ᠪᠦᠷᠢᠨᠰᠢᠵᠦ᠂ ᠪᠦᠯᠬᠦᠮᠳᠡᠯ᠂ ᠡᠶ᠎ᠡ | ᠵᠣᠬᠢᠴᠠᠩᠭᠤᠢ᠂ ᠲᠣᠭᠲᠠᠭᠤᠨ᠂ ᠶᠡᠭᠡ ᠲᠠᠯ᠎ᠠ ᠤᠯᠠᠮ ᠴᠢᠨᠠᠭᠰᠢᠳᠠ ᠪᠠᠬᠢᠵᠢᠨ ᠬᠥᠭᠵᠢᠵᠦ᠂ ᠵᠢᠷᠤᠭ ᠲᠥᠰᠦᠪ ᠢ | ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠦᠰᠡᠯ ᠡᠷᠡᠮᠡᠯᠵᠡᠯᠡᠯ ᠢ ᠪᠣᠳᠠᠲᠤ ᠤᠷᠤᠰᠢᠬᠤᠢ ᠪᠣᠯᠭᠠᠨ | ᠬᠤᠪᠢᠷᠠᠭᠤᠯᠤᠨ᠎ᠠ᠃ | ᠲᠥᠯᠥᠭᠡᠯᠡᠭᠴᠢᠳ ᠡ︕ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠢᠳᠡ ᠳᠠᠰᠤᠷᠠᠯᠳᠠ ᠦᠭᠡᠢ | ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃ ᠪᠦᠬᠦ ᠬᠤᠰᠢᠭᠤ ᠪᠠᠷ ᠢᠶᠠᠨ ᠰᠡᠳᠬᠢᠯ ᠨᠢᠭᠡᠳᠦᠨ᠂ ᠬᠦᠴᠦᠨ ᠢᠶᠠᠨ | ᠬᠠᠮᠲᠤᠳᠬᠠᠵᠤ᠂ ᠦᠨᠡᠨ ᠪᠣᠳᠠᠲᠠᠢ ᠰᠢᠷᠭᠠᠭᠤ ᠠᠵᠢᠯᠯᠠᠪᠠᠯ᠂ ᠪᠢᠳᠡᠨ ᠤ ᠡᠯ᠎ᠡ ᠲᠥᠷᠥᠯ ᠤᠨ ᠬᠠᠷᠠᠯᠲᠠ ᠯᠠᠪᠲᠠᠢ | ᠠᠮᠵᠢᠯᠳᠠᠳᠠᠢ ᠪᠡᠶᠡᠯᠡᠭᠳᠡᠵᠦ᠂ ᠪᠠᠷᠠᠭᠤᠨ ᠦᠵᠦᠮᠦᠴᠢᠨ ᠬᠤᠰᠢᠭᠤᠨ ᠤ ᠮᠠᠷᠭᠠᠰᠢ ᠨᠠᠩ ᠰᠠᠶᠢᠨ ᠰᠠᠶᠢᠬᠠᠨ ᠪᠣᠯᠬᠤ | ᠶᠤᠮ︕ | ᠭᠤᠷᠪᠠ᠂ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ | ᠰᠢᠨ᠎ᠡ ᠪᠠᠶᠢᠳᠠᠯ᠂ ᠰᠢᠨ᠎ᠡ ᠬᠠᠷᠠᠯᠲᠠ᠂ ᠰᠢᠨ᠎ᠡ ᠡᠭᠦᠷᠭᠡ ᠶᠢᠨ ᠡᠮᠦᠨ᠎ᠡ᠂ ᠰᠢᠨ᠎ᠡ ᠨᠢᠭᠡ ᠬᠤᠭᠤᠴᠠᠭᠠᠨ ᠤ ᠵᠠᠰᠠᠭ | ᠤᠨ ᠣᠷᠳᠣᠨ ᠤ ᠤᠳᠤᠷᠢᠳᠬᠤ ᠪᠠᠭ ᠠᠷᠠᠳ ᠤᠨ ᠲᠥᠯᠥᠭᠡ ᠭᠡᠬᠦ ᠵᠣᠷᠢᠯᠲᠠ ᠶᠢ ᠪᠠᠲᠤ ᠰᠠᠬᠢᠵᠦ᠂ ᠰᠠᠨᠠᠭᠠᠴᠢᠯᠠᠭ᠎ᠠ | ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠂ ᠠᠵᠢᠯ ᠢᠶᠠᠨ ᠰᠠᠶᠢᠳᠤᠷ ᠬᠢᠨ᠎ᠡ᠃ | ︵ᠨᠢᠭᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠠᠮᠢ | ᠠᠬᠤᠶ ᠶᠢ ᠳᠡᠷᠢᠬᠦᠨ ᠳᠤ ᠲᠠᠯᠪᠢᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠪᠠᠶᠢᠯᠳᠤᠬᠤ ᠪᠣᠳᠣᠯᠭ᠎ᠠ ᠶᠢᠨ ᠪᠠᠲᠤ ᠬᠦᠴᠦᠨ ᠢ ᠪᠣᠢ ᠪᠤᠯᠠᠭᠠᠨ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠡᠯᠪᠡᠷᠢ ᠪᠠᠨ ᠬᠤᠪᠢᠷᠠᠭᠤᠯᠤᠨ ᠪᠣᠬᠢᠷᠲᠤᠯ ᠥᠬᠡᠶ ᠬᠦᠭᠵᠢᠬᠦ ᠶᠢ | ᠪᠥᠬᠦ ᠬᠡᠪᠴᠢᠶᠡᠨ ᠳᠤ ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠵᠡᠰᠬᠦᠯᠡᠩᠲᠦ ᠰᠠᠶᠢᠬᠠᠨ ᠠᠮᠢ ᠠᠬᠤᠶ | ᠶᠢᠨ ᠣᠷᠴᠢᠨ ᠲᠣᠭᠤᠷᠢᠨ ᠤ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠨ᠎ᠠ᠃ ᠨᠢᠭᠡ ᠳᠤ᠂ ᠠᠮᠢ ᠠᠬᠤᠢ ᠶᠢᠨ | ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠳᠬᠠᠨ᠎ᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ | ᠶᠢ ᠪᠠᠷᠢᠮᠲᠠᠯᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ | ᠬᠡᠷᠡᠭᠵᠢᠭᠦᠯᠬᠦ ᠶᠢ ᠠᠬᠢᠭᠤᠯᠤᠨ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠲᠡᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠨᠤᠲᠤᠭ ᠪᠡᠯᠴᠢᠭᠡᠷ ᠣᠶ ᠰᠢᠭᠤᠶ ᠶᠢ | ᠬᠠᠮᠠᠭᠠᠯᠠᠬᠤ ᠠᠵᠢᠯ ᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠬᠤ ᠶᠢ ᠪᠠᠷᠢᠮᠲᠠᠯᠠᠨ᠂ ᠣᠶ ᠰᠢᠭᠤᠢ ︵ᠲᠠᠯ᠎ᠠ | ᠨᠤᠲᠤᠭ︶ ᠶᠢᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠲᠠᠯ᠎ᠠ ᠨᠤᠲᠤᠭ ᠤᠨ ᠠᠮᠢ ᠠᠬᠤᠶ ᠶᠢᠨ | ᠬᠠᠮᠠᠭᠠᠯᠠᠯᠲᠠ ᠶᠢᠨ ᠱᠠᠩᠨᠠᠯ ᠨᠥᠬᠦᠪᠦᠷᠢ ᠶᠢᠨ ᠲᠥᠷᠥ ᠶᠢᠨ ᠪᠣᠳᠣᠯᠭ᠎ᠠ ᠪᠣᠯᠤᠨ ᠮᠠᠯ ᠪᠡᠯᠴᠢᠭᠡᠷ ᠤᠨ ᠲᠡᠩᠴᠡᠭᠦᠷᠢ ᠶᠢᠨ | ᠳᠥᠷᠢᠮ᠂ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠵᠡᠷᠭᠡ ᠳᠦᠷᠢᠮ ᠢ ᠴᠢᠩᠭ᠎ᠠ ᠬᠡᠷᠡᠭᠵᠢᠭᠦᠯᠦᠨ᠂ | ᠲᠠᠯ᠎ᠠ ᠨᠤᠲᠤᠭ ᠦᠢᠲᠤ ᠤᠷᠤᠨ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠤᠯᠤᠰ ᠤᠨ ᠥᠮᠴᠢᠯᠡᠯᠲᠤ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ | ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠤᠨ᠎ᠠ᠃ ᠭᠤᠣᠯ ᠮᠥᠷᠡᠨ ︵ᠨᠠᠭᠤᠷ ᠴᠦᠬᠦᠷᠦᠮ︶ ᠤ ᠳᠠᠷᠤᠭ᠎ᠠ ᠶᠢᠨ | ᠲᠦᠷᠢᠮ ᠢ ᠴᠢᠩᠭᠠᠳᠬᠠᠵᠤ᠂ ᠭᠤᠣᠯ ᠮᠥᠷᠡᠨ ᠨᠠᠭᠤᠷ ᠴᠦᠬᠦᠷᠦᠮ᠂ ᠨᠤᠭᠤ ᠭᠠᠵᠠᠷ᠂ ᠤᠰᠤᠨ ᠴᠣᠭᠴᠠ᠂ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠰᠢᠰᠲ᠋ᠧᠮ ᠲᠠᠢ ᠠᠬᠢᠭᠤᠯᠵᠤ᠂ ᠤᠰᠤᠨ ᠤ ᠠᠮᠢ ᠠᠬᠤᠢ | ᠶᠢ ᠰᠡᠷᠭᠦᠭᠡᠬᠦ᠂ ᠤᠰᠤᠨ ᠤ ᠣᠷᠴᠢᠨ ᠲᠣᠭᠤᠷᠢᠨ ᠢ ᠵᠠᠰᠠᠬᠤ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ | ᠤ ᠠᠮᠤᠷ ᠲᠦᠪᠰᠢᠨ ᠢ ᠪᠠᠲᠤᠯᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃ ᠲᠠᠯ᠎ᠠ ᠨᠤᠲᠤᠭ | ᠤᠨ ᠡᠯᠡᠰᠦᠷᠬᠡᠭᠵᠢᠯ ᠴᠥᠯᠡᠷᠬᠡᠭᠵᠢᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠦᠵᠦᠮᠦᠴᠢᠨ ᠤ | ᠡᠯᠡᠰᠦᠷᠬᠡᠭ ᠭᠠᠵᠠᠷ ᠤᠨ ᠡᠬᠢ ᠪᠠᠶᠠᠯᠢᠭ ᠢ ᠵᠠᠰᠠᠵᠤ ᠠᠰᠢᠭᠯᠠᠬᠤ ᠶᠢ ᠦᠷᠭᠦᠯᠵᠢᠯᠡᠨ ᠠᠬᠢᠭᠤᠯᠤᠨ᠎ᠠ᠃ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠭᠤᠷᠬᠠᠶ ᠶᠢᠨ ᠣᠷᠣᠨ ᠤ ᠠᠮᠢ ᠠᠬᠤᠶ ᠶᠢ | ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ | ᠰᠢᠪᠲᠤᠯᠬᠤ ᠶᠢ ᠭᠦᠨᠵᠡᠭᠡᠢ ᠠᠬᠢᠭᠤᠯᠤᠨ᠎ᠠ᠃ ᠨᠠᠷᠢᠯᠢᠭ ᠣᠨᠣᠪᠴᠢᠲᠠᠢ ᠪᠠᠷ ᠪᠣᠬᠢᠷᠲᠤᠯ ᠢ ᠵᠠᠰᠠᠬᠤ᠂ ᠬᠠᠤᠯᠢ | ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠨᠠᠩ ᠥᠨᠳᠥᠷ ᠪᠠᠷᠢᠮᠵᠢᠶ᠎ᠠ ᠪᠠᠷ ᠴᠡᠯᠮᠡᠭ ᠣᠭᠲᠠᠷᠭᠤᠶ᠂ ᠴᠡᠩᠭᠡᠭ | ᠤᠰᠤ᠂ ᠥᠩ ᠰᠢᠮᠡᠯᠢᠭ ᠬᠥᠷᠥᠰᠥ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ | ᠬᠢᠨ᠎ᠡ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠠᠵᠤ ᠦᠶᠯᠡᠳᠪᠦᠷᠢ ᠶᠢᠨ | ᠪᠣᠬᠢᠷᠲᠤᠯ ᠤᠨ ᠡᠬᠢ ᠰᠤᠷᠪᠤᠯᠵᠢ ᠶᠢ ᠭᠦᠨᠵᠡᠭᠡᠶ ᠵᠠᠰᠠᠬᠤ ᠶᠢ ᠬᠡᠷᠡᠭᠵᠢᠭᠦᠯᠦᠨ᠎ᠡ᠃ ᠠᠵᠤ ᠦᠶᠯᠡᠳᠪᠦᠷᠢ ᠶᠢᠨ | ᠬᠠᠶᠠᠭᠳᠠᠮᠠᠯ ᠤᠰᠤ᠂ ᠬᠤᠲᠠ ᠬᠥᠳᠡᠭᠡ ᠶᠢᠨ ᠪᠣᠬᠢᠷ ᠤᠰᠤᠨ ᠤ ᠵᠠᠰᠠᠯᠲᠠ ᠶᠢ ᠴᠢᠩᠭᠠᠳᠬᠠᠵᠤ᠂ ᠤᠤᠭᠤᠬᠤ ᠤᠰᠤᠨ | ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠂ ᠠᠷᠠᠳ ᠲᠦᠮᠡᠨ ᠤ ᠠᠮᠤᠷ ᠲᠦᠪᠰᠢᠨ | ᠤᠰᠤ ᠤᠮᠳᠠ ᠶᠢ ᠪᠠᠲᠤᠯᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ | ᠬᠥᠷᠥᠰᠥ ᠰᠢᠷᠣᠢ ᠶᠢᠨ ᠪᠣᠬᠢᠷᠲᠤᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠨ᠎ᠡ᠃ ᠣᠷᠴᠢᠨ | ᠲᠣᠭᠤᠷᠢᠨ ᠤ ᠰᠠᠭᠤᠷᠢ ᠪᠡᠯᠡᠳᠬᠡᠮᠵᠢ ᠶᠢᠨ ᠳᠤᠲᠠᠭᠳᠠᠯ ᠢ ᠲᠦᠷᠭᠡᠳᠬᠡᠨ ᠨᠥᠬᠦᠪᠥᠷᠢᠯᠡᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠢ ᠴᠢᠩᠭᠠᠳᠬᠠᠨ᠂ ᠬᠤᠲᠠ ᠬᠥᠳᠡᠭᠡ ᠶᠢᠨ | ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠭᠤᠷᠪᠠ ᠳᠤ᠂ ᠪᠣᠬᠢᠷᠲᠤᠯ | ᠦᠭᠡᠢ ᠲᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ᠃ ᠨᠡᠭᠦᠷᠡᠰᠦ᠂ ᠴᠠᠬᠢᠯᠭᠠᠨ ᠬᠦᠴᠦᠨ ᠵᠡᠷᠭᠡ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠪᠣᠬᠢᠷᠲᠤᠯ ᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ | ᠪᠠᠭᠠᠰᠬᠠᠬᠤ ᠡᠷᠴᠢᠮ ᠢᠶᠠᠨ ᠴᠢᠩᠭᠠᠳᠬᠠᠵᠤ᠂ ᠪᠣᠬᠢᠷᠲᠤᠯ ᠦᠭᠡᠢ ᠲᠣᠣᠷ᠎ᠠ ᠨᠡᠭᠦᠷᠡᠰᠦᠲᠥ᠋ᠷᠥᠭᠴᠢᠲᠦ ᠮᠡᠷᠭᠡᠵᠢᠯ ᠢ | ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠂ ᠠᠷᠢᠭᠤᠨ ᠴᠡᠪᠡᠷ᠂ ᠲᠣᠣᠷ᠎ᠠ ᠨᠡᠭᠦᠷᠡᠰᠦᠲᠥ᠋ᠷᠥᠭᠴᠢᠲᠦ᠂ ᠠᠮᠤᠷ | ᠲᠦᠪᠰᠢᠨ᠂ ᠥᠨᠳᠥᠷ ᠪᠦᠲᠦᠮᠵᠢᠲᠡᠢ ᠡᠨᠧᠷᠭᠢ ᠶᠢ ᠭᠠᠳᠠᠭᠰᠢᠯᠠᠭᠤᠯᠬᠤ ᠲᠤᠭᠲᠠᠴᠠ ᠶᠢ ᠪᠦᠷᠢᠯᠳᠦᠭᠦᠯᠬᠦ ᠶᠢ | ᠠᠬᠢᠭᠤᠯᠤᠨ᠎ᠠ᠃ ᠡᠨᠧᠷᠭᠢ᠂ ᠤᠰᠤᠨ ᠤ ᠡᠬᠢ ᠪᠠᠶᠠᠯᠢᠭ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ | ᠵᠡᠷᠭᠡ ᠳᠤ ᠬᠢᠵᠠᠭᠠᠷᠯᠠᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠥᠪᠵᠢᠭᠦᠯᠭᠡ ᠪᠠ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ︽ᠭᠤᠷᠪᠠᠨ ᠣᠷᠣᠨ ᠭᠤᠷᠪᠠᠨ | ᠱᠤᠭᠤᠮ︾ ᠤᠨ ᠵᠠᠷᠴᠢᠮ ᠢ ᠴᠢᠩᠭ᠎ᠠ ᠪᠠᠷᠢᠮᠲᠠᠯᠠᠨ᠎ᠠ᠃ ᠪᠣᠬᠢᠷᠲᠤᠯ ᠥᠬᠡᠶ ᠪᠣᠯᠪᠠᠰᠤᠨ ᠤ ᠣᠶᠢᠯᠠᠭᠠᠭᠳᠠᠬᠤᠨ ᠢ | ᠶᠡᠬᠡᠪᠡᠷ ᠤᠬᠠᠭᠤᠯᠵᠤ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠢ ᠰᠠᠨᠠᠭᠠᠴᠢᠯᠠᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠪᠣᠬᠢᠷᠲᠤᠯ | ᠦᠭᠡᠢ ᠬᠥᠭᠵᠢᠯᠲᠡ᠂ ᠴᠢᠨᠠᠷᠯᠢᠭ ᠬᠥᠭᠵᠢᠯᠲᠡ ᠶᠢ ᠪᠠᠷᠢᠮᠲᠠᠯᠠᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ | ᠶᠢ ᠡᠷᠡᠰ ᠭᠤᠶᠢᠪᠢᠰᠢ ᠦᠭᠡᠢ ᠠᠬᠢᠭᠤᠯᠤᠨ᠂ ᠪᠦᠬᠦ ᠬᠦᠴᠦᠨ ᠢᠶᠠᠷ ᠢᠶᠠᠨ ᠪᠦᠲᠦᠴᠡ ᠶᠢ ᠲᠤᠬᠢᠷᠠᠭᠤᠯᠵᠦ᠂ ᠴᠢᠳᠠᠮᠵᠢ | ᠶᠢ ᠬᠤᠪᠢᠷᠠᠭᠤᠯᠤᠨ᠂ ᠶᠠᠰᠤ ᠴᠢᠨᠠᠷ ᠢ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ | ᠬᠠᠮᠠᠭᠠᠯᠠᠨ᠂ ᠡᠨᠧᠷᠭᠢ ᠪᠠ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠵᠤ᠂ ᠶᠠᠰᠤ ᠴᠢᠨᠠᠷ ᠦᠷ᠎ᠡ ᠠᠰᠢᠭ ᠢ | ᠲᠣᠭᠲᠠᠭᠤᠨ ᠢᠶᠠᠷ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠪᠡᠶᠡᠯᠡᠭᠦᠯᠦᠨ᠎ᠡ᠃ ᠨᠢᠭᠡ ᠳᠤ᠂ ᠮᠠᠯ ᠠᠵᠤ ᠠᠬᠤᠢ ᠶᠢ ᠴᠢᠨᠠᠷᠯᠢᠭ ᠥᠨᠳᠥᠷ ᠦᠷ᠎ᠡ ᠠᠰᠢᠭᠲᠤ ᠬᠡᠯᠪᠡᠷᠢ | ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠳᠠᠭᠠᠵᠤ᠂ ᠮᠠᠯ ᠠᠵᠤ ᠠᠬᠤᠢ ᠶᠢᠨ ᠬᠥᠭᠵᠢᠯᠲᠡ ᠶᠢ ᠨᠠᠷᠢᠨ ᠬᠢᠨᠠᠮᠠᠭᠠᠢ | ᠲᠥᠯᠥᠪᠵᠢᠭᠦᠯᠦᠨ ᠠᠬᠢᠭᠤᠯᠵᠤ᠂ ᠤᠯᠠᠮᠵᠢᠯᠠᠯᠲᠤ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ | ᠬᠡᠯᠪᠡᠷᠢ ᠶᠢ ᠬᠤᠪᠢᠷᠠᠭᠤᠯᠤᠨ᠂ ᠮᠠᠯ ᠠᠵᠤ ᠠᠬᠤᠢ ᠶᠢᠨ ᠡᠷᠴᠢᠮᠵᠢᠭᠰᠡᠨ᠂ ᠬᠡᠪᠴᠢᠶᠡᠵᠢᠭᠰᠡᠨ ᠬᠥᠭᠵᠢᠯᠲᠡ ᠶᠢ | ᠠᠬᠢᠭᠤᠯᠵᠤ᠂ ᠲᠠᠯ᠎ᠠ ᠨᠤᠲᠤᠭ ᠤᠨ ᠪᠣᠬᠢᠷᠲᠤᠯ ᠦᠭᠡᠢ ᠥᠨᠳᠥᠷ ᠲᠡᠰ ᠤᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ | ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠪᠠ ᠪᠦᠲᠦᠴᠡ ᠶᠢ ᠰᠢᠯᠢᠳᠡᠭᠵᠢᠭᠦᠯᠦᠨ᠂ ᠮᠠᠯ ᠤᠨ ᠠᠰᠢᠭ ᠰᠢᠮ᠎ᠡ ᠶᠢᠨ | ᠪᠠᠷᠢᠮᠵᠢᠶᠠᠵᠢᠭᠰᠠᠨ ᠪᠣᠬᠢᠷᠲᠤᠯ ᠦᠭᠡᠢ ᠦᠢᠯᠡᠳᠪᠦᠷᠢᠯᠡᠯ ᠢ ᠠᠬᠢᠭᠤᠯᠵᠤ᠂ ᠴᠠᠭᠠᠨ ᠢᠳᠡᠭᠡᠨ ᠤ ᠦᠢᠯᠡᠰ ᠢ | ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠠᠬᠢᠭᠤᠯᠤᠨ᠂ ᠤᠳᠤᠬᠢᠴᠢᠯᠠᠭᠰᠠᠨ ᠮᠠᠯ ᠠᠵᠤ ᠠᠬᠤᠢ ᠶᠢ | ᠲᠦᠷᠭᠡᠳᠬᠡᠨ ᠬᠥᠭᠵᠢᠭᠦᠯᠵᠦ᠂ ᠴᠢᠨᠠᠷᠯᠢᠭ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠣᠯᠠᠨ | ᠲᠥᠷᠥᠯ ᠬᠡᠯᠪᠡᠷᠢ ᠶᠢᠨ ᠵᠣᠬᠢᠰᠲᠠᠢ ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠵᠦ᠂ ᠮᠠᠯ ᠠᠵᠤ ᠠᠬᠤᠢ ᠶᠢᠨ | ᠲᠣᠯᠣᠭᠠᠶᠢᠯᠠᠭᠴᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠠᠮᠵᠢᠨ᠎ᠠ᠃ ᠮᠠᠯᠴᠢᠳ ᠤᠨ ᠵᠣᠬᠢᠶᠠᠨ | ᠪᠠᠶᠢᠭᠤᠯᠤᠯᠳᠠ ᠶᠢᠨ ᠲᠥᠪᠰᠢᠨ ᠢ ᠳᠡᠭᠡᠭᠰᠢᠯᠡᠭᠦᠯᠵᠦ᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ | ᠲᠡᠭᠦᠯᠳᠡᠷᠵᠢᠭᠦᠯᠦᠨ᠂ ᠨᠠᠩ ᠣᠯᠠᠨ ᠲᠤᠰᠬᠠᠶᠢᠵᠢᠭᠰᠠᠨ ᠬᠡᠪᠴᠢᠶᠡᠵᠢᠭᠰᠡᠨ ᠠᠵᠤ ᠦᠢᠯᠡᠰ ᠤᠨ ᠬᠠᠮᠳᠤᠷᠠᠯ ᠢ | ᠪᠠᠶᠢᠭᠤᠯᠤᠨ᠎ᠠ᠃ ᠮᠠᠯᠵᠢᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠳᠠᠭᠠᠯᠲᠠ | ᠪᠦᠲᠦᠭᠡᠭᠳᠡᠬᠦᠨ ᠢ ᠡᠳ᠋ᠰᠢᠭᠦᠯᠦᠨ ᠠᠰᠢᠭᠯᠠᠬᠤ ᠶᠢ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶᠡᠰᠦ ᠶᠢ | ᠤᠷᠲᠤᠳᠬᠠᠨ᠂ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠶᠠᠷ ᠲᠤ᠂ ᠠᠵᠤ ᠦᠶᠯᠡᠳᠪᠦᠷᠢ ᠶᠢᠨ ᠪᠣᠬᠢᠷᠲᠤᠯ ᠥᠬᠡᠶ | ᠂ ᠳᠤᠤᠷ᠎ᠠ ᠨᠡᠭᠦᠷᠡᠰᠦᠲᠥ᠋ᠷᠥᠭᠴᠢᠳᠦ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ | ᠨᠡᠭᠦᠷᠡᠰᠦ ᠶᠢ ᠴᠡᠪᠡᠷᠰᠢᠭᠦᠯᠦᠨ ᠠᠰᠢᠭᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠭᠦᠷᠡᠰᠦ ᠴᠠᠬᠢᠯᠭᠠᠨ ᠤ | ᠲᠥᠷᠥᠯ ᠵᠦᠶᠯ ᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠤᠨ᠂ ᠨᠡᠭᠦᠷᠡᠰᠦ ᠠᠰᠢᠭᠯᠠᠬᠤ ᠦᠷ᠎ᠡ ᠪᠦᠲᠦᠮᠵᠢ | ᠶᠢ ᠳᠡᠭᠡᠭᠰᠢᠯᠡᠭᠦᠯᠵᠦ᠂ ᠨᠡᠭᠦᠷᠡᠰᠦ ᠶᠢ ᠲᠤᠬᠠᠶ ᠶᠢᠨ ᠭᠠᠵᠠᠷ ᠲᠤᠨᠢ ᠤᠯᠠᠷᠢᠭᠤᠯᠬᠤ ᠨᠣᠷᠮ᠎ᠠ ᠶᠢ ᠳᠡᠭᠡᠭᠰᠢᠯᠡᠭᠦᠯᠦᠨ᠂ | ᠤᠯᠤᠰ ᠤᠨ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠱᠠᠲᠤᠨ ᠤ ᠨᠡᠭᠦᠷᠡᠰᠦ ᠴᠠᠬᠢᠯᠭᠠᠨ ᠬᠠᠶᠢᠯᠤᠭᠤᠯᠤᠨ ᠪᠣᠯᠪᠠᠰᠤᠷᠠᠭᠤᠯᠬᠤ᠂ ᠪᠤᠬᠢᠷᠳᠤᠯ ᠦᠭᠡᠢ | ᠦᠢᠯᠡᠳᠪᠦᠷᠢᠯᠡᠬᠦ᠂ ᠣᠷᠴᠢᠯᠳᠤᠭᠤᠯᠤᠨ ᠠᠰᠢᠭᠯᠠᠬᠤ ᠰᠠᠭᠤᠷᠢᠨ ᠭᠠᠵᠠᠷ ᠢ ᠪᠠᠶᠢᠭᠤᠯᠬᠤ ᠬᠠᠷᠠᠯᠲᠠ ᠶᠢᠨ | ᠳᠤᠭᠤᠷᠢᠨ ᠳᠤ᠂ ᠨᠡᠭᠦᠷᠡᠰᠦᠨ ᠤ ᠪᠤᠰᠤ ᠠᠵᠤ ᠦᠢᠯᠡᠰ ᠢ ᠢᠳᠡᠪᠬᠢᠲᠡᠢ ᠪᠠᠷ ᠬᠥᠭᠵᠢᠭᠦᠯᠵᠦ᠂ ᠨᠡᠭᠦᠷᠡᠰᠦᠨ ᠤ ᠠᠵᠤ | ᠦᠢᠯᠡᠰ ᠪᠣᠯᠤᠨ ᠨᠡᠭᠦᠷᠡᠰᠦᠨ ᠤ ᠪᠤᠰᠤ ᠠᠵᠤ ᠦᠢᠯᠡᠰ ᠤᠨ ᠡᠵᠡᠯᠡᠬᠦ ᠬᠠᠷᠢᠴᠠᠯ ᠨᠢ ᠵᠦᠢ ᠵᠣᠬᠢᠰᠲᠠᠢ᠂ ᠤᠷᠭᠠᠨᠢᠭ | ᠠᠪᠴᠢᠯᠳᠤᠭᠰᠠᠨ ᠠᠵᠤ ᠦᠢᠯᠡᠰ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠤᠢ ᠪᠣᠯᠭᠠᠨ᠎ᠠ᠃ ᠥᠩᠭᠡᠲᠦ ᠲᠡᠮᠦᠷᠯᠢᠭ | ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠯᠲᠡ᠂ ᠵᠢᠷᠤᠮᠵᠢᠭᠤᠨ ᠬᠠᠮᠢᠶᠠᠷᠤᠯᠲᠠ ᠶᠢ ᠲᠦᠯᠬᠢᠨ | ᠠᠬᠢᠭᠤᠯᠵᠤ᠂ ᠨᠤᠨᠲᠠᠭ ᠨᠡᠭᠦᠷᠡᠰᠦᠨ ᠤ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ᠂ ᠦᠯᠡᠳᠡᠭᠳᠡᠯ ᠬᠦᠳᠡᠷ | ᠤᠨ ᠰᠢᠭᠠᠷᠤ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠳᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠲᠦᠯᠬᠢᠨ ᠠᠬᠢᠭᠤᠯᠤᠨ᠎ᠠ᠃ ᠭᠤᠷᠪᠠ ᠳᠤ᠂ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ | ᠶᠡᠬᠡᠪᠡᠷ ᠬᠥᠭᠵᠢᠭᠦᠯᠦᠨ᠎ᠡ᠃ ᠦᠶᠯᠡᠴᠢᠯᠡᠭᠡᠨ ᠤ ᠦᠶᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ | ᠨᠠᠶᠢᠳᠠᠪᠤᠷᠢᠵᠢᠭᠤᠯᠵᠤ᠂ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠲᠤᠰᠬᠠᠶᠢᠵᠢᠭᠤᠯᠤᠯᠲᠠ ᠶᠢ | ᠤᠷᠲᠤᠳᠬᠠᠨ᠂ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ ᠴᠢᠨᠠᠷᠯᠢᠭ ᠢᠶᠠᠷ ᠲᠠᠰ ᠳᠡᠪᠰᠢᠭᠦᠯᠬᠦ ᠠᠵᠢᠯ | ᠢ ᠠᠬᠢᠭᠤᠯᠤᠨ᠎ᠠ᠃ ᠠᠵᠤ ᠦᠶᠯᠡᠳᠪᠦᠷᠢ ᠶᠢᠨ ᠳᠤᠭᠤᠷᠢᠭ ᠤᠨ ᠡᠷᠬᠢᠯᠳᠠᠳᠤ ᠥᠭᠡᠷᠡᠴᠢᠯᠡᠯᠲᠡ ᠶᠢ ᠠᠬᠢᠭᠤᠯᠵᠤ᠂ | ᠠᠵᠤ ᠦᠶᠯᠡᠰ ᠤᠨ ᠲᠥᠪᠯᠡᠷᠡᠩᠭᠦᠢ ᠪᠠᠷ ᠡᠷᠴᠢᠮᠵᠢᠨ ᠬᠥᠭᠵᠢᠬᠦ ᠴᠢᠳᠠᠪᠤᠷᠢ ᠶᠢ ᠴᠢᠩᠭᠠᠳᠬᠠᠨ᠂ ᠪᠣᠬᠢᠷᠲᠤᠯ ᠥᠬᠡᠶ | ᠳᠣᠤᠷ᠎ᠠ ᠨᠡᠭᠦᠷᠡᠰᠦᠲᠥ᠋ᠷᠥᠭᠴᠢᠲᠦ ᠡᠷᠬᠢᠯᠳᠠᠳᠤ ᠠᠵᠤ ᠦᠶᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠣᠷᠣᠨ ᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠵᠢᠭᠤᠯᠴᠢᠯᠠᠯ ᠤᠨ ᠳᠦᠬᠦᠭᠡᠷᠦᠮᠵᠢ ᠶᠢ | ᠲᠦᠷᠭᠡᠳᠬᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ᠂ | ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠵᠦ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ | ᠠᠬᠢᠭᠤᠯᠤᠨ᠎ᠠ᠃ ᠬᠡᠷᠡᠭᠯᠡᠭᠡ ᠶᠢᠨ ᠲᠠᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ ᠬᠤᠲᠠ ᠬᠥᠳᠡᠭᠡ ᠶᠢᠨ | ᠠᠭᠤᠰᠤᠯᠴᠠᠭᠰᠠᠨ ᠬᠡᠷᠡᠭᠯᠡᠭᠡ ᠶᠢᠨ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠠᠷᠠᠯᠵᠢᠶ᠎ᠠ ᠬᠤᠳᠠᠯᠳᠤᠭ᠎ᠠ | ᠭᠦᠶᠯᠭᠡᠭᠡᠨ ᠤ ᠦᠶᠯᠡᠰ ᠤᠨ ᠵᠣᠬᠢᠴᠠᠯᠳᠤᠨ ᠬᠥᠭᠵᠢᠬᠦ ᠶᠢ ᠠᠬᠢᠭᠤᠯᠤᠨ᠂ ᠤᠯᠠᠮᠵᠢᠯᠠᠯᠲᠤ ᠬᠡᠷᠡᠭᠯᠡᠭᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ᠂ ᠪᠠᠭᠲᠠᠭᠠᠮᠵᠢ ᠶᠢ ᠥᠷᠭᠡᠳᠬᠡᠨ᠂ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠲᠦᠷᠭᠡᠨ | ᠪᠣᠶᠢᠵᠢᠯᠲᠠ ᠶᠢ ᠠᠬᠢᠭᠤᠯᠵᠤ᠂ ᠬᠡᠷᠡᠭᠯᠡᠭᠡ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠤᠨ᠎ᠠ᠃ | ︵ᠭᠤᠷᠪᠠ︶ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠤᠯᠭᠠᠨ᠎ᠠ᠃ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠵᠣᠬᠢᠰᠲᠠᠶ ᠤᠷᠢᠳᠴᠢᠯᠠᠭᠤᠯᠬᠤ ᠵᠠᠷᠴᠢᠮ ᠶᠣᠰᠣᠭᠠᠷ᠂ ᠨᠢᠭᠡ ᠪᠦᠯᠦᠭ | ᠰᠠᠭᠤᠷᠢ ᠶᠢ ᠪᠠᠬᠢᠵᠢᠭᠦᠯᠬᠦ᠂ ᠴᠢᠳᠠᠮᠵᠢ ᠶᠢ ᠨᠡᠮᠡᠭᠳᠡᠭᠦᠯᠬᠦ᠂ ᠠᠯᠤᠰ ᠬᠡᠲᠦ ᠶᠢᠨ ᠠᠴᠢ ᠬᠤᠯᠪᠤᠭᠳᠠᠯ ᠲᠠᠢ ᠴᠢᠬᠤᠯᠠ | ᠶᠡᠭᠡ ᠲᠥᠷᠥᠯ ᠵᠦᠶᠯ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠬᠥᠲᠥᠯᠥᠨ | ᠵᠢᠯᠣᠭᠤᠳᠬᠤ ᠪᠠ ᠬᠥᠰᠢᠭᠦᠷᠭᠡ ᠶᠢᠨ ᠦᠶᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠷᠠᠳ ᠤᠨ ᠪᠠᠯᠠ | ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠶᠴᠡᠳ ᠬᠥᠭᠵᠢᠭᠡᠨ᠂ ︽ᠬᠤᠶᠠᠷ ᠰᠢᠨ᠎ᠡ ᠨᠢᠭᠡ ᠴᠢᠬᠤᠯᠠ︾ | ᠪᠠ ᠪᠡᠯᠡ ᠤᠷᠤᠭᠤᠯᠤᠯᠳᠠ ᠪᠠᠭᠤᠷᠠᠢ ᠬᠦᠷᠢᠶᠡᠨ ᠤ ᠳᠤᠭᠤᠷᠢᠨ ᠳᠤ ᠪᠦᠲᠦᠮᠵᠢᠲᠡᠶ ᠪᠠᠯᠠ ᠣᠷᠣᠭᠤᠯᠤᠯᠲᠠ ᠶᠢ | ᠨᠡᠮᠡᠭᠳᠡᠬᠦᠯᠦᠨ᠂ ᠬᠤᠲᠠ ᠬᠥᠳᠡᠭᠡ ᠶᠢᠨ ᠣᠳᠣᠬᠢᠴᠢᠯᠠᠭᠰᠠᠨ ᠰᠠᠭᠤᠷᠢ ᠪᠡᠯᠡᠳᠬᠡᠮᠵᠢ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠪᠠᠲᠤ ᠪᠠᠬᠢ ᠪᠤᠶ | ᠪᠣᠯᠭᠠᠵᠤ᠂ ᠤᠯᠤᠰ ᠤᠨ ᠲᠡᠰ ᠤᠨ ᠴᠡᠴᠡᠷᠯᠢᠭᠵᠢᠭᠰᠡᠨ ᠬᠤᠲᠠ᠂ ᠤᠯᠤᠰ ᠤᠨ ᠲᠡᠰ ᠤᠨ ᠪᠤᠯᠪᠠᠰᠤᠨ ᠬᠤᠰᠢᠭᠤ | ᠰᠢᠶᠠᠨ ᠬᠤᠲᠠ ᠶᠢ ᠡᠭᠦᠳᠦᠨ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ ᠬᠤᠲᠠ ᠪᠠᠯᠭᠠᠰᠤᠨ ᠤ | ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠴᠢᠨᠠᠷᠯᠢᠭ ᠠᠬᠢᠭᠤᠯᠵᠤ᠂ ︽ᠨᠢᠭᠡ | ᠭᠤᠣᠯᠳᠠᠯᠭ᠎ᠠ ᠬᠤᠶᠠᠷ ᠴᠡᠭ᠂ ᠬᠤᠤᠰ ᠲᠡᠩᠭᠡᠯᠢᠭ ᠢᠶᠠᠷ ᠲᠤᠯᠭᠠᠭᠤᠷᠢᠯᠠᠭᠰᠠᠨ᠂ ᠴᠡᠭ ᠬᠡᠯᠪᠡᠷᠢ ᠪᠠᠷ ᠨᠡᠭᠡᠭᠡᠨ | ᠬᠥᠭᠵᠢᠭᠦᠯᠦᠭᠰᠡᠨ᠂ ᠠᠵᠤ ᠦᠶᠯᠡᠰ ᠨᠢ ᠬᠠᠮᠲᠤᠷᠠᠭᠰᠠᠨ︾ ᠬᠤᠲᠠ ᠪᠠᠯᠭᠠᠰᠤᠨ ᠤ ᠣᠷᠣᠨ ᠵᠠᠶ ᠶᠢᠨ ᠪᠠᠶᠢᠷᠢᠰᠢᠯ ᠢ | ᠲᠦᠷᠭᠡᠳᠬᠡᠨ ᠪᠦᠷᠢᠯᠳᠦᠭᠦᠯᠦᠨ᠎ᠡ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠠᠵᠢᠯᠯᠠᠵᠤ | ᠠᠮᠢᠳᠤᠷᠠᠬᠤ ᠳᠤ ᠲᠠᠭᠠᠲᠠᠢ ᠪᠠᠶᠢᠬᠤ ᠴᠢᠳᠠᠮᠵᠢ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠤᠯᠠᠨ ᠨᠡᠶᠢᠲᠡ | ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠳᠠ | ᠪᠠᠯᠭᠠᠰᠤᠵᠢᠯᠳᠠ ᠶᠢᠨ ᠨᠤᠷᠮ᠎ᠠ᠂ ᠬᠤᠳᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ 2025 ᠣᠨ ᠪᠣᠯᠬᠤ ᠳᠤ ᠬᠤᠳᠠ ᠪᠠᠯᠭᠠᠰᠤᠨ ᠤ ᠳᠦᠪᠯᠡᠷᠡᠬᠦᠯᠦᠨ | ᠤᠰᠤ ᠬᠠᠩᠭᠠᠬᠤ ᠲᠦᠭᠡᠮᠡᠯᠵᠢᠯ ᠤᠨ ᠨᠤᠷᠮ᠎ᠠ᠂ ᠪᠣᠬᠢᠷ ᠤᠰᠤ ᠰᠢᠢᠳᠪᠦᠷᠢᠯᠡᠬᠦ ᠨᠤᠷᠮ᠎ᠠ᠂ ᠠᠮᠢᠳᠤᠷᠠᠯ ᠤᠨ ᠬᠤᠭ | ᠨᠣᠪᠰᠢ ᠶᠢ ᠪᠤᠬᠢᠷᠳᠤᠯ ᠦᠭᠡᠢ ᠰᠢᠢᠳᠪᠦᠷᠢᠯᠡᠬᠦ ᠨᠤᠷᠮ᠎ᠠ ᠶᠢ ᠴᠥᠮ 100% ᠳᠤ ᠬᠦᠷᠭᠡᠨ᠎ᠡ᠃ ᠬᠥᠳᠡᠭᠡ ᠲᠣᠰᠬᠤᠨ | ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠮᠠᠯᠵᠢᠬᠤ ᠣᠷᠣᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠮᠠᠯᠵᠢᠬᠤ ᠣᠷᠣᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ | ᠪᠠᠶᠢᠭᠤᠯᠤᠯᠲᠠ ᠵᠡᠷᠭᠡ ᠶᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ᠥᠷᠭᠡᠨ ᠣᠯᠠᠨ | ᠮᠠᠯᠴᠢᠳ ᠲᠤ ᠵᠣᠯ ᠵᠢᠷᠭᠠᠯᠲᠤ ᠰᠠᠶᠢᠨ ᠰᠠᠶᠢᠬᠠᠨ ᠭᠡᠷ ᠣᠷᠣᠨ ᠢ ᠴᠣᠭᠴᠠᠯᠠᠨ᠎ᠠ᠃ ᠶᠠᠳᠠᠭᠤ ᠠᠴᠠ ᠠᠩᠭᠢᠵᠢᠷᠠᠭᠤᠯᠵᠦ | ᠪᠤᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠪᠠᠶᠢᠴᠠᠭᠠᠯᠲᠠ ᠪᠠ ᠣᠨᠣᠪᠴᠢᠲᠠᠶ ᠪᠠᠷ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠂ | ᠮᠠᠯᠵᠢᠬᠤ ᠣᠷᠣᠨ ᠤ ᠳᠤᠤᠷ᠎ᠠ ᠤᠷᠤᠯᠭ᠎ᠠ ᠲᠠᠢ ᠬᠥᠮᠦᠨ ᠠᠮᠠ ᠶᠢ ᠬᠠᠪᠰᠤᠷᠤᠨ ᠲᠡᠳᠬᠦᠬᠦ ᠲᠣᠭᠲᠠᠴᠠ ᠶᠢ | ᠪᠠᠶᠢᠭᠤᠯᠤᠨ᠎ᠠ᠃ | ︵ᠳᠥᠷᠪᠡ︶ ᠭᠤᠤᠯᠳᠠᠯᠭ᠎ᠠ ᠲᠠᠢ ᠬᠦᠷᠢᠶᠡᠨ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠭᠦᠨᠵᠡᠭᠡᠶᠢᠷᠡᠭᠦᠯᠦᠨ᠎ᠡ᠃ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠪᠠᠷ | ᠬᠠᠷᠠᠯᠲᠠ ᠪᠤᠯᠭᠠᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠳᠬᠡᠨ ᠬᠤᠪᠢᠷᠠᠭᠤᠯᠵᠤ᠂ ︽ | ᠲᠠᠯᠪᠢᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ︽ᠳᠥᠷᠪᠡᠨ ᠵᠦᠢᠯ ᠢᠶᠠᠷ | ᠭᠦᠢᠴᠡᠳᠬᠡᠬᠦ︾ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠣᠭᠲᠠᠭᠤᠨ᠂ ᠡᠷᠬᠡ ᠲᠡᠭᠰᠢ᠂ ᠢᠯᠡ | ᠲᠣᠳᠣ᠂ ᠵᠢᠱᠢᠵᠦ ᠪᠣᠯᠬᠤᠶᠢᠴᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ ᠵᠠᠬ᠎ᠠ ᠳᠡᠯᠭᠡᠭᠦᠷ | ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠤᠨ ᠰᠠᠭᠠᠳ ᠦᠭᠡᠢ ᠨᠡᠪᠲᠡᠷᠡᠬᠦ᠂ ᠨᠡᠭᠡᠭᠡᠯᠳᠡ ᠨᠢ ᠡᠮᠬᠢ ᠵᠢᠷᠤᠮ ᠲᠠᠢ᠂ ᠥᠷᠢᠰᠥᠯᠳᠦᠭᠡᠨ | ᠭᠦᠢᠴᠡᠳ᠂ ᠵᠢᠷᠤᠮᠵᠢᠯ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠪᠣᠯᠤᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠶᠯ ᠤᠨ | ᠬᠦᠴᠦᠨ ᠵᠦᠢᠯ ᠢ ᠠᠷᠢᠯᠭᠠᠨ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠴᠢᠬᠡᠴᠢ ᠳᠣᠲᠣᠨᠣ ᠬᠠᠷᠢᠴᠠᠭ᠎ᠠ ᠶᠢ | ᠪᠠᠶᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯᠲᠠᠳ ᠲᠠᠢ ᠶᠠᠪᠤᠯᠴᠠᠵᠤ᠂ ᠶᠠᠳᠠᠭᠤ ᠬᠦᠴᠢᠷᠳᠡᠯᠲᠡᠢ | ᠤᠯᠠᠨ ᠲᠦᠮᠡᠨ ᠢ ᠬᠠᠯᠠᠮᠵᠢᠯᠠᠳᠠᠭ ᠠᠳᠠᠯᠢ ᠪᠠᠷ ᠠᠵᠤ ᠠᠬᠤᠶᠢᠯᠠᠯ ᠢ ᠬᠠᠯᠠᠮᠵᠢᠯᠠᠵᠤ᠂ ᠰᠢᠯᠢᠳᠡᠭ ᠦᠢᠯᠡᠴᠢᠯᠡᠭᠡ | ᠬᠦᠷᠲᠡᠭᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠮᠥᠩᠭᠦᠨ | ᠭᠦᠢᠯᠭᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠶᠢ ᠡᠭᠦᠳᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠦᠲᠦᠮᠵᠢᠲᠠᠢ | ᠠᠰᠢᠭᠯᠠᠬᠤ ᠶᠢ ᠠᠬᠢᠭᠤᠯᠤᠨ᠂ | ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠤᠨᠴᠠᠭᠠᠢ᠂ ᠰᠢᠨ᠎ᠡ ᠶᠢ ᠡᠭᠦᠳᠦᠭᠰᠡᠨ︾ ᠠᠵᠤ ᠠᠬᠤᠶᠢᠯᠠᠯ ᠢ | ᠢᠳᠡᠪᠬᠢᠲᠡᠢ ᠪᠣᠶᠢᠵᠢᠭᠤᠯᠤᠨ᠎ᠠ᠃ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ | ᠲᠡᠷᠢᠭᠦᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠠᠵᠢᠯ ᠢ ᠪᠦᠲᠦᠭᠡᠯᠴᠢ ᠪᠠᠷ ᠥᠷᠨᠢᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠨᠡᠩ | ᠰᠠᠶᠢᠲᠤᠷ ᠦᠢᠯᠡᠴᠢᠯᠡᠨ ᠠᠭᠤᠰᠤᠯᠴᠠᠨ᠎ᠠ᠃ | ︵ᠲᠠᠪᠤ︶ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠴᠢᠩᠭ᠎ᠠ | ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ | ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠤᠬᠠᠭᠤᠯᠭ᠎ᠠ ᠬᠥᠮᠦᠵᠢᠯ ᠤᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠡᠯ᠎ᠡ ᠦᠨᠳᠦᠰᠦᠲᠡᠨ ᠤ | ᠤᠯᠠᠨ ᠲᠦᠮᠡᠨ ᠤ ᠵᠥᠪ ᠤᠯᠤᠰ ᠭᠡᠷ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ | ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠬᠤ ᠶᠢ ᠠᠬᠢᠭᠤᠯᠤᠨ᠎ᠠ᠃ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ | ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ | ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠡᠭᠯᠡᠯᠲᠡ ᠶᠢ | ᠬᠦᠨᠳᠦᠳᠬᠡᠨ ᠪᠠᠲᠤᠯᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠶ ᠪᠦᠭᠡᠳ ᠳᠠᠭᠠᠭᠠᠮᠠᠭᠠᠶ ᠥᠷᠨᠢᠭᠦᠯᠵᠦ᠂ ᠡᠯ᠎ᠡ ᠦᠨᠳᠦᠰᠦᠲᠡᠨ ᠤ ᠥᠷᠭᠡᠨ ᠳᠡᠯᠭᠡᠷ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ | ᠶᠣᠰᠣᠭᠠᠷ ᠵᠠᠰᠠᠬᠤ ᠶᠢ ᠪᠠᠷᠢᠮᠲᠠᠯᠠᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ | ᠢ ᠬᠠᠤᠯᠢ ᠶᠣᠰᠣᠭᠠᠷ ᠪᠠᠲᠤᠯᠠᠨ᠂ ᠦᠨᠳᠦᠰᠦᠲᠡᠨ ᠤ ᠠᠰᠠᠭᠤᠳᠠᠯ ᠳᠤ ᠬᠤᠯᠪᠣᠭᠳᠠᠭᠰᠠᠨ ᠬᠡᠷᠡᠭ ᠶᠠᠪᠤᠳᠠᠯ ᠢ ᠲᠣᠬᠢᠲᠠᠶ | ᠰᠢᠶᠳᠪᠦᠷᠢᠯᠡᠵᠦ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ | ᠣᠳᠣᠬᠢᠴᠢᠯᠠᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠰᠣᠶᠣᠯ ᠤᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠎ᠠ᠃ ᠦᠵᠡᠯ ᠤᠬᠠᠮᠰᠠᠷ ᠤᠨ ᠬᠡᠯᠪᠡᠷᠢ | ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠰᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ | ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ | ᠢᠳᠡᠪᠬᠢᠲᠡᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠡᠬᠡ ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ | ᠵᠢᠷᠤᠮ ᠤᠨ ᠦᠵᠡᠯ ᠢ ᠴᠢᠩᠭᠠᠳᠬᠠᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠣᠶᠣᠯ | ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠲᠦᠯᠬᠢᠨ ᠠᠬᠢᠭᠤᠯᠵᠤ᠂ ᠤᠯᠠᠭᠠᠨᠮᠥ᠋ᠴᠢᠷ ᠤᠨ | ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠪᠦᠬᠦ ᠬᠤᠰᠢᠭᠤᠨ ᠤ ᠠᠷᠠᠳ ᠲᠦᠮᠡᠨ ᠤ ᠣᠶᠤᠨ ᠰᠠᠨᠠᠭᠠᠨ ᠤ ᠠᠮᠢᠳᠤᠷᠠᠯ ᠢ | ᠬᠠᠮᠲᠤᠪᠠᠷ ᠴᠢᠨᠡᠭᠡᠯᠢᠭᠵᠢᠭᠦᠯᠬᠦ ᠶᠢ ᠠᠬᠢᠭᠤᠯᠤᠨ᠎ᠠ᠃ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠣᠶᠣᠯ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠨ᠂ ᠴᠢᠨᠠᠷᠯᠢᠭ ᠰᠣᠶᠣᠯ | ᠤᠨ ᠪᠦᠲᠦᠭᠡᠭᠳᠡᠬᠦᠨ ᠤ ᠬᠠᠩᠭᠠᠯᠭ᠎ᠠ ᠶᠢ ᠥᠷᠭᠡᠳᠬᠡᠨ᠎ᠡ᠃ | ︵ᠳᠣᠯᠤᠭ᠎ᠠ︶ ᠠᠷᠠᠳ ᠤᠨ ᠠᠮᠢᠳᠤᠷᠠᠯ ᠢ ᠨᠡᠩ ᠵᠤᠯ ᠵᠢᠷᠭᠠᠯ ᠲᠠᠢ ᠪᠣᠯᠭᠠᠨ᠎ᠠ᠃ ᠠᠷᠠᠳ ᠲᠦᠮᠡᠨ ᠢ | ᠳᠡᠭᠡᠳᠦᠯᠡᠬᠦ ᠶᠢ ᠪᠠᠷᠢᠮᠲᠠᠯᠠᠨ᠂ ᠵᠠᠰᠠᠭ ᠤᠨ ᠣᠷᠳᠣᠨ ᠤ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ | ᠬᠦᠴᠦᠯᠡᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠨᠠᠷᠢᠯᠢᠭᠵᠢᠭᠰᠠᠨ ᠳᠦᠪᠰᠢᠨ᠂ | ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢ ᠶᠢᠨ ᠳᠦᠪᠰᠢᠨ᠂ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ ᠨᠢᠭᠡ ᠳᠤ᠂ | ᠠᠵᠢᠯ ᠣᠯᠭᠤᠯᠲᠠ ᠶᠢ ᠳᠡᠭᠡᠭᠰᠢᠯᠡᠬᠦᠯᠵᠦ᠂ ᠣᠷᠣᠯᠭ᠎ᠠ ᠶᠢ ᠨᠡᠮᠡᠭᠳᠡᠭᠦᠯᠦᠨ᠎ᠡ᠃ ᠬᠥᠳᠡᠯᠮᠦᠷᠢᠴᠢᠳ ᠤᠨ ᠪᠡᠶ᠎ᠡ ᠪᠠᠨ | ᠳᠠᠭᠠᠭᠠᠵᠤ ᠠᠵᠢᠯ ᠤᠯᠬᠤ᠂ ᠵᠠᠬ᠎ᠠ ᠳᠡᠯᠭᠡᠭᠦᠷ ᠢᠶᠠᠷ ᠲᠤᠬᠢᠷᠠᠭᠤᠯᠵᠤ ᠠᠵᠢᠯ ᠤᠯᠬᠤ᠂ ᠵᠠᠰᠠᠭ ᠤᠨ ᠣᠷᠳᠣᠨ ᠠᠴᠠ | ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠪᠠ ᠠᠵᠢᠯ ᠣᠯᠭᠤᠯᠲᠠ ᠶᠢ ᠠᠬᠢᠭᠤᠯᠬᠤ ᠶᠢ ᠬᠠᠷᠢᠯᠴᠠᠨ | ᠨᠢᠭᠡᠳᠦᠭᠦᠯᠬᠦ ᠶᠢ ᠲᠦᠯᠬᠢᠨ ᠠᠬᠢᠭᠤᠯᠵᠤ᠂ ᠪᠣᠯᠪᠠᠰᠤᠷᠠᠯ ᠤᠨ ᠦᠢᠯᠡᠴᠢᠯᠡᠭᠡ ᠶᠢ ᠴᠢᠩᠭᠠᠳᠬᠠᠨ᠂ ᠡᠷᠬᠡ ᠠᠰᠢᠭ ᠤᠨ | ᠪᠠᠲᠤᠯᠠᠭ᠎ᠠ ᠶᠢ ᠴᠢᠬᠤᠯᠠᠴᠢᠯᠠᠵᠤ᠂ ᠨᠡᠩ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ | ᠃ ᠠᠳᠠᠯ ᠦᠶᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ᠂ ᠣᠯᠠᠨ ᠠᠷᠭ᠎ᠠ ᠵᠠᠮ | ᠢᠶᠠᠷ ᠠᠮᠢᠳᠤᠯᠢᠭ ᠢᠶᠠᠷ ᠠᠵᠢᠯ ᠣᠯᠭᠤᠬᠤ ᠪᠠᠷ ᠳᠡᠮᠵᠢᠨ᠂ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ | ᠢ ᠲᠣᠪᠣᠶᠢᠮ᠎ᠠ ᠰᠠᠶᠢᠲᠤᠷ ᠠᠳᠬᠤᠵᠤ᠂ ᠠᠵᠢᠯ ᠤᠯᠬᠤ ᠳᠤ ᠬᠦᠴᠢᠷᠲᠡᠶ ᠬᠥᠮᠦᠰ ᠲᠤ ᠦᠨᠳᠦᠰᠦᠨ ᠵᠦᠶᠯ ᠢ ᠨᠢ | ᠪᠠᠲᠤᠯᠠᠨ ᠬᠠᠪᠰᠤᠷᠤᠨ ᠳᠡᠳᠬᠦᠬᠦ ᠶᠢ ᠬᠡᠷᠡᠭᠵᠢᠭᠦᠯᠵᠦ᠂ ᠭᠡᠷ ᠪᠦᠯᠢ ᠶᠢᠨ ᠪᠦᠷᠢᠯᠳᠦᠭᠦᠨ ᠨᠢ ᠨᠢᠭᠡ ᠴᠦ ᠠᠵᠢᠯ | ᠣᠯᠤᠭᠠᠳᠤᠶ ᠬᠡᠷ ᠪᠦᠯᠢ ᠳᠤ ᠬᠥᠳᠡᠯᠦᠩᠭᠦᠶ ᠪᠠᠷ ᠠᠵᠢᠯ ᠣᠯᠭᠤᠬᠤ ᠶᠢ ᠠᠬᠢᠭᠤᠯᠤᠨ᠎ᠠ᠃ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠣᠷᠣᠯᠭ᠎ᠠ ᠳᠣᠣᠷ᠎ᠠ ᠬᠦᠮᠦᠰ ᠤᠨ | ᠣᠷᠣᠯᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠦᠮᠦᠰ ᠢ ᠨᠡᠮᠡᠭᠳᠡᠭᠦᠯᠦᠨ᠂ | ᠬᠠᠮᠲᠤ ᠪᠠᠷ ᠪᠠᠶᠠᠵᠢᠬᠤ ᠶᠢ ᠪᠡᠶᠡᠯᠡᠬᠦᠯᠦᠨ᠎ᠡ᠃ ᠬᠤᠶᠠᠷ ᠲᠤ᠂ ᠴᠢᠨᠠᠷᠯᠢᠭ ᠰᠤᠷᠭᠠᠨ ᠬᠥᠮᠦᠵᠢᠯ ᠤᠨ ᠰᠢᠰᠲ᠋ᠧᠮ ᠢ | ᠪᠠᠶᠢᠭᠤᠯᠤᠨ᠎ᠠ᠃ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ | ᠬᠥᠮᠦᠵᠢᠭᠦᠯᠬᠦ ᠶᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ | ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠬᠤᠶᠠᠷ ᠢ | ᠬᠦᠩᠭᠡᠷᠡᠬᠦᠯᠬᠦ︾ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠰᠠᠶᠢᠲᠤᠷ ᠠᠳᠬᠤᠨ᠂ ︽ᠲᠠᠪᠤᠨ ᠲᠠᠯ᠎ᠠ ᠪᠠᠷ | ᠬᠥᠮᠦᠵᠢᠭᠦᠯᠬᠦ ᠶᠢ ᠵᠡᠷᠭᠡᠪᠡᠷ ᠴᠢᠬᠤᠯᠠᠴᠢᠯᠠᠬᠤ︾ ᠬᠥᠮᠦᠨ ᠬᠥᠮᠦᠵᠢᠭᠦᠯᠬᠦ ᠰᠢᠰᠲ᠋ᠧᠮ ᠢ ᠪᠦᠷᠢᠨᠰᠢᠬᠦᠯᠵᠦ᠂ | ᠰᠤᠷᠭᠠᠭᠤᠯᠢ᠂ ᠬᠡᠷ ᠪᠦᠯᠢ᠂ ᠨᠡᠶᠢᠭᠡᠮ ᠠᠴᠠ ᠬᠠᠮᠵᠢᠯᠴᠠᠵᠤ ᠪᠠᠶᠢᠭᠠᠳ ᠬᠥᠮᠦᠨ ᠬᠥᠮᠦᠵᠢᠭᠦᠯᠬᠦ ᠲᠤᠭᠲᠠᠯᠴᠠᠭ᠎ᠠ ᠶᠢ | ᠲᠡᠭᠦᠯᠳᠡᠷᠵᠢᠭᠦᠯᠦᠨ᠂ ᠰᠤᠷᠤᠭᠴᠢᠳ ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ | ᠬᠥᠳᠡᠯᠮᠦᠷᠢ ᠵᠡᠷᠭᠡ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠪᠡᠯᠡ | ᠣᠷᠣᠭᠤᠯᠤᠯᠲᠠ ᠶᠢ ᠨᠡᠮᠡᠭᠳᠡᠭᠦᠯᠦᠨ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ᠂ ᠠᠯᠪᠠᠨ ᠵᠢᠷᠤᠮ | ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ ᠲᠡᠩᠴᠡᠭᠦᠷᠢᠲᠡᠢ ᠪᠠᠶᠢᠯᠭᠠᠬᠤ᠂ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠡᠰ ᠳᠡᠪᠰᠢᠭᠦᠯᠬᠦ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠪᠡᠷᠮᠢᠴᠡ ᠣᠨᠴᠠᠯᠢᠭ ᠲᠠᠢ ᠠᠭᠤᠰᠤᠯᠴᠠᠭᠤᠯᠤᠨ ᠬᠦᠭᠵᠢᠬᠦᠯᠦᠨ᠎ᠡ᠃ | ᠭᠤᠷᠪᠠ ᠳᠤ᠂ ᠤᠯᠠᠨ ᠳᠡᠰ ᠳᠦᠷᠦᠯ ᠲᠠᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠠᠤᠯᠢ ᠪᠠᠷ | ᠲᠣᠭᠲᠠᠭᠠᠭᠰᠠᠨ ᠬᠥᠮᠦᠰ ᠲᠤ ᠳᠠᠭᠠᠳᠬᠠᠯ ᠢ ᠨᠡᠶᠢᠳᠡᠮ ᠪᠦᠷᠬᠦᠭᠦᠯᠬᠦ ᠶᠢ ᠠᠬᠢᠭᠤᠯᠤᠨ᠎ᠠ᠃ ᠦᠨᠳᠦᠰᠦᠨ ᠨᠠᠰᠤᠵᠢᠯ | ᠤᠨ ᠠᠰᠠᠷᠠᠮᠵᠢ᠂ ᠦᠨᠳᠦᠰᠦᠨ ᠡᠮ ᠡᠮᠨᠡᠯᠭᠡ ᠵᠡᠷᠭᠡ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠵᠦ᠂ ᠪᠠᠲᠤᠯᠠᠭ᠎ᠠ | ᠶᠢᠨ ᠪᠠᠷᠢᠮᠵᠢᠶ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠡᠰ ᠲᠦᠷᠦᠯ ᠬᠤᠪᠢᠶᠠᠭᠰᠠᠨ᠂ ᠬᠤᠳᠠ ᠬᠥᠳᠡᠭᠡ | ᠶᠢ ᠨᠢᠭᠡᠳᠦᠯᠲᠡᠢ ᠲᠥᠯᠥᠪᠵᠢᠭᠦᠯᠦᠭᠰᠡᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ | ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠪᠠᠶᠢᠷᠢᠰᠢᠯ ᠢ ᠪᠦᠷᠢᠯᠳᠦᠭᠦᠯᠦᠨ᠎ᠡ᠃ ᠬᠥᠮᠦᠨ ᠠᠮᠠ ᠶᠢᠨ ᠨᠠᠰᠤᠵᠢᠯ ᠢ | ᠢᠳᠡᠪᠬᠢᠲᠡᠶ ᠠᠷᠭᠠᠴᠠᠭᠠᠬᠤ᠂ ᠬᠡᠷ ᠪᠦᠯᠢ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ | ᠵᠣᠬᠢᠴᠠᠭᠤᠯᠤᠭᠰᠠᠨ᠂ ᠡᠮᠴᠢᠯᠡᠭᠡ ᠪᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ | ᠦᠶᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠵᠤ᠂ ᠨᠠᠰᠤᠨ ᠳᠤ ᠦᠯᠤ ᠬᠥᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠂ ᠨᠡᠶᠢᠭᠡᠮ ᠤᠨ ᠠᠰᠠᠷᠠᠮᠵᠢ ᠶᠢᠨ | ᠲᠦᠷᠢᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ᠂ ᠬᠥᠮᠦᠯᠢᠭ ᠨᠡᠶᠢᠲᠡ ᠶᠢᠨ ᠠᠰᠠᠷᠠᠮᠵᠢ ᠶᠢᠨ ᠦᠢᠯᠡᠰ | ᠵᠡᠷᠭᠡ ᠶᠢ ᠬᠥᠭᠵᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠰᠢᠰᠲ᠋ᠧᠮ ᠪᠠ ᠪᠠᠲᠤᠯᠠᠭ᠎ᠠ ᠶᠢᠨ | ᠲᠦᠷᠢᠮ ᠢ ᠲᠡᠭᠦᠯᠳᠡᠷᠵᠢᠭᠦᠯᠦᠨ᠎ᠡ᠃ ᠳᠥᠷᠪᠡ ᠳᠤ᠂ ᠡᠷᠡᠭᠦᠯ ᠡᠩᠬᠡ ᠪᠠᠷᠠᠭᠤᠨ ᠦᠵᠦᠮᠦᠴᠢᠨ ᠤ ᠪᠠᠶᠢᠭᠤᠯᠤᠯᠲᠠ ᠶᠢ | ᠠᠬᠢᠭᠤᠯᠤᠨ᠎ᠠ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠯᠠᠨ ᠳᠤ ᠪᠦᠬᠦ ᠲᠠᠯ᠎ᠠ ᠶᠢᠨ ᠪᠥᠭᠡᠳ ᠪᠦᠬᠦ | ᠶᠠᠪᠤᠴᠠ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ | ᠭᠠᠳᠠᠨ᠎ᠠ ᠠᠴᠠ ᠬᠠᠯᠳᠠᠪᠤᠷᠢᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠎ᠠ᠃ ᠡᠮᠴᠢᠯᠡᠭᠡ ᠰᠡᠷᠭᠡᠶᠢᠯᠡᠯᠲᠡ | ᠶᠢ ᠬᠠᠮᠵᠢᠯᠴᠠᠭᠤᠯᠬᠤ ᠲᠣᠭᠲᠠᠴᠠ ᠪᠣᠯᠤᠨ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠭᠡᠨᠡᠳᠲᠡ | ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠱᠠᠲᠤ ᠬᠤᠪᠢᠶᠠᠨ | ᠣᠨᠣᠰᠢᠯᠠᠨ ᠡᠮᠨᠡᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠴᠢᠨᠠᠷᠯᠢᠭ ᠬᠥᠭᠵᠢᠯᠲᠡ ᠶᠢ ᠠᠬᠢᠭᠤᠯᠤᠨ᠂ ᠬᠤᠰᠢᠭᠤ ᠱᠠᠲᠤᠨ ᠤ ᠡᠮᠨᠡᠯᠭᠡ ᠶᠢᠨ ᠬᠤᠷᠢᠶᠠᠨ ᠤ | ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠨ ᠱᠠᠲᠤᠨ ᠤ ᠰᠠᠭᠤᠷᠢ ᠲᠥᠬᠦᠭᠡᠷᠦᠮᠵᠢ | ᠶᠢᠨ ᠨᠥᠬᠦᠴᠡᠯ ᠢ ᠰᠠᠶᠢᠵᠢᠷᠠᠭᠤᠯᠤᠨ᠂ ᠠᠷᠠᠳ ᠲᠦᠮᠡᠨ ᠳᠤ ᠡᠷᠬᠡ ᠲᠡᠭᠰᠢ᠂ ᠡᠮᠴᠢᠯᠡᠭᠦᠯᠬᠦ ᠳᠠᠷᠤᠭᠠᠰᠤ ᠦᠭᠡᠢ | ᠡᠷᠡᠭᠦᠯ ᠮᠡᠨᠳᠦ ᠶᠢᠨ ᠦᠶᠯᠡᠴᠢᠯᠡᠭᠡ ᠶᠢ ᠬᠦᠷᠲᠡᠭᠡᠨ᠎ᠡ᠃ ᠬᠢᠲᠠᠳ ᠮᠣᠩᠭᠤᠯ ᠡᠮ ᠡᠮᠨᠡᠯᠭᠡ ᠶᠢᠨ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ | ᠤᠨ ᠬᠥᠳᠡᠯᠭᠡᠭᠡᠨ ᠢ ᠭᠦᠨᠵᠡᠭᠡᠶ ᠥᠷᠨᠢᠭᠦᠯᠦᠨ᠎ᠡ᠃ ᠬᠦᠮᠦᠨ ᠠᠮᠠ ᠶᠢᠨ ᠦᠰᠥᠯᠲᠡ ᠶᠢᠨ ᠢᠵᠢ ᠪᠦᠷᠢᠳᠦᠭᠰᠡᠨ ᠲᠦᠷᠦ | ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠦᠬᠡᠳ ᠠᠰᠠᠷᠠᠬᠤ ᠦᠢᠯᠡᠴᠢᠯᠡᠭᠡᠨ ᠤ ᠪᠠᠲᠤᠯᠠᠭ᠎ᠠ | ᠶᠢᠨ ᠰᠢᠰᠲ᠋ᠧᠮ ᠢ ᠪᠦᠷᠢᠨᠰᠢᠭᠦᠯᠦᠨ᠂ ᠬᠥᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ | ᠠᠬᠢᠭᠤᠯᠤᠨ᠎ᠠ᠃ ᠲᠠᠪᠤ ᠳᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ᠃ ᠬᠠᠮᠲᠤ ᠪᠠᠷ | ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ | ᠭᠤᠣᠯᠳᠠᠯᠭ᠎ᠠ ᠶᠢ ᠦᠨᠳᠦᠰᠦᠨ ᠱᠠᠳᠤ ᠲᠡᠶᠢᠰᠢ ᠰᠢᠯᠵᠢᠭᠦᠯᠬᠦ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ︽ᠬᠤᠬᠢᠷᠠᠯ ᠢ ᠪᠠᠭᠠᠰᠬᠠᠬᠤ ᠶᠡᠷᠦᠩᠬᠡᠶᠢᠯᠡᠨ ᠵᠢᠱᠢᠶ᠎ᠡ ᠦᠵᠡᠭᠦᠯᠬᠦ ᠬᠤᠲᠠ | ᠪᠠᠯᠭᠠᠰᠤ︾ ᠶᠢ ᠪᠥᠲᠥᠭᠡᠨ ᠪᠠᠶᠢᠭᠤᠯᠤᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ︽ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ︾ ᠶᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ | ᠳᠥᠷᠪᠡ᠂ 2022 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | 2022 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ ᠪᠣᠯᠤᠨ᠎ᠠ᠂ ᠮᠠᠨ ᠤ ᠤᠯᠤᠰ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠡᠶᠢᠰᠢ ᠰᠢᠨ᠎ᠡ ᠠᠶᠠᠨ ᠳᠠᠭᠠᠨ ᠮᠣᠷᠳᠠᠬᠤ ᠴᠢᠬᠤᠯᠠ ᠨᠢᠭᠡ ᠵᠢᠯ ᠪᠣᠯᠤᠨ᠎ᠠ᠃ | ᠡᠨᠡ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ | ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠤᠷᠴᠢᠮ ᠨᠡᠮᠡᠭᠳᠡᠭᠦᠯᠦᠨ᠎ᠡ᠃ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4% ᠤᠷᠴᠢᠮ ᠨᠡᠮᠡᠭᠳᠡᠭᠦᠯᠦᠨ᠎ᠡ᠃ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 10% ᠤᠷᠴᠢᠮ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ | ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 6% ᠤᠷᠴᠢᠮ ᠨᠡᠮᠡᠭᠳᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠦᠮᠦᠨ ᠳᠤᠮᠳᠠᠴᠢ ᠶᠢᠨ ᠬᠤᠪᠢᠶᠠᠷᠢᠯᠠᠵᠦ ᠪᠣᠯᠬᠤᠶᠢᠴᠠ ᠣᠷᠣᠯᠭ᠎ᠠ ᠶᠢ ᠲᠣᠰᠪᠦᠷᠢ 5% ᠪᠠ 7% | ᠣᠷᠴᠢᠮ ᠨᠡᠮᠡᠭᠳᠡᠭᠦᠯᠦᠨ᠎ᠡ᠃ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ︽ᠬᠤᠣᠰ | ᠡᠵᠡᠮᠳᠡᠯ︾ ᠤᠨ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ | ᠲᠠᠢ ᠰᠠᠶᠢᠲᠤᠷ ᠬᠢᠨ᠎ᠡ᠄ | ︵ᠨᠢᠭᠡ︶ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠨ᠎ᠠ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠵᠤ᠂ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠦᠨᠢᠲᠡ ᠶᠢᠨ ᠥᠪ︾ ᠭᠡᠬᠦ ᠣᠶᠢᠯᠠᠭᠠᠭᠳᠠᠬᠤᠨ ᠢ ᠡᠷᠡᠰ | ᠦᠢᠯᠡᠳᠦᠯᠭᠡᠵᠢᠭᠦᠯᠦᠨ᠂ ᠨᠠᠩ ᠡᠷᠴᠢᠮ ᠲᠠᠢ ᠨᠠᠩ ᠥᠨᠳᠥᠷ ᠲᠦᠪᠰᠢᠨ ᠪᠥᠬᠦᠶ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠬᠦᠷᠢᠶᠡᠨ ᠳᠠᠬᠢ | ᠬᠠᠤᠯᠢ ᠴᠠᠭᠠᠵᠠ ᠲᠦᠷᠢᠮ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ | ᠭᠦᠨᠵᠡᠭᠡᠶ ᠠᠬᠢᠭᠤᠯᠵᠤ᠂ ᠴᠢᠨᠠᠷᠯᠢᠭ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠦᠨ ᠲᠤᠰᠢᠶᠠᠨ᠎ᠠ᠃ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠠᠵᠢᠯ ᠤᠨ ᠥᠨᠳᠥᠷ ᠳᠠᠷᠤᠯᠲᠠᠲᠤ | ᠪᠠᠶᠢᠳᠠᠯ ᠢ ᠦᠷᠭᠦᠯᠵᠢᠯᠡᠨ ᠪᠠᠲᠤᠯᠠᠵᠤ᠂ ᠵᠠᠳᠠᠭᠠᠶ ᠠᠭᠤᠷᠬᠠᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠣᠨ | ᠤ ᠬᠠᠷᠠᠯᠲᠠ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠂ ᠠᠭᠤᠷᠬᠠᠶ ᠶᠢᠨ ᠬᠤᠳᠳᠤᠭ ᠪᠠ ᠠᠭᠤᠷᠬᠠᠢ ᠶᠢᠨ | ᠠᠭᠤᠯᠠᠨ ᠤ ᠣᠷᠴᠢᠨ ᠲᠣᠭᠤᠷᠢᠨ ᠢ ᠵᠠᠰᠠᠬᠤ ᠶᠢ ᠵᠡᠷᠭᠡ ᠳᠤᠨᠢ ᠲᠦᠯᠬᠢᠨ ᠠᠬᠢᠭᠤᠯᠵᠤ᠂ ᠲᠡᠦᠬᠡᠨ ᠠᠴᠠ | ᠦᠯᠡᠳᠡᠭᠳᠡᠵᠦ ᠢᠷᠡᠭᠰᠡᠨ ᠬᠠᠶᠠᠭᠳᠠᠮᠠᠯ ᠦᠢᠯᠡᠳᠪᠦᠷᠢ ᠠᠭᠤᠷᠬᠠᠶ ᠶᠢᠨ ᠭᠠᠵᠠᠷ ᠢ ᠰᠡᠷᠭᠦᠭᠡᠨ ᠵᠠᠰᠠᠬᠤ ᠢᠨᠵᠧᠨᠧᠷᠢᠩ ᠢ | ᠪᠦᠬᠦ ᠲᠠᠯ᠎ᠠ ᠪᠠᠷ ᠪᠡᠶᠡᠯᠡᠭᠦᠯᠦᠨ᠎ᠡ᠃ ᠤᠰᠤᠨ ᠤ ᠤᠷᠴᠢᠨ ᠲᠤᠭᠤᠷᠢᠨ ᠤ ᠵᠠᠰᠠᠯᠲᠠ ᠶᠢ ᠴᠢᠩᠭᠠᠳᠬᠠᠨ᠂ ᠭᠤᠣᠯ | ᠮᠥᠷᠡᠨ ︵ᠨᠠᠭᠤᠷ ᠴᠦᠬᠦᠷᠦᠮ︶ ᠤ ᠳᠠᠷᠤᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ 34 ᠲᠡᠭᠰᠢ | ᠳᠥᠷᠪᠡᠯᠵᠢᠨ ᠺᠢᠯᠤᠮᠧᠲᠷ ᠵᠢᠵᠢᠭ ᠰᠠᠪᠠ ᠭᠠᠵᠠᠷ ᠢ ᠵᠠᠰᠠᠵᠤ᠂ ᠭᠤᠷᠣᠬᠠᠨ ᠭᠤᠣᠯ ᠢ ᠶᠡᠷᠦᠩᠬᠡᠶᠢᠯᠡᠨ ᠵᠠᠰᠠᠬᠤ᠂ | ᠢᠨᠵᠠᠭᠠᠨ ᠭᠤᠣᠯ ᠤᠨ ᠠᠶᠤᠯ ᠲᠠᠢ ᠬᠡᠰᠡᠭ ᠢ ᠵᠠᠰᠠᠬᠤ᠂ ᠪᠠᠶᠠᠨᠬᠤᠸᠠ ᠪᠠᠯᠭᠠᠰᠤᠨ ᠤ ᠤᠯᠠᠭᠠᠨ᠋ᠡᠷᠬᠢ ᠭᠠᠴᠠᠭᠠᠨ ᠤ | ᠦᠶᠡᠷ ᠤᠰᠤᠳᠤᠯ ᠤᠨ ᠠᠶᠤᠯ ᠢ ᠵᠠᠰᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ | ᠨᠤᠲᠤᠭ ᠪᠡᠯᠴᠢᠭᠡᠷ ᠤᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠶ ᠰᠢᠭᠤᠢ ︵ | ᠲᠠᠯ᠎ᠠ ᠨᠤᠲᠤᠭ︶ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ | ᠰᠡᠷᠭᠦᠭᠡᠬᠦ ᠳᠦᠷᠢᠮ︾᠂ ︽ᠰᠢᠯᠢ ᠶᠢᠨ ᠭᠤᠣᠯ ᠠᠶᠢᠮᠠᠭ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠬᠦ ᠰᠠᠨᠠᠯ︾ ᠵᠡᠷᠭᠡ ᠲᠥᠷᠥ ᠶᠢᠨ ᠪᠣᠳᠣᠯᠭ᠎ᠠ | ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠶᠢ ᠪᠦᠲᠦᠭᠡᠨ ᠪᠠᠶᠢᠭᠤᠯᠬᠤ ᠬᠦᠴᠦᠯᠡᠴᠡ ᠪᠠᠨ | ᠨᠡᠮᠡᠭᠳᠡᠭᠦᠯᠦᠨ᠂ 5 ᠲᠦᠮᠡᠨ ᠮᠦ ᠲᠠᠴᠢᠷᠳᠠᠭᠰᠠᠨ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ᠂ 10 | ᠲᠦᠮᠡᠨ ᠮᠦ ᠪᠡᠯᠴᠢᠭᠡᠷ ᠢ ᠲᠤᠤᠷᠯᠠᠨ ᠪᠢᠲᠡᠭᠦᠮᠵᠢᠯᠡᠨ᠎ᠡ᠃ ᠡᠯᠡᠰᠦᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ | ᠬᠠᠮᠠᠭᠠᠯᠠᠨ ᠠᠰᠢᠭᠯᠠᠬᠤ ᠶᠢ ᠠᠬᠢᠭᠤᠯᠵᠤ᠂ ᠦᠵᠦᠮᠦᠴᠢᠨ ᠤ ᠡᠯᠡᠰᠦᠷᠬᠡᠭ ᠭᠠᠵᠠᠷ ᠢ ᠬᠠᠮᠠᠭᠠᠯᠠᠨ ᠵᠠᠰᠠᠬᠤ | ᠲᠥᠯᠥᠪᠵᠢᠭᠦᠯᠭᠡ᠂ ᠬᠠᠪᠴᠢᠭᠠᠢ ᠤᠯᠤᠰ ᠤᠨ ᠲᠡᠰ ᠤᠨ ᠡᠯᠡᠰᠦᠨ ᠴᠡᠴᠡᠷᠯᠢᠭ ᠤᠨ ᠨᠠᠷᠢᠨ ᠲᠥᠯᠥᠪᠵᠢᠭᠦᠯᠭᠡ ᠶᠢ | ᠨᠠᠶᠢᠷᠠᠭᠤᠯᠤᠨ ᠳᠠᠭᠤᠰᠬᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠴᠡᠯᠮᠡᠭ | ᠣᠭᠲᠠᠷᠭᠤᠢ᠂ ᠴᠡᠩᠭᠡᠭ ᠤᠰᠤ᠂ ᠥᠩ ᠰᠢᠮᠡᠯᠢᠭ ᠬᠥᠷᠥᠰᠥ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠱᠠᠭᠠᠷᠳᠠᠨ ᠪᠠᠶᠢᠴᠠᠭᠠᠯᠲᠠ ᠶᠢ ᠬᠦᠯᠢᠶᠡᠬᠦ ᠪᠡᠯᠡᠳᠬᠡᠯ ᠠᠵᠢᠯ ᠢ ᠰᠠᠶᠢᠲᠤᠷ ᠬᠢᠨ᠎ᠠ᠃ | ︵ᠬᠤᠶᠠᠷ︶ ᠠᠵᠦ ᠠᠬᠤᠢ ᠶᠢᠨ ᠲᠤᠭᠲᠠᠭᠤᠨ ᠡᠷᠭᠢᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠪᠦᠬᠦ | ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠥᠷᠥᠯ ᠵᠦᠶᠯ 52 ᠢ ᠬᠡᠷᠡᠭᠵᠢᠭᠦᠯᠬᠦ ᠪᠠᠷ ᠲᠥᠯᠥᠪᠯᠡᠵᠦ᠂ ᠲᠣᠰ ᠵᠢᠯ ᠳᠡᠭᠡᠨ 39 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ᠂ 12 | ᠲᠦᠷᠥᠯ ᠵᠦᠢᠯ ᠢ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠤᠷᠤᠭᠤᠯᠵᠤ᠂ 2 ᠲᠦᠷᠥᠯ | ᠵᠦᠢᠯ ᠢ ᠨᠥᠭᠡᠴᠡᠯᠡᠨ᠂ ᠲᠣᠰ ᠵᠢᠯ ᠳᠡᠭᠡᠨ 31.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ | ᠲᠥᠯᠥᠪᠯᠡᠵᠦ ᠪᠣᠢ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠬᠦ ᠶᠠᠪᠤᠴᠠ ᠳᠤ ᠲᠤᠰᠬᠠᠢ ᠡᠩᠨᠡᠭᠡ ᠠᠴᠠ | ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠬᠢᠨᠠᠨ | ᠵᠥᠪᠰᠢᠶᠡᠷᠡᠵᠦ ᠭᠦᠢᠴᠡᠳᠬᠡᠬᠦ ᠪᠦᠬᠦ ᠶᠠᠪᠤᠴᠠ ᠶᠢ ᠵᠣᠯᠭᠠᠯᠳᠤᠭᠤᠯᠤᠨ ᠬᠠᠮᠵᠢᠯᠴᠠᠬᠤ ᠶᠢ ᠴᠢᠩᠭᠠᠳᠬᠠᠵᠤ᠂ ᠬᠦᠴᠦᠨ | ᠵᠦᠢᠯ ᠤᠨ ᠪᠠᠲᠤᠯᠠᠭ᠎ᠠ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠵᠡᠷᠭᠡ ᠠᠰᠠᠭᠤᠳᠠᠯ ᠢ ᠴᠠᠭ ᠲᠤᠬᠠᠢ | ᠳᠤᠨᠢ ᠰᠢᠢᠳᠪᠦᠷᠢᠯᠡᠵᠦ᠂ ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠢ 4 ᠰᠠᠷ᠎ᠠ ᠶᠢᠨ 15 ᠤ | ᠡᠳᠦᠷ ᠠᠴᠠ ᠡᠮᠦᠨ᠎ᠡ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠤᠰᠤᠳ ᠭᠤᠣᠯᠳᠠᠯᠭ᠎ᠠ ᠲᠠᠢ ᠲᠥᠷᠥᠯ ᠵᠦᠢᠯ | ᠢ ᠡᠮᠬᠢ ᠴᠡᠭᠴᠡ ᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠠᠲᠤᠯᠠᠨ᠂ ᠲᠣᠰ ᠵᠢᠯ ᠤᠨ ᠪᠡᠯᠡ ᠣᠷᠣᠭᠤᠯᠤᠯᠲᠠ | ᠶᠢᠨ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠤ ᠦᠶᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠠᠶᠠᠨᠬᠤᠸᠠ ᠠᠵᠤ ᠦᠶᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡ | ᠶᠢ ᠳᠦᠷᠢᠮᠵᠢᠭᠦᠯᠦᠨ᠂ ᠠᠵᠤ ᠦᠶᠯᠡᠳᠪᠦᠷᠢ ᠶᠢᠨ ᠲᠣᠭᠤᠷᠢᠭ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ ᠠᠵᠤ ᠦᠶᠯᠡᠳᠪᠦᠷᠢ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠪᠠᠶᠠᠨᠬᠤᠸᠠ ᠠᠵᠤ ᠦᠶᠯᠡᠳᠪᠦᠷᠢ ᠶᠢᠨ ᠲᠣᠭᠤᠷᠢᠭ ᠤᠨ ᠠᠶᠤᠯᠲᠠᠢ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠵᠡᠷᠭᠡ ᠲᠥᠷᠥᠯ ᠵᠦᠢᠯ ᠢ ᠡᠬᠢᠯᠡᠨ ᠪᠠᠶᠢᠭᠤᠯᠵᠤ᠂ ᠠᠵᠤ ᠦᠶᠯᠡᠳᠪᠦᠷᠢ ᠶᠢᠨ ᠲᠣᠭᠤᠷᠢᠭ | ᠤᠨ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠰᠠᠶᠢᠵᠢᠷᠠᠭᠤᠯᠤᠨ᠎ᠠ᠃ ᠪᠠᠯᠭᠠᠷᠭᠤᠣᠯ ᠪᠣᠳᠠᠰ ᠤᠨ ᠭᠦᠢᠯᠭᠡᠭᠡᠨ | ᠤ ᠲᠣᠭᠤᠷᠢᠭ ᠤᠨ ᠦᠢᠯᠡᠰ ᠪᠣᠰᠬᠠᠬᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢ ᠳᠠᠭᠠᠭᠤᠯᠤᠨ᠂ | ᠦᠨᠳᠦᠰᠦᠲᠡᠨ ᠤ ᠣᠨᠴᠠᠯᠢᠭᠲᠤ ᠨᠡᠷᠡᠲᠦ ᠲᠡᠮᠳᠡᠭ ᠢ ᠡᠭᠦᠳᠴᠦ᠂ ᠦᠢᠯᠡᠰ ᠪᠣᠰᠬᠠᠵᠤ ᠠᠵᠢᠯ ᠣᠯᠬᠤ ᠶᠢ | ᠳᠠᠶᠢᠴᠢᠯᠠᠨ᠎ᠠ᠃ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠰᠣᠶᠣᠯ ᠵᠢᠭᠤᠯᠴᠢᠯᠠᠯ᠂ | ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠭᠤᠤᠯᠳᠠᠯᠭ᠎ᠠ | ᠲᠠᠢ ᠬᠦᠷᠢᠶ᠎ᠡ ᠴᠠᠷ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ | ᠶᠡᠬᠡᠪᠡᠷ ᠥᠷᠨᠢᠭᠦᠯᠵᠦ᠂ ᠵᠥᠪᠳᠡᠯᠴᠡᠬᠡᠷ ᠤᠨ ᠲᠥᠷᠥᠯ ᠵᠦᠶᠯ ᠤᠨ ᠠᠯᠢ ᠲᠦᠷᠭᠡᠨ ᠢᠶᠠᠷ ᠭᠡᠷ᠎ᠡ ᠲᠣᠭᠲᠠᠬᠤ᠂ | ᠵᠥᠪᠳᠡᠯᠴᠡᠬᠡᠷ ᠤᠨ ᠲᠥᠷᠥᠯ ᠵᠦᠶᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠤᠨ᠂ | ᠠᠵᠤ ᠠᠬᠤᠶ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠦᠶᠯᠡᠰ ᠤᠨ ᠬᠡᠯᠬᠢᠶ᠎ᠡ ᠶᠢ | ᠤᠷᠲᠤᠳᠬᠠᠨ᠎ᠠ᠃ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠪᠦᠷᠢᠳᠬᠡᠬᠦ ᠶᠢ ᠴᠢᠩᠭᠠᠳᠬᠠᠵᠤ | ᠂ ᠪᠦᠷᠢᠳᠬᠡᠯ ᠤᠨ ᠬᠢᠨᠠᠯᠲᠠ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠎ᠠ᠃ | ︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠶᠡᠬᠡᠪᠡᠷ ᠲᠦᠯᠬᠢᠨ | ᠠᠬᠢᠭᠤᠯᠤᠨ᠎ᠠ᠃ ᠨᠢᠭᠡ ᠳᠤ᠂ ᠮᠠᠯ ᠠᠵᠤ ᠠᠬᠤᠢ ᠶᠢᠨ ᠴᠢᠨᠠᠷᠯᠢᠭ ᠪᠦᠭᠡᠳ ᠥᠨᠳᠥᠷ ᠦᠷ᠎ᠡ ᠠᠰᠢᠭᠲᠤ ᠬᠥᠭᠵᠢᠯᠲᠡ | ᠶᠢ ᠠᠬᠢᠭᠤᠯᠤᠨ᠎ᠠ᠃ ᠣᠲᠣ ᠦᠶ᠎ᠡ ᠶᠢᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠲᠦᠷᠭᠡᠳᠬᠡᠨ ᠠᠬᠢᠭᠤᠯᠵᠤ᠂ ᠴᠢᠨᠠᠷᠯᠢᠭ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠮᠢᠬᠠᠨ ᠤ ᠦᠬᠡᠷ ᠤᠨ ᠠᠵᠤ ᠦᠶᠯᠡᠰ ᠢ ᠪᠤᠵᠠᠭᠠᠶᠢᠷᠠᠭᠤᠯᠤᠨ᠂ | ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠤᠨ ᠡᠬᠢ ᠪᠠᠶᠠᠯᠢᠭ ᠢ ᠭᠦᠶᠴᠡᠳ ᠠᠰᠢᠭᠯᠠᠵᠤ᠂ ᠮᠠᠯ ᠠᠵᠤ ᠠᠬᠤᠶ | ᠶᠢᠨ ᠲᠣᠮᠣ ᠬᠡᠯᠪᠡᠷᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠡᠭᠦᠯᠳᠡᠷ | ᠪᠣᠶᠢᠵᠢᠭᠤᠯᠬᠤ + ᠥᠷᠭᠡᠳᠬᠡᠨ ᠦᠷᠡᠵᠢᠭᠦᠯᠬᠦ + ᠪᠣᠷᠳᠣᠨ ᠲᠠᠷᠭᠤᠯᠠᠭᠤᠯᠬᠤ + ᠡᠳ᠋ᠰᠢᠭᠦᠯᠬᠦ︾ ᠶᠢ ᠨᠢᠭᠡ | ᠴᠣᠭᠴᠠᠵᠢᠭᠤᠯᠤᠭᠰᠠᠨ ᠮᠢᠬᠠᠨ ᠤ ᠦᠬᠡᠷ ᠤᠨ ᠪᠦᠬᠦ ᠠᠵᠤ ᠦᠶᠯᠡᠰ ᠤᠨ ᠬᠡᠯᠬᠢᠶ᠎ᠡ ᠶᠢ ᠢᠳᠡᠪᠬᠢᠲᠡᠶ ᠪᠠᠶᠢᠭᠤᠯᠵᠤ᠂ | ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ ᠤᠨ ᠬᠡᠯᠬᠢᠶᠡᠨ ᠤ ᠨᠥᠬᠦᠪᠦᠷᠢᠯᠡᠨ ᠳᠠᠭᠠᠭᠤᠯᠬᠤ | ᠴᠢᠳᠠᠪᠤᠷᠢ ᠶᠢ ᠳᠡᠭᠡᠭᠰᠢᠯᠡᠬᠦᠯᠦᠨ᠎ᠡ᠃ 200 ᠲᠣᠯᠣᠭᠠᠢ ᠠᠴᠠ ᠳᠡᠭᠡᠭᠰᠢ ᠰᠢᠯᠢᠳᠡᠭ ᠡᠭᠦᠯᠳᠡᠷ ᠤᠨ ᠮᠢᠬᠠᠨ ᠤ ᠦᠬᠡᠷ | ᠮᠠᠯᠵᠢᠬᠤ ᠬᠡᠪᠴᠢᠶᠡᠵᠢᠭᠰᠡᠨ ᠲᠠᠯᠠᠪᠠᠢ 3 ᠶᠢ ᠪᠠᠶᠢᠭᠤᠯᠵᠤ᠂ 500 ᠲᠣᠯᠣᠭᠠᠢ ᠠᠴᠠ ᠳᠡᠭᠡᠭᠰᠢ ᠰᠢᠯᠢᠳᠡᠭ | ᠡᠭᠦᠯᠳᠡᠷ ᠤᠨ ᠮᠢᠬᠠᠨ ᠤ ᠦᠬᠡᠷ ᠮᠠᠯᠵᠢᠬᠤ ᠲᠠᠯᠠᠪᠠᠢ 1 ᠶᠢ ᠪᠠᠶᠢᠭᠤᠯᠤᠨ᠂ ᠪᠢᠷᠠᠭᠤᠨ ᠭᠤᠨᠵᠢ ᠪᠣᠶᠢᠵᠢᠭᠤᠯᠬᠤ ᠴᠡᠭ | 10 ᠶᠢ ᠪᠠᠶᠢᠭᠤᠯᠬᠤ ᠪᠠᠷ ᠲᠥᠯᠥᠪᠯᠡᠵᠦ᠂ ᠪᠢᠷᠠᠭᠤᠨ ᠭᠤᠨᠵᠢᠨ ᠤ ᠵᠠᠬ᠎ᠠ ᠳᠡᠯᠭᠡᠭᠦᠷ ᠤᠨ ᠬᠠᠩᠭᠠᠯᠠᠭ᠎ᠠ ᠶᠢᠨ | ᠴᠢᠳᠠᠮᠵᠢ ᠶᠢ ᠢᠯᠡᠳᠲᠡ ᠳᠡᠭᠡᠭᠰᠢᠯᠡᠭᠦᠯᠦᠨ᠎ᠡ᠃ ᠮᠢᠬᠠᠨ ᠤ ᠬᠤᠨᠢᠨ ᠤ ᠠᠵᠤ ᠦᠢᠯᠡᠰ ᠢ ᠬᠦᠴᠦᠷᠬᠡᠭᠵᠢᠭᠦᠯᠦᠨ᠂ | ᠦᠵᠦᠮᠦᠴᠢᠨ ᠬᠤᠨᠢ ᠶᠢ ᠴᠢᠨᠠᠷᠵᠢᠭᠤᠯᠬᠤ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠦᠵᠦᠮᠦᠴᠢᠨ | ᠬᠤᠨᠢᠨ ᠤ ᠢᠬᠢᠷ᠎ᠡ ᠬᠤᠷᠠᠭ᠎ᠠ ᠪᠣᠶᠢᠵᠢᠭᠤᠯᠬᠤ ᠲᠥᠷᠥᠯ ᠵᠦᠢᠯ ᠢ ᠰᠦᠪᠡᠭᠴᠢᠯᠡᠨ ᠬᠡᠷᠡᠭᠵᠢᠭᠦᠯᠵᠦ᠂ ᠮᠠᠯ ᠰᠦᠷᠦᠭ | ᠤᠨ ᠪᠥᠬᠦᠯᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠾᠧ ᠮᠠ ᠰᠢᠨ᠎ᠡ ᠰᠣᠷᠭᠤᠭ ᠲᠦᠭᠦᠬᠡᠢ ᠡᠳ᠋ ᠤᠨ | ᠡᠯᠧᠺᠲᠷᠣᠨ ᠬᠤᠳᠠᠯᠳᠤᠭᠠᠨ ᠤ ᠲᠠᠪᠴᠠᠩ ᠲᠠᠢ ᠬᠠᠮᠵᠢᠯᠴᠠᠨ᠂ ᠦᠵᠦᠮᠦᠴᠢᠨ ᠬᠤᠨᠢᠨ ᠮᠢᠬᠠᠨ ᠤ ᠨᠡᠷᠡᠲᠦ ᠲᠡᠮᠳᠡᠭ ᠢ | ᠲᠠᠰᠤᠷᠠᠯᠲᠠ ᠥᠬᠡᠶ ᠡᠭᠦᠳᠦᠨ᠎ᠡ᠃ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠵᠦ᠂ ᠲᠠᠷᠢᠶᠠᠯᠠᠩ ᠪᠠ ᠬᠥᠳᠡᠭᠡ | ᠲᠣᠰᠬᠤᠨ ᠤ ᠶᠠᠮᠤᠨ ᠤ ᠣᠳᠣ ᠦᠶ᠎ᠡ ᠶᠢᠨ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠤᠨ ᠮᠣᠩᠭᠤᠯ | ᠠᠳᠤᠭᠤᠨ ᠤ ᠤᠳᠤᠮᠰᠢᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠲᠥᠷᠥᠯ ᠵᠦᠢᠯ ᠢ ᠢᠳᠡᠪᠬᠢᠲᠡᠢ | ᠡᠷᠡᠮᠡᠯᠵᠡᠯᠡᠵᠦ᠂ ᠮᠣᠩᠭᠤᠯ ᠠᠳᠤᠭᠤ ᠶᠢ ᠬᠠᠮᠠᠭᠠᠯᠠᠨ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠪᠦᠷᠢᠨᠰᠢᠭᠦᠯᠦᠨ᠎ᠡ᠃ | ᠦᠨᠳᠦᠰᠦᠲᠡᠨ ᠤ ᠴᠠᠭᠠᠨ ᠢᠳᠡᠭᠡᠨ ᠤ ᠲᠦᠭᠦᠬᠡᠢ ᠮᠠᠲ᠋ᠧᠷᠢᠶᠠᠯ ᠤᠨ ᠢᠷᠡᠯᠲᠡ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠠᠭᠠᠨ ᠢᠳᠡᠭᠡᠨ ᠤ ᠦᠢᠯᠡᠰ ᠤᠨ ᠬᠦᠭᠵᠢᠯᠳᠡ ᠳᠤ 7—10 | ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠤᠢ᠃ ᠮᠠᠯ ᠠᠵᠤ ᠠᠬᠤᠢ ᠬᠢᠭᠡᠳ ᠠᠵᠤ ᠠᠬᠤᠶᠢᠯᠠᠯ ᠤᠨ | ᠠᠰᠢᠭ ᠲᠤᠰᠠ ᠶᠢ ᠬᠤᠯᠪᠣᠬᠤ ᠲᠣᠭᠲᠠᠴᠠ ᠶᠢ ᠨᠢᠭᠲᠠᠷᠠᠭᠤᠯᠤᠨ᠂ ᠵᠠᠬᠢᠶᠠᠯᠠᠭ᠎ᠠ ᠶᠢᠨ ᠬᠡᠯᠪᠡᠷᠢ ᠶᠢᠨ ᠮᠠᠯ ᠠᠵᠤ | ᠠᠬᠤᠢ ᠶᠢᠨ ᠵᠠᠭᠪᠤᠷ ᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠯᠠᠩ ᠮᠠᠯ ᠠᠵᠤ ᠠᠬᠤᠢ | ᠶᠢᠨ ᠲᠤᠯᠤᠭᠠᠶᠢᠯᠠᠭᠴᠢ ᠠᠵᠤ ᠠᠬᠤᠶᠢᠯᠠᠯ 1᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ 1 ᠶᠢ ᠪᠣᠶᠢᠵᠢᠭᠤᠯᠬᠤ ᠪᠠᠷ ᠲᠥᠯᠥᠪᠯᠡᠵᠦ ᠪᠤᠢ᠃ | ᠠᠮᠢᠲᠠᠨ ᠤ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠠᠮᠢᠲᠠᠨ | ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ | ᠮᠠᠯᠵᠢᠯ ᠵᠢᠭᠤᠯᠴᠢᠯᠠᠯ ᠢ ᠠᠭᠤᠰᠤᠯᠴᠠᠭᠤᠯᠤᠭᠰᠠᠨ ᠶᠡᠷᠦᠩᠬᠡᠶᠢᠯᠡᠭᠰᠡᠨ ᠴᠤᠭᠴᠠᠲᠤ ᠲᠥᠷᠥᠯ ᠵᠦᠶᠯ ᠢ ᠲᠥᠯᠥᠪᠵᠢᠭᠦᠯᠦᠨ | ᠪᠠᠶᠢᠭᠤᠯᠵᠤ᠂ ᠮᠠᠯ ᠠᠵᠦ ᠠᠬᠤᠢ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ ᠴᠢᠨᠠᠷᠯᠢᠭ ᠬᠥᠭᠵᠢᠯᠲᠡ ᠶᠢ ᠮᠠᠯᠵᠢᠬᠤ | ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠨ | ᠪᠠᠶᠢᠭᠤᠯᠤᠨ᠎ᠠ᠃ ᠬᠤᠶᠠᠷ ᠲᠤ᠂ ᠠᠵᠤ ᠦᠶᠯᠡᠳᠪᠦᠷᠢ ᠶᠢᠨ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠠᠬᠢᠭᠤᠯᠤᠨ᠎ᠠ᠃ᠵᠢᠷ ᠤᠨ ᠭᠤᠣᠯ ᠬᠤᠶᠠᠳᠤᠭᠠᠷ ᠠᠭᠤᠷᠬᠠᠢ᠂ ᠬᠤᠸᠠ ᠷᠦᠨ ᠪᠦᠯᠦᠭᠯᠡᠯ ᠤᠨ ᠡᠤ | ᠵᠢᠶᠠᠨ ᠹᠠᠩ ᠤᠨ ᠪᠠᠷᠠᠭᠤᠨ ᠨᠢᠭᠡᠳᠦᠭᠡᠷ ᠠᠭᠤᠷᠬᠠᠢ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ | ᠶᠢᠨ ᠪᠠᠶᠠᠨᠬᠤᠸᠠ ᠨᠡᠭᠦᠷᠡᠰᠦᠨ ᠠᠭᠤᠷᠬᠠᠢ ᠶᠢᠨ ᠳᠡᠷᠭᠡᠳᠡᠬᠢ ᠴᠠᠬᠢᠯᠭᠠᠨ ᠦᠢᠯᠡᠳᠪᠦᠷᠢ᠂ ᠵᠢᠦᠢ ᠪᠣᠣ ᠶᠤᠸᠠᠨ ᠤᠯᠠᠭᠠᠨ | ᠢᠳᠡᠭᠡᠨ ᠤ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠦᠷᠭᠦᠯᠵᠢᠯᠡᠨ ᠪᠠᠶᠢᠭᠤᠯᠬᠤ ᠲᠥᠷᠥᠯ ᠵᠦᠢᠯ | ᠢ ᠲᠦᠷᠭᠡᠳᠬᠡᠨ ᠬᠡᠷᠡᠭᠵᠢᠭᠦᠯᠤᠨ᠎ᠠ᠃ ᠪᠠᠶᠠᠨᠬᠤᠸᠠ ᠬᠥᠩᠭᠡᠨᠴᠠᠭᠠᠨ ᠤ ᠴᠠᠬᠢᠯᠭᠠᠨ ᠤ ᠺᠣᠮᠫᠠᠨᠢ ᠶᠢᠨ ᠭᠡᠷᠡᠯ ᠢᠶᠠᠷ | ᠴᠠᠬᠢᠯᠭᠠᠨ ᠭᠠᠷᠭᠠᠬᠤ᠂ ᠪᠠᠶᠠᠨᠬᠤᠸᠠ ᠦᠪᠡᠷ ᠢ ᠪᠠᠨ ᠬᠠᠩᠭᠠᠬᠤ ᠴᠠᠬᠢᠯᠭᠠᠨ ᠦᠶᠯᠡᠳᠪᠦᠷᠢ ᠶᠢᠨ ᠭᠡᠷᠡᠯ ᠢᠶᠠᠷ | ᠴᠠᠬᠢᠯᠭᠠᠨ ᠭᠠᠷᠭᠠᠬᠤ᠂ ᠶᠢᠨ ᠮᠠᠨ ᠠᠭᠤᠷᠬᠠᠢ ᠶᠢᠨ ᠦᠢᠯᠡᠰ ᠤᠨ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ᠂ ᠶᠢᠨ | ᠮᠠᠨ ᠠᠭᠤᠷᠬᠠᠢ ᠶᠢᠨ ᠦᠢᠯᠡᠰ ᠤᠨ ᠦᠯᠡᠳᠡᠭᠳᠡᠯ ᠠᠭᠤᠷᠬᠠᠢ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠵᠡᠷᠭᠡ | ᠲᠥᠷᠥᠯ ᠵᠦᠢᠯ ᠤᠨ ᠬᠤᠭᠤᠴᠠᠭ᠎ᠠ ᠶᠣᠰᠣᠭᠠᠷ ᠠᠵᠢᠯ ᠡᠬᠢᠯᠡᠭᠦᠯᠬᠦ ᠶᠢ ᠠᠬᠢᠭᠤᠯᠤᠨ᠎ᠠ᠃ ᠥᠪᠥᠷ ᠮᠣᠩᠭᠤᠯ ᠤᠨ ᠪᠣᠣ | ᠱᠥᠸᠧ ᠰᠢᠨ᠎ᠡ ᠮᠠᠲ᠋ᠧᠷᠢᠶᠠᠯ ᠬᠥᠩᠭᠡᠨᠴᠠᠭᠠᠨ ᠤ ᠪᠦᠲᠦᠭᠡᠭᠳᠡᠭᠦᠨ ᠪᠣᠯᠪᠠᠰᠤᠷᠠᠭᠤᠯᠬᠤ᠂ ᠬᠤᠸᠠ ᠳ᠋ᠢᠶᠠᠨ ᠪᠦᠯᠦᠭᠯᠡᠯ ᠤᠨ | ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠴᠢᠨ ᠶᠤᠸᠠᠨ ᠦᠬᠡᠷ ᠬᠤᠨᠢ ᠨᠢᠲᠤᠯᠬᠤ | ᠦᠶᠯᠡᠳᠪᠦᠷᠢ ᠶᠢᠨ ᠲᠠᠰᠤᠭ ᠤᠨ ᠪᠥᠲᠥᠭᠡᠨ ᠪᠠᠶᠢᠭᠤᠯᠤᠯᠲᠠ᠂ ᠶᠢᠨ ᠮᠠᠨ ᠠᠭᠤᠷᠬᠠᠶ ᠶᠢᠨ ᠦᠶᠯᠡᠰ ᠤᠨ ᠠᠭᠤᠷᠬᠠᠶ | ᠮᠠᠯᠲᠠᠬᠤ ᠢᠨᠵᠧᠨᠧᠷᠢᠩ ︵ᠨᠢᠭᠡᠳᠦᠭᠡᠷ ᠬᠤᠭᠤᠴᠠᠭ᠎ᠠ︶ ᠤᠨ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠶᠯ | ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠶᠴᠡᠳᠬᠡᠬᠦ ᠶᠢ ᠲᠦᠷᠭᠡᠳᠬᠡᠨ᠂ ᠡᠷᠲᠡᠬᠡᠨ ᠨᠠᠶᠢᠳᠠᠪᠤᠷᠢᠵᠢᠭᠤᠯᠵᠤ᠂ | ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠪᠠᠯᠭᠠᠷᠭᠤᠣᠯ ᠠᠴᠠ ᠵᠡᠭᠦᠨ ᠬᠠᠳᠠᠪᠴᠢ ᠬᠦᠷᠬᠦ ᠳᠥᠷᠪᠡᠳᠦᠭᠡᠷ | ᠬᠤᠭᠤᠴᠠᠭ᠎ᠠ᠂ ᠵᠢᠷ ᠤᠨ ᠭᠤᠣᠯ ᠠᠭᠤᠷᠬᠠᠢ ᠶᠢᠨ ᠣᠷᠣᠨ ᠤ ᠲᠡᠮᠦᠷ ᠵᠠᠮ ᠤᠨ ᠲᠤᠰᠬᠠᠢ ᠱᠤᠭᠤᠮ᠂ ᠪᠠᠶᠠᠨᠬᠤᠸᠠ | ᠥᠷᠲᠡᠭᠡ ᠶᠢᠨ ᠲᠡᠮᠦᠷ ᠵᠠᠮ ᠤᠨ ᠪᠠᠷᠠᠭ᠎ᠠ ᠶᠢᠨ ᠲᠠᠯᠠᠪᠠᠢ ᠵᠢᠴᠢ ᠲᠤᠰᠬᠠᠢ ᠱᠤᠭᠤᠮ ᠤᠨ ᠲᠥᠷᠥᠯ ᠵᠦᠢᠯ ᠤᠨ | ᠢᠳᠡᠪᠬᠢᠲᠡᠢ ᠠᠬᠢᠴᠠ ᠲᠠᠢ ᠪᠣᠯᠬᠤ ᠶᠢ ᠠᠬᠢᠭᠤᠯᠤᠨ᠎ᠠ᠃ ᠪᠦᠬᠦ ᠵᠢᠯ ᠳᠤ 5780 ᠲᠦᠮᠡᠨ ᠲᠣᠨ ᠨᠡᠭᠦᠷᠡᠰᠦ | ᠦᠢᠯᠡᠳᠪᠦᠷᠢᠯᠡᠵᠦ᠂ 190 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠬᠤ ᠪᠠᠷ ᠲᠥᠯᠥᠪᠯᠡᠨ᠂ ᠬᠡᠪᠴᠢᠶᠡᠵᠢᠯ | ᠠᠴᠠ ᠳᠡᠭᠡᠭᠰᠢᠬᠢ 24 ᠠᠵᠤ ᠦᠢᠯᠡᠳᠪᠦᠷᠢ ᠶᠢᠨ ᠠᠵᠤ ᠠᠬᠤᠶᠢᠯᠠᠯ ᠵᠢᠱᠢᠯᠲᠡ ᠪᠠᠷ 200 ᠳ᠋ᠦᠩᠰᠢᠭᠤᠷ ᠲᠥᠭᠦᠷᠢᠭ | ᠤᠨ ᠦᠢᠯᠡᠳᠬᠦᠨ ᠤ ᠥᠷᠲᠡᠭ ᠢ ᠪᠡᠶᠡᠯᠡᠭᠦᠯᠦᠨ᠎ᠡ᠃ ᠭᠤᠷᠪᠠ ᠳᠤ᠂ ᠦᠢᠯᠡᠴᠢᠯᠡᠭᠡᠨ ᠤ ᠦᠢᠯᠡᠰ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ | ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠤᠷᠤᠨ ᠢ ᠡᠭᠦᠳᠦᠨ ᠪᠠᠶᠢᠭᠤᠯᠬᠤ ᠪᠠ ᠲᠠᠯ᠎ᠠ ᠨᠤᠲᠤᠭ ᠤᠨ | ᠨᠡᠭᠦᠳᠡᠯ ᠮᠠᠯᠵᠢᠯ ᠤᠨ ᠰᠣᠶᠣᠯ ᠵᠢᠭᠤᠯᠴᠢᠯᠠᠯ ᠤᠨ ᠦᠵᠡᠮᠵᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠤᠯᠠᠭᠠᠨ ᠤᠲᠠᠢ᠂ ᠬᠠᠪᠴᠢᠭᠠᠢ᠂ ᠰᠡᠷᠭᠦᠯᠡᠩ ᠬᠠᠷᠠᠭᠠᠲᠤ ᠵᠡᠷᠭᠡ 3 ᠵᠢᠭᠤᠯᠴᠢᠯᠠᠯ ᠤᠨ ᠦᠵᠡᠮᠵᠢ ᠶᠢᠨ | ᠣᠷᠣᠨ ᠢ ᠲᠡᠰ ᠳᠡᠪᠰᠢᠭᠦᠯᠬᠦ ᠢᠨᠵᠧᠨᠧᠷᠢᠩ ᠢ ᠲᠥᠰᠦᠪᠯᠡᠨ ᠬᠡᠷᠡᠭᠵᠢᠭᠦᠯᠵᠦ᠂ ᠣᠳᠣ ᠪᠠᠶᠢᠭ᠎ᠠ ᠵᠤᠭᠠᠴᠠᠭᠰᠠᠳ ᠲᠤ | ᠦᠢᠯᠡᠴᠢᠯᠡᠬᠦ 3 ᠲᠥᠪ ᠢ ᠰᠡᠯᠪᠢᠨ ᠵᠠᠰᠠᠵᠤ᠂ 1 ᠶᠢ ᠰᠢᠨ᠎ᠡ ᠪᠠᠷ ᠨᠡᠮᠡᠵᠦ ᠪᠠᠶᠢᠭᠤᠯᠤᠨ᠂ ᠪᠦᠬᠦ ᠣᠷᠣᠨ ᠪᠦᠰᠡ ᠶᠢᠨ | ᠵᠢᠭᠤᠯᠴᠢᠯᠠᠯ ᠤᠨ ᠲᠡᠮᠳᠡᠭ ᠢᠶᠠᠷ ᠬᠥᠲᠥᠯᠥᠨ ᠵᠢᠯᠣᠭᠤᠳᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠲᠤᠰᠬᠠᠶᠢᠵᠢᠭᠰᠠᠨ | ᠡᠵᠡᠩᠨᠡᠯᠲᠡ ᠶᠢᠨ ᠪᠠᠶᠢᠭᠤᠯᠤᠮᠵᠢ ᠶᠢ ᠦᠵᠡᠮᠵᠢ ᠶᠢᠨ ᠣᠷᠣᠨ ᠤ ᠬᠠᠮᠢᠶᠠᠷᠤᠯᠲᠠ ᠳᠤ ᠤᠷᠤᠭᠤᠯᠤᠨ᠂ ︽ᠮᠠᠯᠴᠢᠨ | ᠠᠶᠢᠯ︾᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠳᠦᠷᠢᠮᠵᠢᠭᠰᠡᠨ ᠬᠥᠭᠵᠢᠯᠲᠡ ᠶᠢ ᠵᠢᠯᠣᠭᠤᠳᠤᠨ᠎ᠠ᠃ | ᠣᠳᠣ ᠦᠶ᠎ᠡ ᠶᠢᠨ ᠶᠡᠷᠦᠩᠬᠡᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠪᠠᠶᠠᠡᠭᠤᠯᠠ | ᠨᠢᠰᠬᠡᠯ ᠤᠨ ᠪᠠᠭᠤᠳᠠᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠨ᠂ 306 ᠤᠯᠤᠰ ᠤᠨ ᠲᠡᠰ ᠤᠨ ᠵᠠᠰᠠᠮᠠᠯ | ᠵᠠᠮ ᠤᠨ ᠪᠠᠯᠭᠠᠷᠭᠤᠤᠯ ᠠᠴᠠ ᠤᠯᠢᠶᠠᠰᠤᠲᠠᠢ ᠬᠦᠷᠬᠦ ᠬᠡᠰᠡᠭ ᠤᠨ ᠵᠠᠰᠠᠮᠠᠯ ᠵᠠᠮ ᠢ ᠪᠦᠬᠦ ᠬᠦᠴᠦᠨ ᠢᠶᠠᠷ ᠬᠠᠮᠵᠢᠯᠴᠠᠨ | ᠪᠠᠶᠢᠭᠤᠯᠤᠨ᠎ᠠ᠃ ᠪᠠᠯᠠ ᠬᠤᠷᠠᠮᠳᠤᠯᠭ᠎ᠠ ᠶᠢᠨ ᠪᠠᠲᠤᠯᠠᠭ᠎ᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠣᠳᠠᠲᠤ ᠴᠣᠭᠴᠠ ᠶᠢᠨ ᠠᠵᠤ ᠠᠬᠤᠶ ᠳᠤ | ᠬᠠᠨᠳᠤᠭᠤᠯᠤᠭᠰᠠᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠳᠬᠠᠨ᠂ ᠵᠤᠬᠢᠰ ᠦᠭᠡᠢ | ᠵᠢᠭᠡᠯᠡᠯᠭᠡ ᠶᠢ ᠰᠢᠶᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ | ᠬᠢᠭᠡᠳ ᠲᠦᠷᠭᠡᠨ ᠬᠦᠷᠭᠡᠯᠲᠡ ᠶᠢᠨ ᠪᠠᠷᠠᠭᠠᠨ ᠤ ᠭᠦᠶᠯᠭᠡᠭᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠯᠡᠩ ᠢ ᠡᠬᠢᠯᠡᠨ ᠪᠠᠶᠢᠭᠤᠯᠤᠨ᠎ᠠ᠃ | ︵ᠳᠥᠷᠪᠡ︶ ᠬᠥᠳᠡᠭᠡ ᠲᠤᠰᠬᠤᠨ ᠮᠠᠯᠵᠢᠬᠤ ᠤᠷᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ | ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠬᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ᠂ ᠳᠠᠬᠢᠨ ᠶᠠᠳᠠᠭᠤᠷᠠᠬᠤ ᠪᠠ ᠭᠡᠨᠡᠳᠲᠡ ᠶᠠᠳᠠᠭᠤᠷᠠᠬᠤ | ᠪᠤᠯᠤᠯᠴᠠᠭ᠎ᠠ ᠲᠠᠢ ᠮᠠᠯᠵᠢᠬᠤ ᠡᠷᠦᠬᠡ ᠶᠢ ᠪᠦᠬᠦᠨ ᠢ ᠬᠢᠨᠠᠨ ᠬᠡᠮᠵᠢᠵᠦ᠂ ᠠᠮᠠᠷᠬᠠᠨ ᠶᠠᠳᠠᠭᠤᠷᠠᠬᠤ ᠪᠠ ᠳᠠᠬᠢᠨ | ᠶᠠᠳᠠᠭᠤᠷᠠᠬᠤ ᠬᠥᠮᠦᠨ ᠠᠮᠠ ᠶᠢ ᠡᠷᠲᠡ ᠢᠯᠡᠷᠡᠭᠦᠯᠤᠨ᠂ ᠡᠷᠲᠡ ᠬᠠᠮᠢᠶᠠᠷᠴᠤ᠂ ᠡᠷᠲᠡ ᠬᠠᠪᠰᠤᠷᠤᠨ ᠲᠡᠳᠬᠦᠬᠦ ᠶᠢ | ᠪᠡᠶᠡᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠵᠤᠯᠭᠠᠯᠳᠤᠬᠤ ᠶᠢ ᠪᠠᠲᠤᠯᠠᠬᠤ ᠶᠢᠨ ᠲᠤᠰᠠᠳᠠ᠂ ︽ᠬᠤᠷ᠎ᠠ ᠪᠣᠷᠣᠭᠠᠨ | ᠲᠥᠯᠥᠪᠯᠡᠭᠡ︾᠂ ᠶᠠᠳᠠᠭᠤ ᠶᠢ ᠰᠡᠷᠭᠡᠶᠢᠯᠡᠬᠦ ᠳᠠᠭᠠᠳᠬᠠᠯ ᠲᠤᠰᠢᠶᠠᠬᠤ᠂ ᠨᠠᠰᠤᠵᠢᠯ ᠤᠨ ᠳᠠᠭᠠᠳᠬᠠᠯ ᠣᠷᠣᠯᠠᠨ | ᠲᠤᠰᠢᠶᠠᠬᠤ᠂ ᠪᠠᠭ᠎ᠠ ᠲᠣᠭᠠᠨ ᠤ ᠵᠢᠭᠡᠯᠡᠯᠭᠡ ᠶᠢᠨ ᠬᠦᠦ ᠮᠥᠩᠭᠦ ᠶᠢ ᠨᠥᠬᠦᠪᠦᠷᠢᠯᠡᠬᠦ ᠵᠡᠷᠭᠡ ᠲᠥᠷᠥᠯ ᠵᠦᠶᠯ ᠢ | ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ︽ᠠᠵᠤ ᠦᠢᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ | ᠲᠠᠭᠠᠲᠠᠢ᠂ ᠪᠣᠯᠪᠠᠰᠤᠨ ᠰᠤᠷᠲᠠᠯ ᠲᠠᠢ᠂ ᠵᠠᠰᠠᠯᠲᠠ ᠪᠦᠲᠦᠮᠵᠢᠲᠡᠶ᠂ ᠠᠮᠢᠳᠤᠷᠠᠯ ᠴᠢᠨᠡᠭᠡᠯᠢᠭ︾ ᠪᠠᠶᠢᠬᠤ ᠶᠡᠷᠦᠩᠬᠡᠶ | ᠱᠠᠭᠠᠷᠳᠠᠯᠭ᠎ᠠ ᠶᠣᠰᠣᠭᠠᠷ᠂ ᠮᠠᠯᠵᠢᠬᠤ ᠣᠷᠣᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ | ᠵᠣᠬᠢᠶᠠᠨ ᠪᠠᠶᠢᠭᠤᠯᠤᠯᠲᠠ ᠶᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠥᠯᠬᠢᠨ ᠠᠬᠢᠭᠤᠯᠤᠨ᠎ᠠ᠃ ᠠᠵᠤ | ᠦᠢᠯᠡᠰ ᠤᠨ ᠬᠥᠭᠵᠢᠯᠲᠡ ᠶᠢ ᠠᠬᠢᠭᠤᠯᠵᠤ᠂ ︽ᠲᠤᠷᠰᠢᠯᠲᠠ ᠶᠢᠨ ᠴᠡᠭ ᠢ ᠤᠷᠢᠳᠠᠪᠠᠷ ᠬᠡᠷᠡᠭᠵᠢᠭᠦᠯᠦᠨ᠂ ᠠᠯᠬᠤᠮ | ᠠᠯᠬᠤᠮ ᠢᠶᠠᠷ ᠥᠷᠨᠢᠭᠦᠯᠬᠦ︾ ᠱᠠᠭᠠᠷᠳᠠᠯᠭ᠎ᠠ ᠶᠣᠰᠣᠭᠠᠷ᠂ ᠠᠶᠢᠮᠠᠭ ᠤᠨ ᠲᠡᠰ ᠤᠨ ᠵᠢᠱᠢᠶ᠎ᠡ ᠦᠵᠡᠭᠦᠯᠬᠦ ᠭᠠᠴᠠᠭ᠎ᠠ ᠶᠢ | 2᠂ ᠬᠤᠰᠢᠭᠤ ᠲᠡᠰ ᠤᠨ ᠭᠤᠣᠯᠳᠠᠯᠭ᠎ᠠ ᠲᠠᠢ ᠭᠠᠴᠠᠭ᠎ᠠ ᠪᠠ ᠵᠢᠱᠢᠶ᠎ᠡ ᠦᠵᠡᠭᠦᠯᠬᠦ ᠭᠠᠴᠠᠭ᠎ᠠ ᠲᠤᠰ ᠪᠦᠷᠢ 6 ᠶᠢ | ᠭᠤᠣᠯᠳᠠᠯᠭ᠎ᠠ ᠲᠠᠢ ᠳᠡᠳᠬᠦᠵᠦ᠂ ᠭᠤᠣᠯᠳᠠᠭᠤ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠤᠯᠠᠮᠵᠢᠯᠠᠯᠲᠤ ᠴᠠᠭᠠᠨ | ᠢᠳᠡᠭᠡ ᠪᠣᠯᠪᠠᠰᠤᠷᠠᠭᠤᠯᠬᠤ᠂ ᠣᠨᠴᠠᠯᠢᠭᠲᠤ ᠵᠢᠭᠤᠯᠴᠢᠯᠠᠯ ᠡᠷᠬᠢᠯᠡᠬᠦ ᠵᠡᠷᠭᠡ ᠠᠵᠤ ᠦᠢᠯᠡᠰ ᠢ ᠬᠥᠭᠵᠢᠭᠦᠯᠦᠨ᠎ᠡ᠃ | ᠮᠠᠯᠵᠢᠬᠤ ᠣᠷᠣᠨ ᠤ ᠰᠠᠭᠤᠷᠢ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠵᠦᠢᠯ ᠢ | ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ | ᠴᠠᠬᠢᠯᠭᠠᠨ ᠵᠠᠮ ᠴᠢᠮᠡᠭᠡ ᠬᠤᠯᠪᠤᠭ᠎ᠠ ᠭᠡᠷ ᠪᠠᠶᠢᠰᠢᠩ ᠵᠡᠷᠭᠡ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠪᠦᠬᠦ ᠲᠠᠯ᠎ᠠ | ᠪᠠᠷ ᠰᠠᠶᠢᠵᠢᠷᠠᠭᠤᠯᠤᠨ᠂ 129 ᠬᠤᠳᠳᠤᠭ᠂ 51 ᠤᠰᠤ ᠬᠠᠳᠠᠭᠠᠯᠠᠬᠤ ᠵᠣᠭᠤᠷᠢ ᠶᠢ ᠪᠠᠶᠢᠭᠤᠯᠬᠤ ᠪᠠᠷ | ᠲᠥᠯᠥᠪᠯᠡᠵᠦ᠂ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠦᠨ᠎ᠡ᠃ | ᠴᠠᠬᠢᠯᠭᠠᠨ ᠬᠦᠴᠦᠨ ᠤ ᠰᠠᠯᠠᠭ᠎ᠠ ᠮᠥᠴᠢᠷ ᠢ ᠵᠤᠬᠢᠴᠠᠭᠤᠯᠤᠨ᠂ ᠰᠢᠨ᠎ᠡ ᠡᠨᠧᠷᠭᠢ ᠶᠢᠨ ᠴᠠᠬᠢᠯᠭᠠᠨ ᠬᠡᠷᠡᠭᠯᠡᠵᠦ ᠪᠠᠶᠢᠭ᠎ᠠ | 663 ᠡᠷᠦᠭᠡ ᠳᠤ ᠪᠠᠶᠢᠩᠭᠤ ᠶᠢᠨ ᠴᠠᠬᠢᠯᠭᠠᠨ ᠤᠷᠤᠭᠤᠯᠵᠤ᠂ ᠴᠠᠬᠢᠯᠭᠠᠨ ᠨᠡᠪᠲᠡᠷᠡᠭᠡᠳᠦᠢ 7 ᠭᠠᠴᠠᠭᠠᠨ ᠤ ᠠᠯᠪᠠᠨ | ᠭᠡᠷ ᠲᠤ ᠪᠠᠶᠢᠩᠭᠤ ᠶᠢᠨ ᠴᠠᠬᠢᠯᠭᠠᠨ ᠨᠡᠪᠲᠡᠷᠡᠭᠦᠯᠦᠨ᠎ᠠ᠃ ᠬᠥᠳᠡᠭᠡ ᠲᠤᠰᠬᠤᠨ ᠤ ᠵᠠᠮ ᠨᠡᠪᠲᠡᠷᠡᠭᠦᠯᠭᠡ ᠶᠢᠨ | ᠨᠥᠭᠦᠴᠡᠯ ᠢ ᠬᠦᠴᠦᠯᠡᠨ ᠰᠠᠶᠢᠵᠢᠷᠠᠭᠤᠯᠤᠨ᠂ ᠮᠠᠯᠵᠢᠬᠤ ᠤᠷᠤᠨ ᠤ 5 ᠵᠤᠷᠪᠤᠰ 196 ᠺᠢᠯᠤᠮᠧᠲᠷ ᠤᠨ ᠵᠠᠰᠠᠮᠠᠯ | ᠵᠠᠮ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠵᠦ᠂ 11 ᠵᠤᠷᠪᠤᠰ 229 ᠺᠢᠯᠤᠮᠧᠲᠷ ᠤᠨ | ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠬᠤ ᠲᠥᠷᠥᠯ ᠵᠦᠢᠯ ᠢ | ᠡᠬᠢᠯᠡᠭᠦᠯᠦᠨ᠎ᠡ᠃ ︽ᠤᠶᠤᠨᠲᠤ ᠷᠠᠳᠢᠣ᠋ ᠲᠧᠯᠸᠢᠰ︾ ᠤᠨ ᠪᠦᠷᠬᠦᠴᠡ ᠪᠠ ᠦᠢᠯᠡᠴᠢᠯᠡᠭᠡᠨ ᠤ ᠢᠨᠵᠧᠨᠧᠷᠢᠩ ᠢ | ᠦᠷᠭᠦᠯᠵᠢᠯᠡᠨ ᠠᠬᠢᠭᠤᠯᠵᠤ᠂ ᠮᠠᠯᠵᠢᠬᠤ ᠣᠷᠣᠨ ᠤ 4G ᠰᠦᠯᠵᠢᠶᠡᠨ ᠲᠤᠬᠢᠶᠠᠨ ᠪᠦᠷᠬᠦᠴᠡ ᠶᠢ ᠥᠷᠭᠡᠳᠬᠡᠨ᠎ᠡ᠃ | ᠮᠠᠯᠵᠢᠬᠤ ᠣᠷᠣᠨ ᠤ ᠲᠣᠣᠷ᠎ᠠ ᠪᠠᠲᠤᠯᠠᠭᠠᠲᠤ ᠡᠷᠦᠬᠡ ᠵᠡᠷᠭᠡ ︽ᠵᠢᠷᠭᠤᠭᠠᠨ ᠲᠥᠷᠥᠯ ᠤᠨ ᠬᠥᠮᠦᠰ︾ ᠤᠨ ᠣᠷᠣᠨ | ᠰᠠᠭᠤᠴᠠ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠨ᠎ᠠ᠃ ᠮᠠᠯᠵᠢᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠵᠦ᠂ 325 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ | ᠨᠡᠶᠢᠲᠡ ᠶᠢᠨ ᠵᠣᠷᠯᠣᠩ 17᠂ ᠬᠤᠭ ᠨᠣᠪᠰᠢ ᠰᠢᠯᠵᠢᠭᠦᠯᠦᠨ ᠵᠥᠭᠡᠭᠡᠪᠦᠷᠢᠯᠡᠬᠦ ᠥᠷᠲᠡᠭᠡ 6᠂ ᠳᠣᠣᠷ᠎ᠠ | ᠳᠤᠯᠠᠭᠠᠨ ᠢᠶᠠᠷ ᠬᠤᠭ ᠨᠤᠪᠰᠢ ᠶᠢ ᠵᠠᠳᠠᠯᠬᠤ ᠥᠷᠲᠡᠭᠡ 12 ᠶᠢ ᠰᠢᠨ᠎ᠡ ᠪᠠᠷ ᠪᠠᠶᠢᠭᠤᠯᠵᠤ᠂ ᠮᠠᠯᠵᠢᠬᠤ ᠣᠷᠣᠨ ᠤ | ᠬᠥᠷᠵᠡᠩ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠢ ᠡᠬᠢᠯᠡᠭᠦᠯᠦᠨ᠎ᠡ᠃ ᠮᠠᠯᠵᠢᠬᠤ ᠣᠷᠣᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠵᠣᠬᠢᠴᠠᠮᠵᠢ ᠶᠢ | ᠪᠦᠷᠢᠠᠰᠢᠭᠦᠯᠵᠦ᠂ ᠭᠠᠴᠠᠭᠠᠨ ᠤ ᠴᠡᠪᠡᠷᠯᠡᠭᠡ ᠪᠠ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠦᠨ᠎ᠡ᠃ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ | ᠭᠤᠷᠤᠬᠠᠨ ᠪᠠᠯᠭᠠᠰᠤᠨ ᠤ ᠨᠠᠮ ᠤᠨ ᠭᠡᠰᠢᠬᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ ᠢ ᠡᠬᠢᠯᠡᠨ | ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠣᠷᠣᠨ ᠳᠤ ᠣᠷᠣᠭᠤᠯᠬᠤ ᠶᠢ ᠠᠬᠢᠭᠤᠯᠵᠤ᠂ | ᠮᠠᠯ ᠤᠨ ᠰᠢᠯᠢᠳᠡᠭ ᠠᠰᠢᠭ ᠰᠢᠮ᠎ᠡ ᠶᠢ ᠣᠷᠣᠨ ᠨᠤᠲᠤᠭ ᠤᠨ ᠨᠡᠷᠡᠲᠦ ᠲᠡᠮᠳᠡᠭ ᠪᠣᠯᠭᠠᠨ ᠬᠥᠭᠵᠢᠭᠦᠯᠦᠨ᠎ᠡ᠃ | ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠪᠣᠳᠠᠰ ᠤᠨ ᠭᠦᠢᠯᠭᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠮᠠᠯᠵᠢᠬᠤ ᠤᠷᠤᠨ ᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ | ᠶᠢ ᠳᠡᠭᠡᠭᠰᠢᠯᠡᠭᠦᠯᠦᠨ᠎ᠡ᠃ | ︵ᠲᠠᠪᠤ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠣᠯᠤᠰ ᠤᠨ | ᠲᠠᠰ ᠤᠨ ᠴᠡᠴᠡᠷᠯᠢᠭᠵᠢᠭᠦᠯᠦᠭᠰᠡᠨ ᠬᠤᠲᠠ᠂ ᠣᠯᠤᠰ ᠤᠨ ᠲᠠᠰ ᠤᠨ ᠪᠣᠯᠪᠠᠰᠤᠨ ᠬᠤᠰᠢᠭᠤ ᠰᠢᠶᠠᠨ ᠬᠤᠲᠠ ᠶᠢ | ᠡᠭᠦᠳᠦᠨ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ | ᠯᠠᠪᠳᠠᠭᠤᠨ ᠢᠶᠠᠷ ᠠᠬᠢᠭᠤᠯᠤᠨ᠎ᠠ᠃ ᠬᠤᠲᠠ ᠪᠠᠯᠭᠠᠰᠤᠨ ᠤ ᠵᠠᠮ ᠱᠤᠭᠤᠮ ᠤᠨ ᠪᠠᠶᠢᠭᠤᠯᠤᠯᠲᠠ ᠥᠭᠡᠷᠡᠴᠢᠯᠡᠯᠲᠡ᠂ | ᠨᠣᠭᠤᠭᠠᠷᠠᠭᠤᠯᠤᠯᠲᠠ ᠶᠢᠨ ᠳᠡᠭᠡᠭᠰᠢᠯᠡᠯᠲᠡ᠂ ᠵᠡᠭᠡᠯᠢ ᠭᠤᠳᠤᠮᠵᠢ ᠶᠢᠨ ᠵᠠᠰᠠᠯᠲᠠ᠂ ᠤᠰᠤ ᠬᠠᠩᠭᠠᠬᠤ ᠤᠰᠤ ᠵᠠᠯᠠᠬᠤ | ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠲᠥᠷᠥᠯ | ᠵᠦᠢᠯ ᠤᠨ ᠠᠬᠢᠭᠤᠯᠤᠯᠲᠠ ᠳᠤ 1.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ | ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠤᠨ᠂ ᠬᠤᠲᠠ ᠪᠠᠯᠭᠠᠰᠤᠨ ᠤ | ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠯᠭᠠᠷᠭᠤᠤᠯ ᠪᠠᠯᠭᠠᠰᠤᠨ ᠤ ᠠᠮᠢ ᠠᠬᠤᠶ ᠶᠢᠨ ᠰᠠᠭᠤᠷᠢᠰᠢᠬᠤ | ᠳᠤ ᠲᠠᠭᠠᠲᠠᠢ ᠬᠤᠲᠠ ᠪᠠᠯᠭᠠᠰᠤ ᠶᠢ ᠲᠠᠰ ᠳᠡᠪᠰᠢᠭᠦᠯᠬᠦ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭ᠎ᠠ ︵PPP︶ ᠶᠢᠨ ᠲᠥᠷᠥᠯ ᠵᠦᠶᠯ ᠢ ᠡᠮᠬᠢ ᠵᠢᠷᠤᠮ ᠲᠠᠢ ᠠᠬᠢᠭᠤᠯᠵᠤ᠂ ᠬᠤᠷᠠᠯ ᠦᠵᠡᠰᠬᠦᠯᠡᠩ | ᠤᠨ ᠲᠥᠪ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠵᠡᠷᠭᠡ ᠲᠥᠷᠥᠯ ᠵᠦᠶᠯ ᠤᠨ ᠨᠠᠩ ᠶᠡᠭᠡ ᠠᠬᠢᠴᠠ ᠲᠠᠢ | ᠪᠣᠯᠭᠠᠨ᠎ᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠦᠷᠭᠦᠯᠵᠢᠯᠡᠨ | ᠠᠬᠢᠭᠤᠯᠵᠤ᠂ 6 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠨ ᠰᠠᠭᠤᠴᠠ ᠶᠢᠨ ᠠᠰᠠᠷ ᠢ 8 | ᠰᠠᠭᠤᠷᠢ 1.7 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠰᠢᠨᠡᠳᠬᠡᠵᠦ᠂ 188 ᠰᠠᠭᠤᠭᠠᠯᠢ ᠡᠷᠦᠬᠡ ᠶᠢᠨ | ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠪᠠᠷ ᠲᠥᠯᠥᠪᠯᠡᠵᠦ ᠪᠤᠢ᠃ ᠲᠦᠬᠦᠮ ᠪᠦᠳᠦᠴᠡᠳᠦ ᠣᠷᠣᠨ | ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠲᠥᠪᠬᠢᠨᠡᠭᠦᠯᠬᠦ ᠠᠰᠠᠷ ᠤᠨ | ᠢᠷᠡᠯᠲᠡ ᠶᠢ ᠥᠷᠭᠡᠳᠬᠡᠨ᠂ ᠤᠯᠠᠨ ᠲᠦᠮᠡᠨ ᠤ ᠠᠳᠠᠯᠢ ᠪᠤᠰᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ | ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠵᠢᠷᠤᠮᠵᠢᠭᠤᠯᠤᠨ | ᠳᠡᠭᠡᠭᠰᠢᠯᠡᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠠᠮᠤᠷᠬᠤ ᠨᠣᠷᠮ᠎ᠠ ᠶᠢ ᠳᠡᠭᠡᠭᠰᠢᠯᠡᠭᠦᠯᠦᠨ᠂ ᠠᠳᠠᠯ | ᠠᠬᠤᠶ ᠶᠢᠨ ᠦᠶᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠲᠣᠣᠷ᠎ᠠ | ᠨᠡᠭᠦᠷᠡᠰᠦᠲᠥ᠋ᠷᠥᠭᠴᠢᠲᠦ ᠭᠠᠳᠠᠭᠰᠢᠯᠠᠯᠲᠠ ᠶᠢ ᠰᠠᠨᠠᠭᠠᠴᠢᠯᠠᠵᠤ᠂ ᠪᠠᠯᠭᠠᠷᠭᠤᠤᠯ ᠪᠠᠯᠭᠠᠰᠤᠨ ᠳᠤ 2 ᠵᠤᠷᠪᠤᠰ ᠨᠡᠶᠢᠲᠡ | ᠶᠢᠨ ᠮᠠᠰᠢᠨ ᠲᠡᠷᠭᠡᠨ ᠤ ᠱᠤᠭᠤᠮ ᠢ ᠨᠡᠪᠲᠡᠷᠡᠭᠦᠯᠬᠦ ᠪᠠᠷ ᠲᠥᠯᠥᠪᠯᠡᠵᠦ᠂ ᠬᠤᠲᠠ ᠶᠢᠨ ᠴᠢᠳᠠᠪᠬᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ | ᠬᠤᠲᠠ ᠪᠠᠯᠭᠠᠰᠤᠨ ᠤ ᠵᠠᠮ ᠱᠤᠭᠤᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠢ ᠲᠥᠷᠥᠯ ᠤᠨ ᠠᠵᠢᠯᠯᠠᠭ᠎ᠠ ᠶᠢ | ᠥᠷᠨᠢᠭᠦᠯᠵᠦ᠂ ᠪᠠᠯᠭᠠᠷᠭᠤᠤᠯ ᠪᠠᠯᠭᠠᠰᠤ ᠵᠢᠴᠢ ᠦᠷ᠎ᠡ ᠬᠠᠪᠢ ᠶᠢᠨ ᠵᠠᠷ ᠮᠡᠳᠡᠭᠡᠨ ᠤ ᠫᠠᠶᠢᠰᠠ᠂ ᠬᠤᠳᠠᠯᠳᠤᠭᠠᠨ ᠤ | ᠫᠠᠶᠢᠰᠠ ᠢᠯᠡᠷᠬᠡᠶᠢᠯᠡᠯ ᠢ ᠴᠡᠪᠡᠷᠯᠡᠨ ᠳᠦᠷᠢᠮᠵᠢᠭᠦᠯᠵᠦ᠂ ᠬᠤᠲᠠ ᠲᠣᠭᠤᠷᠢᠭ ᠤᠨ ᠴᠠᠬᠢᠯᠭᠠᠨ ᠬᠦᠴᠦ᠂ ᠲᠣᠣᠷ | ᠰᠦᠯᠵᠢᠶ᠎ᠡ᠂ ᠴᠢᠮᠡᠭᠡ ᠨᠡᠪᠲᠡᠷᠡᠭᠦᠯᠭᠡ ᠶᠢᠨ ᠭᠠᠳᠠᠨᠠᠬᠢ ᠢᠯᠡ ᠤᠲᠠᠰᠤ ᠱᠤᠭᠤᠮ ᠢ ᠭᠠᠵᠠᠷ ᠳᠣᠣᠷ᠎ᠠ ᠪᠤᠯᠠᠵᠤ᠂ ᠨᠠᠩ | ᠭᠤᠶᠤ ᠰᠠᠶᠢᠬᠠᠨ ᠠᠷᠢᠭᠤᠨ ᠴᠡᠪᠡᠷ ᠬᠤᠲᠠ ᠪᠠᠯᠭᠠᠰᠤᠨ ᠤ ᠣᠷᠴᠢᠨ ᠲᠣᠭᠤᠷᠢᠨ ᠢ ᠪᠤᠢ ᠪᠤᠯᠭᠠᠨ᠎ᠠ᠃ | ︵ᠵᠢᠷᠭᠤᠭ᠎ᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠨᠠᠩ ᠴᠢᠨᠠᠷᠯᠢᠭ ᠢᠶᠠᠷ ᠠᠷᠠᠯᠵᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠷᠢᠯᠳᠦᠭᠦᠯᠦᠨ᠂ ᠠᠵᠤ | ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠭᠠᠷᠳᠠᠮ ᠭᠦᠶᠴᠡᠳᠬᠡᠬᠦ᠂ | ᠢᠲᠡᠭᠡᠮᠵᠢᠲᠦ ᠵᠢᠭᠡᠯᠡᠯᠭᠡ ᠡᠷᠡᠮᠡᠯᠵᠡᠯᠡᠬᠦ ᠵᠡᠷᠭᠡ ᠲᠠᠯ᠎ᠠ ᠳᠤ ᠤᠷᠤᠰᠢᠵᠦ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢ | ᠵᠣᠬᠢᠴᠠᠭᠤᠯᠤᠨ ᠰᠢᠶᠳᠪᠦᠷᠢᠯᠡᠵᠦ᠂ ᠡᠷᠬᠡ ᠲᠡᠭᠰᠢ ᠪᠠᠷ ᠥᠷᠢᠰᠥᠯᠳᠦᠬᠦ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ | ᠣᠷᠴᠢᠨ ᠨᠥᠬᠦᠴᠡᠯ ᠢ ᠬᠠᠮᠠᠭᠠᠯᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ | ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ︽ᠲᠠᠯᠪᠢᠬᠤ᠂ ᠬᠠᠮᠢᠶᠠᠷᠬᠤ᠂ ᠦᠶᠯᠡᠴᠢᠯᠡᠬᠦ︾ ᠥᠭᠡᠷᠡᠴᠢᠯᠡᠯᠲᠡ | ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠳᠥᠷᠪᠡᠨ ᠵᠦᠢᠯ ᠢᠶᠠᠷ ᠭᠦᠶᠴᠡᠳᠬᠡᠬᠦ︾ ᠠᠵᠢᠯ ᠢ | ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ | ᠮᠠᠶ᠋ᠢᠭ ᠢᠶᠠᠷ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠵᠠᠰᠠᠭ ᠤᠨ | ᠶᠠᠪᠤᠳᠠᠯ ᠤᠨ ᠦᠶᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠲᠥᠪᠰᠢᠨ ᠢ ᠳᠡᠭᠡᠭᠰᠢᠯᠡᠭᠦᠯᠦᠨ᠎ᠡ᠃ ᠣᠯᠠᠨ | ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠯᠠᠪᠤᠷ ᠤᠨ ᠪᠠᠷᠢᠮᠵᠢᠶᠠᠵᠢᠭᠤᠯᠵᠤ ᠵᠢᠷᠤᠮᠵᠢᠭᠤᠯᠬᠤ | ᠪᠠᠶᠢᠭᠤᠯᠤᠯᠲᠠ ᠶᠢ ᠠᠬᠢᠭᠤᠯᠵᠤ᠂ ᠨᠠᠩ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠣᠯᠠᠨ ᠨᠡᠶᠢᠲᠡ ᠶᠢᠨ | ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠢ ᠪᠠᠶᠢᠭᠤᠯᠤᠨ᠎ᠠ᠃ ᠪᠡᠯᠡ ᠣᠷᠣᠭᠤᠯᠤᠯᠲᠠ ᠶᠢᠨ ᠳᠦᠷᠦᠯ ᠵᠦᠢᠯ ᠢ | ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠡᠯᠡ ᠣᠷᠣᠭᠤᠯᠤᠯᠲᠠ ᠶᠢᠨ | ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠢᠨ᠎ᠡ ᠱᠠᠲᠤ | ᠦᠶ᠎ᠡ ᠶᠢᠨ ᠮᠠᠯᠵᠢᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠣᠷᠣᠨ ᠤ ᠥᠮᠴᠢᠯᠡᠯ ᠤᠨ | ᠡᠷᠬᠡ ᠶᠢᠨ ᠳᠦᠷᠢᠮ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ | ᠮᠠᠯᠵᠢᠬᠤ ᠣᠷᠣᠨ ᠤ ᠡᠬᠢ ᠪᠠᠶᠠᠯᠢᠭ ᠤᠨ ᠡᠯᠧᠮᠧᠨ᠋ᠲ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠤᠨ ᠬᠡᠷᠡᠭᠯᠡᠬᠦ ᠶᠢ ᠴᠢᠩᠭᠠᠳᠬᠠᠵᠤ᠂ ᠨᠡᠩ ᠤᠯᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠤᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠤᠨ᠎ᠠ᠃ ᠨᠢᠭᠡ ᠳᠤ᠂ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ ᠠᠬᠢᠭᠤᠯᠬᠤ᠂ ᠠᠵᠢᠯ ᠤᠯᠬᠤ | ᠳᠤ ᠬᠦᠴᠢᠷᠲᠡᠶ ᠬᠥᠮᠦᠰ ᠢ ᠣᠨᠣᠪᠴᠢᠲᠠᠶ ᠪᠠᠷ ᠬᠠᠪᠰᠤᠷᠤᠨ ᠲᠡᠳᠬᠦᠬᠦ᠂ ᠬᠤᠲᠠ ᠤᠷᠤᠭᠰᠠᠨ ᠮᠠᠯᠴᠢᠳ ᠲᠤ ᠠᠵᠢᠯ | ᠣᠯᠭᠤᠬᠤ ᠦᠶᠯᠡᠴᠢᠯᠡᠭᠡ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠪᠠᠨ ᠳᠠᠭᠠᠭᠠᠵᠤ ᠠᠵᠢᠯ ᠤᠯᠬᠤ ᠶᠢ | ᠬᠠᠪᠰᠤᠷᠤᠨ ᠲᠡᠳᠬᠦᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠢᠯ ᠣᠯᠬᠤ ᠠᠷᠭ᠎ᠠ | ᠵᠠᠮ ᠢ ᠨᠢ ᠤᠯᠠᠮ ᠨᠢᠭᠡ ᠠᠯᠬᠤᠮ ᠥᠷᠭᠡᠳᠬᠡᠨ᠂ ᠭᠤᠤᠯᠳᠠᠯᠭ᠎ᠠ ᠲᠠᠢ ᠬᠥᠮᠦᠰ ᠤᠨ ᠲᠣᠭᠲᠠᠭᠤᠨ ᠢᠶᠠᠷ ᠠᠵᠢᠯ | ᠤᠯᠬᠤ ᠶᠢ ᠦᠷᠭᠦᠯᠵᠢᠯᠡᠨ ᠠᠬᠢᠭᠤᠯᠤᠨ᠎ᠠ᠃ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠠᠵᠢᠯᠯᠠᠭ᠎ᠠ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠦᠷᠭᠦᠯᠵᠢᠯᠡᠨ ᠬᠡᠷᠡᠭᠵᠢᠭᠦᠯᠵᠦ᠂ ᠠᠵᠢᠯ ᠠᠯᠳᠠᠬᠤ ᠶᠢ ᠦᠨᠳᠦᠰᠦᠨ ᠠᠴᠠ ᠨᠢ ᠪᠠᠭᠠᠰᠬᠠᠨ᠂ ᠠᠵᠢᠯ ᠣᠯᠭᠤᠯᠲᠠ ᠶᠢᠨ | ᠪᠠᠶᠢᠳᠠᠯ ᠤᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠬᠠᠮᠠᠭᠠᠯᠠᠨ᠎ᠠ᠃ ᠬᠤᠶᠠᠷ ᠲᠤ᠂ ᠨᠡᠶᠢᠭᠡᠮ ᠤᠨ ᠪᠠᠲᠤᠯᠠᠭ᠎ᠠ | ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠣᠨᠣᠪᠴᠢᠲᠠᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠦᠷᠭᠦᠯᠵᠢᠯᠡᠨ ᠥᠷᠭᠡᠳᠬᠡᠨ᠎ᠡ᠃ | ᠬᠦᠴᠢᠷᠳᠡᠯᠲᠡᠶ ᠣᠯᠠᠨ ᠲᠦᠮᠡᠨ ᠤ ᠳᠠᠭᠠᠳᠬᠠᠯ ᠳᠤ ᠣᠷᠣᠬᠤ ᠰᠦᠶᠳᠬᠡᠯ ᠤᠨ ᠳᠠᠷᠤᠭᠠᠰᠤ ᠶᠢ ᠬᠥᠩᠭᠡᠷᠡᠭᠦᠯᠵᠦ᠂ | ᠨᠥᠬᠦᠴᠡᠯ ᠳᠤ ᠨᠡᠶᠢᠴᠡᠬᠦ ᠬᠥᠮᠦᠰ ᠲᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠤᠨ ᠬᠥᠳᠡᠯᠦᠩᠭᠦᠶ | ᠬᠠᠮᠢᠶᠠᠷᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠢ ᠴᠠᠭ ᠲᠤᠬᠠᠶ | ᠳᠤᠨᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠣᠷᠣᠰᠢᠭᠤᠯᠭ᠎ᠠ ᠶᠢᠨ ᠦᠶᠯᠡᠴᠢᠯᠡᠭᠡᠨ ᠤ ᠪᠥᠬᠦ ᠠᠷᠠᠳ | ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠷᠣᠰᠢᠭᠤᠯᠭ᠎ᠠ ᠶᠢᠨ ᠳᠥᠷᠪᠡᠨ ᠵᠦᠶᠯ ᠤᠨ | ᠦᠨᠳᠦᠰᠦᠨ ᠦᠶᠯᠡᠴᠢᠯᠡᠭᠡᠨ ᠤ ᠰᠦᠶᠳᠬᠡᠯ ᠢ ᠪᠥᠬᠦ ᠲᠠᠯ᠎ᠠ ᠪᠠᠷ ᠬᠡᠯᠲᠦᠷᠢᠭᠦᠯᠵᠦ᠂ ᠴᠠᠭᠠᠨᠬᠤᠰᠢᠭᠤ ᠨᠡᠶᠢᠲᠡ ᠶᠢᠨ | ᠣᠩᠭᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠬᠥᠮᠦᠨ | ᠠᠮᠠ ᠶᠢᠨ ᠨᠠᠰᠤᠵᠢᠯᠲᠠ ᠶᠢ ᠠᠩᠬᠠᠷᠤᠨ᠂ ᠪᠠᠯᠭᠠᠷᠭᠤᠤᠯ ᠪᠠᠯᠭᠠᠰᠤᠨ ᠳᠤ ᠶᠡᠷᠦᠩᠬᠡᠶᠢᠯᠡᠭᠰᠡᠨ ᠴᠢᠨᠠᠷᠲᠠᠢ ᠨᠠᠰᠤᠵᠢᠯ ᠤᠨ | ᠬᠦᠷᠢᠶᠡᠯᠡᠩ ᠤᠨ ᠳᠦᠷᠦᠯ ᠵᠦᠢᠯ ᠢ ᠡᠬᠢᠯᠡᠨ ᠪᠠᠶᠢᠭᠤᠯᠵᠦ᠂ ᠨᠠᠰᠤᠳᠠᠶᠢᠴᠤᠳ ᠲᠤ ᠦᠢᠯᠡᠴᠢᠯᠡᠬᠦ ᠳᠦᠪᠰᠢᠨ ᠢ | ᠳᠡᠭᠡᠭᠰᠢᠯᠡᠬᠦᠯᠦᠨ᠎ᠡ᠃ ᠵᠡᠮᠳᠡᠭᠴᠦᠳ ᠤᠨ ᠠᠵᠢᠯ ᠦᠢᠯᠡᠰ ᠢ ᠬᠥᠭᠵᠢᠭᠦᠯᠦᠨ᠂ ᠵᠡᠮᠳᠡᠭᠴᠦᠳ ᠤᠨ ᠡᠷᠡᠭᠦᠯᠵᠢᠯ ᠤᠨ | ᠲᠥᠪ ᠤᠨ ᠪᠠᠶᠢᠭᠤᠯᠤᠯᠲᠠ ᠶᠢ ᠲᠠᠭᠤᠰᠬᠠᠨ᠎ᠠ᠃ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ ᠨᠠᠩ | ᠰᠠᠶᠢᠲᠤᠷ ᠪᠠᠲᠤᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠪᠠᠷᠢᠯᠭ᠎ᠠ ᠶᠢᠨ ᠲᠥᠷᠥᠯ ᠢ | ᠡᠬᠢᠯᠡᠨ ᠪᠠᠶᠢᠭᠤᠯᠤᠨ᠎ᠠ᠃ ᠭᠤᠷᠪᠠ ᠳᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ | ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ | 3000 ᠳᠦᠮᠡᠨ ᠲᠦᠭᠦᠷᠢᠭ ᠤᠨ ᠪᠡᠯᠡ ᠤᠷᠤᠭᠤᠯᠵᠤ᠂ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ | ᠵᠢᠭᠠᠨ ᠰᠤᠷᠭᠠᠯᠲᠠ ᠶᠢᠨ ᠠᠰᠠᠷ ᠢ ᠪᠠᠶᠢᠭᠤᠯᠵᠦ᠂ ᠠᠯᠪᠠᠨ ᠠᠴᠠ ᠡᠷᠬᠢᠯᠡᠭᠰᠡᠨ ᠭᠡᠤᠭᠡᠳ ᠤᠨ ᠴᠡᠴᠡᠷᠯᠢᠭ ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠠᠰᠠᠷ ᠢ ᠰᠢᠨ᠎ᠡ ᠪᠠᠷ | ᠪᠠᠶᠢᠭᠤᠯᠬᠤ ᠲᠥᠷᠥᠯ ᠵᠦᠢᠯ ᠢ ᠳᠦᠯᠬᠢᠨ ᠠᠬᠢᠭᠤᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠤᠨᠲᠠᠷᠠᠭᠠᠬᠤ | ᠥᠭᠡᠷᠡᠴᠢᠯᠡᠯᠲᠡ ᠶᠢᠨ ᠢᠨᠵᠧᠨᠧᠷᠢᠩ ᠢ ᠠᠯᠬᠤᠮ ᠠᠯᠬᠤᠮ ᠢᠶᠠᠷ ᠬᠡᠷᠡᠭᠵᠢᠬᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠠᠩᠭᠢ ᠳᠤ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠨ᠎ᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠤᠬᠴᠠᠵᠢᠭᠤᠯᠬᠤ | ᠪᠠᠶᠢᠭᠤᠯᠤᠯᠲᠠ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ | ᠂ ᠪᠠᠭᠰᠢ ᠶᠢ ᠤᠷᠮᠠᠰᠢᠭᠤᠯᠬᠤ ᠲᠣᠭᠲᠠᠴᠠ ᠶᠢ ᠰᠢᠯᠢᠳᠡᠭᠵᠢᠭᠦᠯᠦᠨ᠂ ᠥᠷᠭᠡᠨ ᠣᠯᠠᠨ ᠪᠠᠭᠰᠢ ᠨᠠᠷ ᠤᠨ ᠠᠵᠢᠯ ᠤᠨ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠤᠯᠠᠮ ᠨᠢᠭᠡ ᠠᠯᠬᠤᠮ ᠳᠠᠶᠢᠴᠢᠯᠠᠵᠤ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠤᠨ᠎ᠠ᠃ ᠰᠢᠨ᠎ᠡ | ᠴᠠᠭ ᠦᠶ᠎ᠡ ᠶᠢᠨ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠪᠠ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ | ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠦᠴᠦᠯᠡᠨ ᠬᠥᠮᠦᠵᠢᠭᠦᠯᠦᠨ᠎ᠡ᠃ ᠳᠥᠷᠪᠡ ᠳᠤ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠰᠢᠭᠤ ᠡᠮᠨᠡᠯᠭᠡ ᠶᠢᠨ ᠬᠤᠷᠢᠶᠠᠨ ᠤ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠮᠨᠡᠬᠦ ᠲᠣᠭᠤᠷᠢᠭ ᠤᠨ ᠢᠨᠵᠧᠨᠧᠷᠢᠩ ᠢ ᠠᠰᠢᠭᠯᠠᠯᠲᠠ ᠳᠤ ᠣᠷᠣᠭᠤᠯᠬᠤ | ᠶᠢ ᠠᠬᠢᠭᠤᠯᠵᠤ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠶᠢᠴᠠᠭᠠᠨ ᠰᠢᠯᠭᠠᠬᠤ | ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠪᠠᠶᠠᠨᠭᠤᠣᠯ ᠡᠷᠡᠭᠦᠯ ᠬᠠᠮᠠᠭᠠᠯᠠᠯ ᠤᠨ ᠬᠤᠷᠢᠶ᠎ᠠ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ | ᠪᠠᠶᠢᠷᠢ ᠵᠡᠷᠭᠡ ᠲᠥᠷᠥᠯ ᠵᠦᠶᠯ ᠢ ᠬᠡᠷᠡᠭᠵᠢᠬᠦᠯᠬᠦ ᠶᠢ ᠠᠬᠢᠭᠤᠯᠵᠦ᠂ ᠮᠠᠯᠵᠢᠬᠤ ᠤᠷᠤᠨ ᠤ ᠠᠷᠠᠳ ᠲᠦᠮᠡᠨ ᠤ | ᠡᠪᠡᠳᠴᠢᠨ ᠢᠶᠠᠨ ᠡᠮᠨᠡᠭᠦᠯᠬᠦ ᠳᠤ ᠳᠦᠭᠦᠮ ᠦᠵᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠡᠰ ᠬᠤᠪᠢᠶᠠᠨ ᠣᠨᠣᠰᠢᠯᠠᠨ ᠡᠮᠨᠡᠬᠦ ᠲᠦᠷᠢᠮ ᠢ | ᠨᠠᠶᠢᠳᠠᠪᠤᠷᠢᠵᠢᠭᠤᠯᠤᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷᠯᠢᠭ ᠬᠥᠭᠵᠢᠯᠲᠡ ᠶᠢ | ᠠᠬᠢᠭᠤᠯᠤᠨ᠎ᠠ᠃ ᠬᠢᠲᠠᠳ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠶᠢ ᠡᠭᠦᠳᠦᠨ | ᠬᠥᠭᠵᠢᠭᠦᠯᠬᠦ ᠶᠢ ᠠᠬᠢᠭᠤᠯᠤᠨ᠂ ᠦᠨᠳᠦᠰᠦᠨ ᠱᠠᠲᠤᠨ ᠤ ᠡᠪᠡᠳᠴᠢᠲᠡᠨ ᠤ ᠮᠣᠩᠭᠤᠯ ᠡᠮ ᠡᠮᠨᠡᠯᠭᠡ ᠶᠢᠨ ᠬᠡᠷᠡᠭᠴᠡᠭᠡ | ᠱᠠᠭᠠᠷᠳᠠᠯᠭ᠎ᠠ ᠶᠢ ᠨᠠᠩ ᠰᠠᠶᠢᠨ ᠬᠠᠩᠭᠠᠨ᠎ᠠ᠃ ᠤᠯᠤᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ | ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠢ | ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠯᠤᠰ ᠤᠨ ᠳᠠᠬᠢᠨ ᠬᠢᠨᠠᠯᠲᠠ ᠶᠢ | ᠬᠦᠯᠢᠶᠡᠬᠦ ᠪᠡᠯᠡᠳᠬᠡᠯ ᠠᠵᠢᠯ ᠢ ᠰᠠᠶᠢᠲᠤᠷ ᠬᠢᠨ᠎ᠠ᠃ ᠲᠠᠪᠤ ᠳᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ | ᠤ ᠲᠦᠪᠰᠢᠨ ᠢ ᠳᠡᠭᠡᠭᠰᠢᠯᠡᠭᠦᠯᠦᠨ᠎ᠡ᠃ ᠡᠬᠡ ᠣᠷᠣᠨᠴᠢ ᠦᠵᠡᠯ ᠤᠨ ᠬᠥᠮᠦᠵᠢᠯ ᠪᠣᠯᠤᠨ ᠠᠷᠠᠳ ᠢᠷᠭᠡᠳ ᠤᠨ ᠶᠣᠰᠣ | ᠮᠣᠷᠠᠯ ᠤᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ | ᠬᠥᠮᠦᠵᠢᠯ ᠢ ᠴᠢᠩᠭᠠᠳᠬᠠᠨ᠂ ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠭᠠᠨᠮᠥ᠋ᠴᠢᠷ | ᠤᠨ ᠦᠶᠯᠡᠰ ᠢ ᠳᠡᠮᠵᠢᠨ ᠬᠥᠭᠵᠢᠭᠦᠯᠵᠦ᠂ ᠤᠯᠠᠭᠠᠨᠮᠥ᠋ᠴᠢᠷ ᠤᠨ ᠤᠷᠠᠯᠢᠭ ᠤᠨ ᠲᠥᠪ ᠢ ᠪᠠᠶᠢᠭᠤᠯᠤᠨ᠎ᠠ᠃ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠥᠯ ᠪᠥᠮᠪᠦᠭᠡ ᠶᠢᠨ ᠣᠷᠳᠣᠨ | ᠢ ᠡᠬᠢᠯᠡᠨ ᠪᠠᠶᠢᠭᠤᠯᠤᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠨᠠᠭᠠᠳᠤᠮ ᠵᠢᠴᠢ ᠳᠣᠯᠣᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠴᠠᠭᠠᠨ ᠠᠳᠤᠭᠤᠨ ᠤ ᠰᠣᠶᠣᠯ ᠤᠨ ᠨᠠᠶᠢᠷ ᠢ ᠪᠡᠯᠡᠳᠬᠡᠵᠦ᠂ ᠪᠡᠭᠡᠵᠢᠩ ᠤᠨ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠬᠦᠴᠦ ᠨᠡᠮᠡᠷᠢᠯᠡᠬᠦ ᠪᠠ ᠨᠠᠮ ᠤᠨ ᠬᠤᠷᠢᠳᠤᠭᠠᠷ | ᠶᠡᠭᠡ ᠬᠤᠷᠠᠯ ᠢ ᠪᠠᠶᠠᠷᠯᠠᠨ ᠤᠭᠲᠤᠬᠤ ᠵᠡᠷᠭᠡ ᠭᠤᠤᠯ ᠰᠡᠳᠦᠪ ᠤᠨ ᠲᠣᠭᠤᠷᠢᠨ ᠳᠤ᠂ ᠡᠯᠪᠡᠭ ᠪᠠᠶᠠᠯᠢᠭ ᠣᠯᠠᠨ | ᠲᠦᠮᠡᠨᠴᠢ ᠴᠢᠨᠠᠷᠲᠠᠶ ᠰᠣᠶᠣᠯ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠨᠠᠢᠮᠠ︶ ᠨᠡᠶᠢᠭᠡᠮ ᠤᠨ ᠠᠮᠤᠷ ᠲᠤᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠨᠢᠭᠡ ᠳᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠪᠴᠢᠲᠠᠶ ᠪᠥᠭᠡᠳ ᠬᠦᠴᠦᠲᠡᠶ ᠠᠳᠬᠤᠨ᠎ᠠ᠃ | ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠶᠢᠩᠭᠤᠵᠢᠬᠰᠠᠨ ᠨᠠᠷᠢᠯᠢᠭ | ᠤᠨᠤᠪᠴᠢᠲᠠᠢ ᠪᠠᠷ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ | ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠬᠤ ᠰᠡᠷᠭᠡᠶᠢᠯᠡᠯᠲᠡ ᠶᠢᠨ ᠱᠤᠭᠤᠮ ᠢ ᠦᠨᠡᠨᠬᠦ | ᠪᠠᠬᠢᠵᠢᠭᠦᠯᠵᠦ᠂ ᠲᠠᠷᠢᠯᠭ᠎ᠠ ᠬᠢᠬᠦ ᠠᠵᠢᠯ ᠢ ᠠᠮᠤᠷ ᠲᠦᠪᠰᠢᠨ ᠯᠠᠪᠳᠠᠭᠤᠨ ᠢᠶᠠᠷ ᠰᠠᠶᠢᠲᠤᠷ ᠬᠢᠵᠦ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ᠎ᠡ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠪᠣᠳᠠᠲᠠᠢ ᠠᠳᠬᠤᠵᠤ᠂ | ᠬᠠᠯᠳᠠᠪᠤᠷᠢᠯᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃ ᠬᠤᠶᠠᠷ ᠲᠤ᠂ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠪᠠᠷᠠᠭᠤᠨ ᠦᠵᠦᠮᠦᠴᠢᠨ ᠬᠤᠰᠢᠭᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ︾ ᠶᠢ | ᠲᠣᠭᠲᠠᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ | ᠶᠢ ᠡᠭᠦᠳᠦᠨ ᠪᠠᠶᠢᠭᠤᠯᠬᠤ ᠡᠯ᠎ᠡ ᠲᠥᠷᠥᠯ ᠤᠨ ᠠᠵᠢᠯ ᠢ ᠰᠠᠶᠢᠲᠤᠷ ᠠᠳᠬᠤᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ | ᠥᠷᠭᠡᠨ ᠢᠶᠠᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ︽ᠨᠠᠶᠮᠠ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠰ | ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠴᠢᠷᠮᠠᠶᠢᠨ ᠡᠭᠦᠳᠦᠨ | ᠪᠠᠶᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠲᠥᠷᠥᠯ ᠵᠦᠶᠯ ᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ | ᠪᠤᠵᠠᠭᠠᠶᠢᠷᠠᠭᠤᠯᠬᠤ ᠶᠢ ᠳᠡᠮᠵᠢᠨ᠎ᠡ᠃ ᠭᠤᠷᠪᠠ ᠳᠤ᠂ ᠵᠠᠰᠠᠭ ᠤᠨ ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ | ᠰᠡᠷᠭᠡᠶᠢᠯᠡᠨ ᠠᠷᠢᠯᠭᠠᠨ᠎ᠠ᠃ ᠵᠠᠰᠠᠭ ᠤᠨ ᠤᠷᠳᠤᠨ ᠤ ᠥᠷᠢ ᠥᠭᠴᠡᠭᠡ ᠶᠢ ᠵᠢᠯ ᠳᠠᠷᠠᠭᠠᠯᠠᠨ ᠲᠥᠯᠦᠵᠦ᠂ ᠵᠠᠰᠠᠭ ᠤᠨ | ᠣᠷᠳᠣᠨ ᠪᠠ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭ᠎ᠠ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ | ᠠᠪᠬᠤ ᠵᠡᠷᠭᠡ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢᠨ ᠬᠢᠵᠠᠭᠠᠷ | ᠱᠤᠭᠤᠮ ᠢ ᠪᠠᠲᠤ ᠰᠠᠬᠢᠵᠦ᠂ ᠪᠦᠬᠦ ᠵᠢᠯ ᠳᠤ 1.85 ᠳ᠋ᠦᠩᠰᠢᠭᠤᠷ ᠲᠦᠭᠦᠷᠢᠭ ᠤᠨ ᠥᠷᠢ ᠥᠭᠴᠡᠭᠡ ᠶᠢ | ᠰᠢᠢᠳᠪᠦᠷᠢᠯᠡᠬᠦ ᠪᠠᠷ ᠲᠥᠯᠥᠪᠯᠡᠵᠦ ᠪᠠᠶᠢᠨ᠎ᠠ᠃ ᠳᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠵᠤ᠂ | ᠲᠥᠰᠦᠪ ᠤᠨ ᠬᠢᠵᠠᠭᠠᠷᠯᠠᠯ ᠢ ᠴᠢᠩᠭᠠᠳᠬᠠᠨ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠳᠥᠷᠢᠮ ᠢ ᠵᠥᠷᠢᠴᠡᠨ ᠥᠷᠢ ᠥᠭᠴᠡᠭᠡ ᠨᠡᠮᠡᠭᠳᠡᠬᠦ ᠰᠢᠨ᠎ᠡ | ᠲᠥᠷᠥᠯ ᠵᠦᠢᠯ ᠢ ᠪᠠᠶᠢᠭᠤᠯᠬᠤ ᠦᠭᠡᠢ᠃ ᠳᠥᠷᠪᠡ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ | ᠴᠢᠩᠭᠠᠳᠬᠠᠨ ᠳᠡᠭᠡᠭᠰᠢᠯᠡᠭᠦᠯᠦᠨ᠎ᠡ᠃ ᠠᠶᠤᠯᠭᠦᠢ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ | ᠤᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠠᠮᠤᠷ ᠲᠦᠪᠰᠢᠨ ᠤ ᠬᠡᠮ | ᠰᠣᠭᠤᠭ ᠢ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠥᠬᠦᠷᠡᠰᠢ ᠥᠬᠡᠶ ᠰᠠᠶᠢᠲᠤᠷ ᠠᠳᠬᠤᠨ᠎ᠠ᠃ ᠤᠶᠤᠨᠴᠢ | ᠠᠭᠤᠷᠬᠠᠶ ᠤᠶᠤᠨᠴᠢ ᠦᠶᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠶᠤᠯᠭᠦᠶ ᠦᠶᠯᠡᠳᠪᠦᠷᠢᠯᠡᠯ | ᠪᠠ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠨ ᠭᠠᠮᠰᠢᠭ ᠠᠴᠠ ᠠᠪᠤᠷᠬᠠᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢ | ᠴᠢᠩᠭᠠᠳᠬᠠᠵᠤ᠂ 5 ᠰᠤᠮᠤ ᠪᠠᠯᠭᠠᠰᠤᠨ ᠳᠤ ᠭᠠᠯ ᠤᠨᠲᠠᠷᠠᠭᠠᠬᠤ ᠥᠷᠲᠡᠭᠡ ᠪᠠᠶᠢᠭᠤᠯᠬᠤ ᠪᠠᠷ ᠲᠥᠯᠥᠪᠯᠡᠵᠦ᠂ | ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠪᠠ ᠭᠠᠵᠠᠷ | ᠬᠥᠳᠡᠯᠦᠯᠲᠡ ᠶᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠵᠢᠱᠢᠶ᠎ᠡ ᠦᠵᠡᠭᠦᠯᠬᠦ ᠰᠤᠷᠭᠠᠭᠤᠯᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠳᠠ ᠶᠢ ᠦᠷᠭᠦᠯᠵᠢᠯᠡᠨ | ᠴᠢᠩᠭᠠᠳᠬᠠᠵᠦ᠂ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ | ᠪᠠᠲᠤᠯᠠᠨ᠎ᠠ᠃ ᠲᠠᠪᠤ ᠳᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ᠃ ᠦᠵᠡᠯ ᠤᠬᠠᠮᠰᠠᠷ | ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠦᠵᠡᠯ ᠤᠬᠠᠮᠰᠠᠷ | ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠰᠠᠨᠠᠭᠠᠴᠢᠯᠠᠭᠠᠲᠤ ᠡᠷᠬᠡ᠂ ᠶᠠᠷᠢᠯᠴᠠᠭᠠᠨ ᠤ ᠡᠷᠬᠡ ᠶᠢ ᠪᠠᠲᠤ | ᠡᠵᠡᠮᠰᠢᠨ᠎ᠡ᠃ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠵᠥᠷᠢᠴᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤᠨᠢ | ᠰᠢᠢᠳᠪᠦᠷᠢᠯᠡᠬᠦ ᠪᠠᠷ ᠴᠢᠷᠮᠠᠶᠢᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠠᠨ | ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠲᠣᠬᠢᠲᠠᠢ | ᠰᠢᠢᠳᠪᠦᠷᠢᠯᠡᠨ᠎ᠡ᠃ ᠨᠡᠶᠢᠭᠡᠮ ᠤᠨ ᠤᠶᠤᠨᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠰᠠᠭᠤᠷᠢ ᠳᠥᠬᠦᠭᠡᠷᠦᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠨ᠎ᠡ | ᠲᠤᠭᠲᠠᠴᠠ ᠶᠢ ᠪᠤᠢ ᠪᠣᠯᠭᠠᠨ᠎ᠠ᠃ | ᠲᠠᠪᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ︕ ᠴᠢᠨᠠᠷᠯᠢᠭ ᠬᠥᠭᠵᠢᠯᠲᠡ ᠶᠢ ᠠᠬᠢᠭᠤᠯᠵᠤ᠂ ᠥᠨᠳᠥᠷ ᠪᠦᠲᠦᠮᠵᠢᠲᠡᠶ ᠵᠠᠰᠠᠯᠲᠠ ᠶᠢ | ᠪᠡᠶᠡᠯᠡᠭᠦᠯᠬᠦ ᠨᠢ ᠵᠠᠰᠠᠭ ᠤᠨ ᠣᠷᠳᠣᠨ ᠤ ᠠᠵᠢᠯ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠪᠢᠳᠠ | ᠲᠤᠰ ᠪᠡᠶ᠎ᠡ ᠶᠢᠨ ᠪᠠᠶᠢᠭᠤᠯᠤᠯᠲᠠ ᠪᠠᠨ ᠨᠡᠩ ᠴᠢᠬᠤᠯᠠᠴᠢᠯᠠᠨ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠳᠤ ᠤᠯᠠᠮ | ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠨᠢᠭᠡ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠦᠨᠡᠨᠴᠢ ᠰᠢᠳᠤᠷᠭᠤ | ᠵᠠᠰᠠᠭ ᠤᠨ ᠣᠷᠳᠣᠨ ᠢ ᠪᠠᠶᠢᠭᠤᠯᠤᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ | ᠳᠤ ᠲᠠᠯᠪᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠨ᠂ | ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ᠃ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠡᠷᠡᠰ ᠳᠠᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠤᠷᠳᠤᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠵᠠᠷᠯᠢᠭ ᠴᠠᠭᠠᠵᠠ ᠶᠢ ᠳᠠᠭᠠᠵᠤ᠂ ᠵᠠᠰᠠᠭ ᠤᠨ ᠵᠠᠷᠯᠢᠭ ᠤᠨ ᠢᠯᠭᠤᠮ | ᠶᠠᠪᠤᠭᠳᠠᠬᠤ ᠶᠢ ᠪᠡᠶᠡᠯᠡᠬᠦᠯᠦᠨ᠎ᠡ᠃ | ᠬᠤᠶᠠᠷ ᠲᠤ᠂ ᠤᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠠᠷᠠᠳ ᠤᠨ | ᠲᠥᠯᠥᠭᠡ ᠵᠢᠳᠬᠦᠬᠦ ᠵᠠᠰᠠᠭ ᠤᠨ ᠣᠷᠳᠣᠨ ᠢ ᠪᠠᠶᠢᠭᠤᠯᠤᠨ᠎ᠠ᠃ ︽ᠲᠠᠷᠤᠭ᠎ᠠ ᠤᠳᠤᠷᠢᠳᠤᠯᠭ᠎ᠠ ᠶᠢᠨ ᠶᠡᠭᠡ ᠪᠠᠭ᠎ᠠ ᠨᠢ | ᠴᠢᠬᠤᠯᠠ ᠪᠢᠰᠢ᠂ ᠳᠠᠶᠠᠭᠠᠷ ᠣᠯᠠᠨ ᠢᠶᠠᠨ ᠢᠮᠠᠭᠲᠠ ᠪᠤᠳᠤᠯᠬᠢᠯᠠᠬᠤ ᠨᠢ ᠴᠢᠬᠤᠯᠠ︾᠃ ᠪᠢᠳᠡ ᠠᠷᠠᠳ ᠤᠨ | ᠰᠡᠳᠬᠢᠯ ᠢ ᠬᠦᠨᠳᠦᠳᠬᠡᠬᠦ ᠦᠵᠡᠯ ᠰᠠᠨᠠᠭ᠎ᠠ ᠶᠢ ᠠᠵᠢᠯ ᠬᠢᠵᠦ ᠦᠢᠯᠡᠰ ᠪᠦᠲᠦᠭᠡᠬᠦ ᠶᠢᠨ ᠡᠯ᠎ᠡ ᠬᠦᠷᠢᠶ᠎ᠡ ᠪᠠ ᠪᠦᠬᠦ | ᠶᠠᠪᠤᠴᠠ ᠳᠤ ᠠᠭᠤᠰᠬᠠᠨ᠂ ᠠᠷᠠᠳ ᠤᠨ ᠬᠦᠰᠡᠯ ᠢ ᠵᠠᠰᠠᠭ ᠤᠨ ᠵᠤᠷᠢᠯᠲᠠ ᠪᠤᠯᠭᠠᠨ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠨ᠂ ᠦᠨᠳᠦᠰᠦᠨ ᠱᠠᠲᠤᠨ ᠳᠤ ᠦᠷᠭᠦᠯᠵᠢ ᠭᠦᠨᠵᠡᠭᠡᠶᠢᠷᠡᠨ᠂ | ᠠᠷᠠᠳ ᠤᠨ ᠬᠦᠴᠢᠷ ᠵᠤᠪᠠᠭᠤᠷᠢ ᠶᠢ ᠣᠶᠢᠯᠭᠠᠨ ᠰᠢᠢᠳᠪᠦᠷᠢᠯᠡᠵᠦ᠂ ᠠᠷᠠᠳ ᠲᠦᠮᠡᠨ ᠤ ᠪᠠᠨ ᠰᠠᠶᠢᠨ ︽ | ᠦᠢᠯᠡᠴᠢᠯᠡᠭᠴᠢ︾ ᠪᠤᠯᠬᠤ ᠪᠠᠷ ᠬᠡᠵᠢᠶᠡᠳᠡ ᠴᠢᠷᠮᠠᠶᠢᠨ᠂ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ | ᠬᠠᠲᠠᠭᠤᠵᠢᠯᠲᠠᠢ ᠪᠠᠷ ᠲᠡᠮᠡᠴᠡᠨ᠎ᠡ᠃ | ᠭᠤᠷᠪᠠ ᠳᠤ ᠂ ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠬᠡᠨ ᠶᠣᠰᠣ ᠳᠦᠷᠢᠮ ᠢ ᠰᠠᠬᠢᠵᠤ᠂ ᠬᠠᠤᠯᠢ ᠪᠠᠷ | ᠵᠠᠰᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠭᠦᠨᠵᠡᠭᠡᠶ ᠦᠶᠯᠡᠳᠦᠯᠭᠡᠵᠢᠭᠦᠯᠵᠦ᠂ ᠲᠦᠷᠦᠭᠦᠯᠡᠨ ᠬᠠᠤᠯᠢ ᠶᠢ ᠬᠦᠨᠳᠦᠳᠬᠡᠨ ᠬᠠᠤᠯᠢ ᠶᠢ ᠰᠤᠷᠤᠯᠴᠠᠵᠤ ᠬᠠᠤᠯᠢ ᠶᠢ | ᠰᠠᠬᠢᠨ ᠬᠠᠤᠯᠢ ᠶᠢ ᠬᠡᠷᠡᠭᠯᠡᠵᠦ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ | ᠳᠦᠷᠢᠮᠵᠢᠬᠦᠯᠦᠨ᠂ ᠵᠠᠰᠠᠭ ᠤᠨ ᠣᠷᠳᠣᠨ ᠤ ᠠᠵᠢᠯ ᠤᠨ ᠬᠠᠤᠯᠢ ᠪᠠᠷ ᠵᠠᠰᠠᠬᠤ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ︽ᠭᠤᠷᠪᠠᠨ ᠴᠢᠬᠤᠯᠠ ᠨᠢᠭᠡ ᠶᠡᠭᠡ︾ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ | ᠶᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ | ᠬᠠᠤᠯᠢ ᠴᠠᠭᠠᠵᠠ ᠶᠢᠨ ᠵᠥᠪᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ | ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠱᠠᠭᠠᠷᠳᠠᠨ | ᠪᠠᠶᠢᠴᠠᠭᠠᠯᠲᠠ᠂ ᠬᠢᠨᠠᠨ ᠪᠤᠳᠤᠬᠤ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠨᠡᠶᠢᠭᠡᠮ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠩ ᠢᠯᠡ ᠪᠤᠳᠠᠳᠠᠢ᠂ ᠨᠡᠩ ᠦᠨᠳᠦᠷ ᠪᠦᠳᠦᠮᠵᠢᠳᠡᠢ ᠠᠵᠢᠯᠯᠠᠨ᠎ᠠ᠃ | ᠳᠦᠷᠪᠡ ᠳᠤ᠂ ᠠᠮᠠᠯᠠᠯᠲᠠ ᠪᠠᠨ ᠵᠠᠪᠠᠯ ᠨᠠᠶᠢᠳᠠᠪᠤᠷᠢᠵᠢᠭᠤᠯᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ | ᠪᠠᠶᠢᠭᠤᠯᠤᠨ᠎ᠠ᠃ ᠬᠡᠯᠡᠭᠰᠡᠨ ᠢᠶᠠᠨ ᠵᠠᠪᠠᠯ ᠪᠡᠶᠡᠯᠡᠬᠦᠯᠦᠨ᠂ ᠠᠮᠠᠯᠠᠯᠲᠠ ᠪᠠᠨ ᠦᠢᠯᠡᠳᠦᠯᠭᠡᠵᠢᠭᠦᠯᠬᠦ ᠤᠬᠠᠮᠰᠠᠷ ᠢᠶᠠᠨ | ᠬᠦᠴᠦᠯᠡᠨ ᠴᠢᠩᠭᠠᠳᠬᠠᠵᠤ᠂ ᠵᠠᠰᠠᠭ ᠵᠠᠬᠢᠷᠭᠠᠨ ᠤ ᠬᠡᠯᠡᠯᠴᠡᠭᠡᠷ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ | ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠵᠡᠷᠭᠡ ᠡᠯ᠎ᠡ ᠵᠦᠢᠯ ᠤᠨ ᠠᠮᠠᠯᠠᠯᠲᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠬᠡᠯᠡᠭᠰᠡᠨ ᠳᠡᠭᠡᠨ ᠰᠠᠭᠤᠵᠦ᠂ ᠲᠣᠭᠲᠠᠭᠠᠭᠰᠠᠨ ᠪᠣᠯ ᠬᠢᠵᠦ᠂ ᠬᠢᠪᠡᠯ ᠰᠠᠶᠢᠲᠤᠷ ᠪᠡᠶᠡᠯᠡᠭᠦᠯᠵᠦ | ᠂ ᠲᠤᠭᠳᠠᠭᠠᠭᠰᠠᠨ ᠢᠶᠠᠨ ᠳᠤᠷ᠎ᠠ ᠪᠠᠷ ᠢᠶᠠᠨ ᠬᠤᠪᠢᠷᠠᠭᠤᠯᠬᠤ ᠦᠭᠡᠢ ᠪᠠᠶᠢᠵᠦ᠂ ︽ᠰᠢᠨ᠎ᠡ ᠳᠠᠷᠤᠭ᠎ᠠ ᠬᠠᠭᠤᠴᠢᠨ | ᠲᠠᠩᠰᠠ ᠶᠢ ᠬᠠᠮᠢᠶᠠᠷᠬᠤ ᠦᠭᠡᠢ︾ ᠪᠠᠶᠢᠬᠤ ᠶᠢ ᠡᠷᠡᠰ ᠳᠡᠪᠴᠢᠨ᠂ ᠡᠷᠬᠡ ᠲᠡᠭᠰᠢ᠂ ᠲᠥᠪ ᠭᠤᠣᠯᠴᠢ᠂ ᠦᠨᠡᠨᠴᠢ | ᠢᠲᠡᠭᠡᠮᠵᠢᠲᠡᠢ ᠰᠠᠶᠢᠨ ᠰᠠᠶᠢᠬᠠᠨ ᠵᠠᠰᠠᠭ ᠤᠨ ᠣᠷᠳᠣᠨ ᠤ ᠲᠦᠷᠢ ᠲᠥᠷᠬᠦ ᠶᠢ ᠦᠷᠭᠦᠯᠵᠢᠯᠡᠨ ᠪᠤᠢ ᠪᠤᠯᠭᠠᠨ᠎ᠠ᠃ | ᠲᠠᠪᠤ ᠳᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠤᠨ᠂ | ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠢ ᠪᠠᠶᠢᠭᠤᠯᠤᠨ᠎ᠠ᠃ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠣᠯ ᠬᠠᠷᠢᠭᠤᠴᠠᠯᠭ᠎ᠠ ᠨᠡᠬᠡᠮᠵᠢᠯᠡᠬᠦ ᠦᠭᠡᠢ ᠪᠠ ᠠᠯᠳᠠᠭ᠎ᠠ ᠪᠤᠷᠤᠭᠤ ᠶᠢ ᠨᠢ ᠠᠭᠤᠴᠢᠯᠠᠨ ᠪᠠᠭᠲᠠᠭᠠᠬᠤ | ᠂ ᠵᠠᠰᠠᠨ ᠵᠠᠯᠠᠷᠠᠭᠤᠯᠬᠤ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠭᠴᠢ ᠳᠤ ᠬᠠᠷᠢᠭᠤᠴᠠᠵᠤ | ᠂ ᠪᠣᠳᠠᠲᠠᠶ ᠠᠵᠢᠯᠯᠠᠭᠴᠢ ᠳᠤ ᠲᠦᠰᠢᠭ ᠪᠣᠯᠬᠤ ᠬᠡᠷᠡᠭᠲᠡᠶ᠃ ᠬᠠᠷᠢᠭᠤᠴᠠᠯᠭᠠᠲᠤ ᠰᠡᠳᠬᠢᠯᠭᠡ᠂ ᠳᠤᠯᠭᠠᠮ᠎ᠠ ᠰᠡᠳᠬᠢᠯᠭᠡ | ᠪᠠ ᠦᠷ᠎ᠡ ᠪᠦᠲᠦᠮᠵᠢ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ︽ᠬᠤᠤᠰ ᠵᠠᠭᠤᠨ ᠡᠳᠦᠷ ︾ ᠤᠨ | ᠪᠣᠭᠤᠮᠲᠠ ᠰᠢᠪᠲᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠬᠤ ᠶᠢ ᠴᠥᠬᠦᠷᠡᠰᠢ ᠦᠭᠡᠢ ᠠᠳᠬᠤᠨ᠎ᠠ᠃ | ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠬᠡᠷ ᠨᠢ ᠬᠠᠮᠲᠤ ᠪᠠᠷ ᠵᠥᠪᠯᠡᠨ ᠲᠣᠭᠲᠠᠭᠠᠭᠰᠠᠨ | ᠵᠦᠶᠯᠡᠰ ᠢ ᠨᠠᠷᠢᠨ ᠬᠠᠭᠤᠳᠠᠰᠤᠨ ᠳᠤ ᠵᠢᠭᠰᠠᠭᠠᠨ ᠨᠠᠶᠢᠳᠠᠪᠤᠷᠢᠵᠢᠭᠤᠯᠵᠤ᠂ ᠰᠠᠷ᠎ᠠ ᠪᠦᠷᠢ ᠬᠠᠷᠢᠭᠤ ᠳᠤᠰᠬᠠᠨ᠂ ᠡᠯ᠎ᠡ | ᠵᠦᠶᠯ ᠤᠨ ᠠᠵᠢᠯ ᠢ ᠴᠢᠨᠠᠷᠯᠢᠭ ᠪᠡᠶᠡᠯᠡᠬᠦᠯᠦᠨ᠂ ᠲᠡᠷᠢᠭᠦᠨ ᠤ ᠬᠢ ᠶᠢ ᠡᠭᠦᠳᠬᠦ ᠶᠢ ᠬᠦᠴᠦᠲᠡᠶ ᠠᠬᠢᠭᠤᠯᠤᠨ᠎ᠠ᠃ | ᠡᠭᠦᠨ ᠤ ᠬᠠᠮᠲᠤ᠂ ᠬᠤᠷᠠᠯ ᠢ ᠪᠠᠭᠠᠰᠬᠠᠵᠤ ᠮᠠᠲ᠋ᠧᠷᠢᠶᠡᠯ ᠢ ᠴᠣᠮᠬᠠᠳᠬᠠᠬᠤ ᠠᠵᠢᠯ ᠢ ᠰᠠᠶᠢᠲᠤᠷ ᠬᠢᠵᠦ᠂ ᠬᠡᠷᠡᠭᠴᠡᠭᠡ | ᠦᠭᠡᠢ ᠬᠡᠲᠦ ᠤᠯᠠᠨ ᠸᠢᠴᠠᠲ ᠤᠨ ᠴᠤᠭᠯᠠᠷᠠᠯ ᠢ ᠴᠡᠭᠴᠡᠯᠡᠨ ᠴᠦᠬᠡᠳᠬᠡᠵᠦ᠂ ᠬᠡᠯᠪᠡᠷᠢ ᠶᠢᠨ ᠲᠡᠳᠦᠢ ᠱᠠᠭᠠᠷᠳᠠᠨ | ᠪᠠᠶᠢᠴᠠᠭᠠᠯᠲᠠ ᠶᠢ ᠦᠭᠡᠶᠢᠰᠬᠡᠨ᠂ ᠠᠵᠢᠯ ᠤᠨ ᠬᠠᠷᠢᠭᠤᠴᠠᠯᠭ᠎ᠠ ᠪᠠᠨ ᠬᠠᠷᠢᠯᠴᠠᠨ ᠳᠦᠯᠬᠢᠬᠦ᠂ ᠠᠵᠢᠯ ᠤᠨ ᠣᠷᠣ ᠮᠥᠷ | ᠦᠯᠡᠳᠡᠭᠡᠬᠦ ᠶᠢ ᠰᠤᠬᠤᠷ ᠪᠠᠯᠠᠢ ᠪᠠᠷ ᠴᠢᠬᠤᠯᠠᠴᠢᠯᠠᠬᠤ ᠶᠢ ᠳᠡᠪᠴᠢᠨ᠂ ᠶᠠᠳᠠᠷᠠᠩᠭᠤᠢ ᠠᠵᠢᠯ ᠤᠨ ᠪᠠᠶᠢᠳᠠᠯ ᠢ ᠵᠠᠰᠠᠨ | ᠰᠠᠶᠢᠵᠢᠷᠠᠭᠤᠯᠵᠤ᠂ ᠠᠵᠢᠯ ᠤᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠎ᠡ᠃ | ᠵᠢᠷᠭᠤᠭ᠎ᠠ ᠳᠤ᠂ ᠠᠷᠢᠭᠤᠨ ᠴᠢᠬᠡᠴᠢ ᠪᠠᠷ ᠳᠠᠭᠤᠷᠢᠶᠠᠯ ᠪᠤᠯᠭᠠᠨ᠂ ᠠᠷᠢᠭᠤᠨ ᠴᠢᠬᠡᠴᠢ ᠵᠠᠰᠠᠭ ᠤᠨ ᠣᠷᠳᠣᠨ ᠢ | ᠪᠠᠶᠢᠭᠤᠯᠤᠨ᠎ᠠ᠃ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠳᠤ | ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠶ ᠭᠦᠶᠴᠡᠳᠬᠡᠨ᠂ ᠭᠤᠤᠯᠳᠠᠯᠭ᠎ᠠ ᠲᠠᠢ ᠬᠦᠷᠢᠶ᠎ᠡ ᠴᠠᠷ᠎ᠠ᠂ | ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠶᠯᠡᠰ ᠪᠤᠰᠬᠠᠬᠤ ᠰᠠᠶᠢᠨ ᠰᠠᠶᠢᠬᠠᠨ ᠤᠯᠤᠰ | ᠲᠥᠷᠥ ᠶᠢᠨ ᠤᠷᠴᠢᠨ ᠳᠤᠭᠤᠷᠢᠨ ᠢ ᠡᠭᠦᠳᠦᠨ᠎ᠡ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ | ᠤ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠵᠢᠷᠤᠮᠯᠠᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠡᠷᠡᠰ | ᠵᠠᠯᠠᠷᠠᠭᠤᠯᠤᠨ ᠵᠠᠰᠠᠵᠤ᠂ ᠬᠡᠪ ᠰᠤᠷᠲᠠᠯ ᠤᠨ ᠪᠠᠶᠢᠭᠤᠯᠤᠯᠲᠠ ᠶᠢ ᠦᠨᠡᠨᠬᠦ ᠭᠦᠨᠵᠡᠭᠡᠢ ᠠᠳᠬᠤᠵᠤ᠂ ᠰᠢᠨ᠎ᠡ ᠦᠷ᠎ᠡ | ᠪᠦᠲᠦᠮᠵᠢ ᠭᠠᠷᠭᠠᠨ᠎ᠠ᠃ ᠡᠳ᠋ ᠤᠨ ᠵᠠᠰᠠᠭ ᠤᠨ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ | ᠴᠢᠩᠭᠠᠳᠬᠠᠨ᠂ ︽ᠭᠤᠷᠪᠠᠨ ᠳᠦᠷᠦᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠨ᠂ ᠵᠠᠰᠠᠭ ᠤᠨ ᠣᠷᠳᠣᠨ | ᠤ ︽ᠠᠷᠪᠢᠴᠢ ᠠᠮᠢᠳᠤᠷᠠᠯ︾ ᠢᠶᠠᠷ ᠪᠦᠬᠦ ᠬᠤᠰᠢᠭᠤᠨ ᠤ ᠠᠷᠠᠳ ᠲᠦᠮᠡᠨ ᠤ ︽ᠰᠠᠶᠢᠨ ᠰᠠᠶᠢᠬᠠᠨ ᠠᠮᠢᠳᠤᠷᠠᠯ︾ ᠢ | ᠰᠣᠯᠢᠵᠤ ᠠᠪᠴᠢᠷᠠᠨ᠎ᠠ᠃ | ᠲᠥᠯᠥᠭᠡᠯᠡᠭᠴᠢᠳ ᠡ︕ ᠠᠭᠤᠤ ᠳᠦᠰᠦᠪ ᠨᠢᠭᠡᠨᠲᠡ ᠳᠤᠳᠤᠷᠠᠵᠦ᠂ ᠠᠯᠤᠰ ᠢᠷᠡᠭᠡᠳᠦᠢ ᠪᠢᠳᠡᠨ ᠢ | ᠬᠤᠷᠤᠶᠢᠯᠠᠵᠦ ᠪᠤᠢ᠃ ᠠᠷᠢᠭᠤᠨ ᠲᠠᠷᠬᠠᠨ ᠦᠢᠯᠡᠰ ᠤᠨ ᠢᠶᠠᠨ ᠳᠦᠯᠦᠭᠡ ᠪᠢᠳᠡ ᠪᠦᠬᠦᠨ ᠠᠬᠢᠨ ᠲᠠᠪᠰᠢᠵᠦ | ᠴᠢᠷᠮᠠᠶᠢᠬᠤ ᠴᠢᠬᠤᠯᠠᠳᠠᠢ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ | ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ | ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠤᠷᠤᠭᠰᠢᠯᠠᠨ᠂ ᠵᠠᠮ ᠨᠡᠭᠡᠭᠡᠨ | ᠰᠢᠨ᠎ᠡ ᠶᠢ ᠡᠭᠦᠳᠴᠦ᠂ ᠮᠠᠨ ᠤ ᠬᠤᠰᠢᠭᠤᠨ ᠤ ᠨᠡᠶᠢᠭᠡᠮ ᠵᠢᠷᠤᠮᠲᠤ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ | ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕ |