ᠪᠠᠷᠠᠭᠤᠨ  ᠦᠵᠦᠮᠦᠴᠢᠨ  ᠬᠤᠰᠢᠭᠤᠨ  ᠤ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠵᠠᠷᠯᠠᠯ                              ︵42 ᠳ᠋ᠤᠭᠠᠷ
ᠨᠡᠶᠢᠲᠡᠯᠡᠭᠰᠡᠨ ᠴᠠᠭ᠄
2022/10/25
ᠪᠠᠷᠠᠭᠤᠨ  ᠦᠵᠦᠮᠦᠴᠢᠨ  ᠬᠤᠰᠢᠭᠤᠨ   ᠤ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠵᠠᠷᠯᠠᠯ                               ︵42 ᠳ᠋ᠤᠭᠠᠷ ᠲᠤᠭᠠᠲᠦ︶     10 ᠰᠠᠷ᠎ᠠ ᠶᠢᠨ 23 ᠤ ᠡᠳᠦᠷ᠂ ᠮᠠᠨ ᠤ ᠬᠤᠰᠢᠭᠤᠨ ᠤ ᠨᠢᠭᠡᠳᠦᠯᠳᠡᠢ ᠲᠤᠰᠠᠭᠠᠷᠯᠠᠵᠤ ᠪᠠᠶᠢᠭ᠎ᠠ ᠬᠦᠮᠦᠰ ᠤᠨ ᠳᠤᠮᠳᠠᠬᠢ 1 ᠬᠦᠮᠦᠨ ᠤ ᠪᠥᠭᠡᠮ ᠬᠦᠴᠢᠯ ᠤᠨ ᠪᠠᠶᠢᠴᠠᠭᠠᠯᠳᠠ ᠨᠢ ᠠᠷᠭ᠎ᠠ ᠴᠢᠨᠠᠷ ᠢᠯᠡᠷᠡᠪᠡ᠃ ᠲᠤᠰ ᠬᠠᠯᠳᠠᠪᠤᠷᠢᠯᠠᠭᠳᠠᠭᠴᠢ ᠪᠣᠯ ᠮᠠᠨ ᠤ ᠬᠤᠰᠢᠭᠤᠨ ᠤ 10 ᠰᠠᠷ᠎ᠠ ᠶᠢᠨ 21 ᠤ ᠡᠳᠦᠷ ᠤᠨ ᠠᠷᠭ᠎ᠠ ᠴᠢᠨᠠᠷ ᠢᠯᠡᠷᠡᠭᠰᠡᠨ ᠬᠦᠮᠦᠨ ᠲᠠᠢ ᠨᠢᠭᠲᠠ ᠤᠶᠢᠷᠠᠳᠤᠭᠰᠠᠨ ᠬᠦᠮᠦᠨ ᠪᠣᠯᠣᠨ᠎ᠠ᠃ 10 ᠰᠠᠷ᠎ᠠ ᠶᠢᠨ 20 ᠤ ᠡᠳᠦᠷ ᠨᠢᠭᠡᠨᠲᠡ ᠨᠢᠭᠡᠳᠦᠯᠳᠡᠢ ᠲᠤᠰᠠᠭᠠᠷᠯᠠᠵᠤ᠂ ᠣᠲᠣ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠨ ᠡᠮᠨᠡᠭᠦᠯᠵᠦ ᠪᠠᠶᠢᠨ᠎ᠠ᠃ ᠨᠢᠭᠲᠠ ᠣᠶᠢᠷᠠᠲᠤᠭᠰᠠᠳ ᠵᠢᠴᠢ ᠨᠢᠭᠲᠠ ᠣᠶᠢᠷᠠᠲᠤᠭᠰᠠᠳ ᠲᠠᠢ ᠨᠢ ᠤᠶᠢᠷᠠᠳᠤᠭᠰᠠᠨ ᠬᠦᠮᠦᠰ ᠲᠤ ᠴᠦᠮ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠭᠠᠳ᠂ 23 ᠤ ᠡᠳᠦᠷ᠂ 24 ᠤ ᠡᠳᠦᠷ ᠤᠨ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠳ᠋ᠦᠩ ᠨᠢ ᠴᠥᠮ ᠪᠢᠯᠢᠭ ᠴᠢᠨᠠᠷᠲᠠᠢ ᠪᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠶᠢᠨ ᠲᠤᠰᠠᠳᠠ᠂ ᠳᠤᠤᠷ᠎ᠠ ᠬᠤᠯᠪᠣᠭᠳᠠᠯ ᠪᠦᠬᠦᠢ ᠱᠠᠭᠠᠷᠳᠠᠯᠭ᠎ᠠ ᠶᠢ ᠵᠠᠷᠯᠠᠶ᠎ᠠ᠄    ᠨᠢᠭᠡ᠂ ᠥᠷᠭᠡᠨ ᠤᠯᠠᠨ ᠰᠠᠭᠤᠭᠠᠯᠢ ᠠᠷᠠᠳ ᠠᠯᠪᠠᠨ ᠤ ᠲᠠᠯ᠎ᠠ ᠠᠴᠠ ᠨᠡᠶᠢᠲᠡᠯᠡᠭᠰᠡᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠥᠪᠡᠷ ᠢ ᠪᠠᠨ ︽ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ︾  ᠪᠣᠯᠭᠠᠵᠤ᠂ ᠬᠤᠪᠢ ᠬᠥᠮᠥᠨ ᠤ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠤᠭᠯᠠᠷᠠᠬᠤ ᠦᠭᠡᠢ ᠪᠠᠶᠢᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠪᠠᠶᠢᠴᠠᠭᠠᠯᠳᠠ ᠬᠢᠬᠦ ᠳᠤ ᠬᠠᠮᠵᠢᠯᠴᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠶ᠎ᠠ᠃     ᠬᠤᠶᠠᠷ᠂ ᠣᠳᠣᠬᠠᠨ ᠳᠤ ᠮᠠᠨ ᠤ ᠬᠤᠰᠢᠭᠤᠨ ᠤ ᠤᠶᠢᠷ᠎ᠠ ᠬᠠᠪᠢ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠪᠤᠳᠤᠯᠢᠶᠠᠨᠲᠠᠢ ᠪᠠᠶᠢᠨ᠎ᠠ᠃ ᠥᠷᠭᠡᠨ ᠤᠯᠠᠨ ᠰᠠᠭᠤᠭᠠᠯᠢ ᠠᠷᠠᠳ ᠤᠨᠴᠠᠭᠠᠢ ᠴᠢᠬᠤᠯᠠ ᠤᠴᠢᠷ ᠦᠭᠡᠢ ᠪᠣᠯ ᠬᠤᠰᠢᠭᠤᠨ ᠠᠴᠠ ᠪᠠᠨ ᠭᠠᠷᠬᠤ ᠦᠭᠡᠢ᠂ ᠣᠷᠣᠨ ᠪᠦᠰᠡ ᠠᠯᠤᠰᠯᠠᠨ ᠶᠠᠪᠤᠬᠤ ᠦᠭᠡᠢ ᠪᠠᠶᠢᠵᠦ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠪᠠᠭᠠᠰᠬᠠᠨ᠂ ᠬᠠᠮᠲᠤ ᠬᠤᠭᠤᠯᠠᠯᠠᠬᠤ ᠦᠭᠡᠢ᠂ ᠴᠤᠭᠯᠠᠷᠠᠬᠤ ᠦᠭᠡᠢ ᠪᠠᠶᠢᠬᠤ ᠶᠢ ᠰᠠᠨᠠᠭᠠᠴᠢᠯᠠᠵᠦ ᠪᠠᠶᠢᠨ᠎ᠠ᠃ ᠡᠯ᠎ᠡ ᠲᠥᠷᠥᠯ ᠤᠨ ᠲᠠᠯᠠᠪᠤᠷ ᠲᠤ ᠦᠨᠡᠬᠡᠷ ᠣᠴᠢᠬᠤ ᠴᠢᠬᠤᠯᠠᠲᠠᠢ ᠪᠣᠯ᠂ ᠠᠮᠠᠪᠴᠢ ᠵᠡᠭᠦᠬᠦ᠂ ︽ᠤᠯᠠᠨ ᠨᠡᠶᠢᠲᠡ ᠶᠢᠨ ᠲᠠᠯᠠᠪᠤᠷ ᠤᠨ ᠺᠤᠳ᠋︾ ᠢ ᠰᠢᠷᠪᠢᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠤ ᠬᠤᠪᠢᠷᠠᠯᠲᠠ ᠶᠢ ᠴᠠᠭ ᠢᠮᠠᠭᠲᠠ ᠠᠩᠬᠠᠷᠴᠤ᠂ ᠳᠤᠮᠳᠠ᠂ ᠦᠨᠳᠦᠷ ᠵᠡᠷᠭᠡ ᠶᠢᠨ ᠲᠦᠭᠰᠢᠬᠦᠷᠢ ᠲᠠᠢ ᠭᠠᠵᠠᠷ ᠣᠷᠣᠨ ᠪᠤᠶᠤ ᠤᠨᠤᠰᠢᠯᠠᠭᠳᠠᠭᠰᠠᠨ ᠡᠪᠡᠳᠴᠢᠳᠡᠨ ᠲᠠᠢ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠬᠦ ᠬᠡᠷᠡᠭᠲᠡᠢ᠃ ᠭᠡᠷ ᠲᠡᠭᠡᠨ ᠲᠤᠰᠠᠭᠠᠷᠯᠠᠭᠳᠠᠵᠤ ᠪᠠᠶᠢᠭ᠎ᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠳᠡ ᠬᠢᠵᠦ ᠪᠠᠶᠢᠭ᠎ᠠ ᠬᠦᠮᠦᠰ ᠨᠡᠶᠢᠭᠡᠮ ᠲᠣᠭᠤᠷᠢᠭ ︵ᠭᠠᠴᠠᠭ᠎ᠠ︶ ᠲᠠᠢ ᠪᠠᠨ ᠢᠳᠡᠪᠬᠢᠲᠡᠢ ᠬᠠᠮᠵᠢᠯᠴᠠᠵᠤ᠂ ᠬᠢᠵᠢᠭ ᠢ ᠰᠡᠷᠭᠡᠶᠢᠯᠡᠬᠦ ᠲᠣᠭᠲᠠᠭᠠᠯ ᠢ ᠴᠢᠩᠭ᠎ᠠ ᠵᠢᠷᠤᠮᠯᠠᠨ᠂ ᠳᠤᠷ᠎ᠠ ᠪᠠᠷ ᠢᠶᠠᠨ ᠭᠠᠳᠠᠭᠰᠢ ᠭᠠᠷᠬᠤ ᠦᠭᠡᠢ ᠪᠠᠶᠢᠵᠦ᠂ ᠬᠢᠵᠢᠭ ᠤᠨ ᠲᠦᠭᠰᠢᠭᠦᠷᠢ ᠶᠢ ᠨᠡᠮᠡᠭᠳᠡᠬᠦᠯᠬᠦ ᠠᠴᠠ ᠰᠡᠷᠭᠡᠶᠢᠯᠡᠬᠦ ᠬᠡᠷᠡᠭᠲᠡᠢ᠃    ᠭᠤᠷᠪᠠ᠂ ︽ᠤᠯᠠᠨ ᠨᠡᠶᠢᠲᠡ ᠶᠢᠨ ᠲᠠᠯᠠᠪᠤᠷ ᠤᠨ ᠺᠤᠳ᠋︾ ᠪᠣᠯ ᠬᠢᠵᠢᠭ ᠤᠨ ᠪᠠᠶᠢᠳᠠᠯ ᠢ ᠤᠨᠤᠪᠴᠢᠳᠠᠢ ᠰᠡᠷᠭᠡᠶᠢᠯᠡᠨ ᠡᠵᠡᠮᠳᠡᠬᠦ ᠴᠢᠬᠤᠯᠠ ᠠᠷᠭ᠎ᠠ ᠪᠠᠷᠢᠯ ᠪᠣᠯᠣᠨ᠎ᠠ᠃ ᠭᠤᠣᠯᠳᠠᠯᠭ᠎ᠠ ᠲᠠᠢ ᠬᠥᠮᠥᠰ ᠪᠠ ᠰᠡᠷᠭᠡᠶᠢᠯᠡᠨ ᠡᠵᠡᠮᠳᠡᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠬᠢᠵᠢᠭ ᠤᠨ ᠬᠠᠯᠳᠠᠪᠤᠷᠢᠯᠠᠯ ᠤᠨ ᠲᠦᠭᠰᠢᠭᠦᠷᠢ ᠲᠠᠢ ᠬᠥᠮᠥᠰ ᠢ ᠬᠠᠮᠤᠭ ᠲᠡᠷᠢᠭᠦᠨ ᠳᠤ ᠤᠨᠤᠪᠴᠢᠳᠠᠢ ᠵᠢᠭᠰᠠᠭᠠᠨ ᠪᠠᠶᠢᠴᠠᠭᠠᠬᠤ ᠳᠤ ᠲᠤᠰᠠᠲᠠᠢ ᠶᠤᠮ᠃ ᠵᠢᠶᠠ ᠾᠧ ᠬᠡᠳᠦ ᠳᠡᠯᠭᠡᠭᠦᠷ ︵ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠤᠨ ᠤ ᠪᠠᠶᠠᠨ ᠠᠭᠤᠯᠠ ᠨᠡᠶᠢᠭᠡᠮ ᠲᠣᠭᠤᠷᠢᠭ ᠤᠨ ᠷᠧᠨ ᠾᠧ ᠰᠠᠭᠤᠭᠠᠯᠢ ᠠᠷᠠᠳ ᠤᠨ ᠳᠤᠭᠤᠷᠢᠭ ᠤᠨ ᠳᠡᠯᠭᠡᠭᠦᠷ︶᠂ ᠯᠧᠢ ᠰᠢᠨ ᠵᠢᠮᠢᠰ ᠨᠤᠭᠤᠭᠠᠨ ᠤ ᠬᠡᠲᠦ ᠳᠡᠯᠭᠡᠭᠦᠷ ︵ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠤᠨ ᠤ ᠪᠤᠷᠤᠲᠤᠯᠤᠭᠠᠢ ᠨᠡᠶᠢᠭᠡᠮ ᠲᠣᠭᠤᠷᠢᠭ ᠲᠤ ᠪᠠᠶᠢᠭ᠎ᠠ ᠳᠡᠯᠭᠡᠬᠦᠷ︶᠂ ᠸᠠᠨ ᠪᠦᠦ ᠮᠢᠬᠠᠨ ᠤ ᠳᠡᠯᠭᠡᠭᠦᠷ ︵ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠣᠯ ᠪᠠᠯᠭᠠᠰᠤᠨ ᠤ ᠪᠠᠶᠠᠨ ᠠᠭᠤᠯᠠ ᠨᠡᠶᠢᠭᠡᠮ ᠲᠣᠭᠤᠷᠢᠭ ᠤᠨ ᠠᠮᠤ ᠪᠤᠳᠠᠭᠠᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠪᠠᠶᠢᠭ᠎ᠠ ᠳᠡᠯᠭᠡᠬᠦᠷ︶ ᠵᠡᠷᠭᠡ 3 ᠡᠵᠡᠩᠨᠡᠯᠲᠡ ᠶᠢᠨ ᠭᠤᠣᠯ ᠴᠣᠭᠴᠠ ᠨᠢ ᠲᠠᠯᠠᠪᠤᠷ ᠤᠨ ᠺᠤᠳ᠋ ᠶᠢ ᠰᠢᠷᠪᠢᠬᠦᠯᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ᠂ ᠬᠢᠵᠢᠭ ᠤᠨ ᠬᠠᠯᠳᠠᠪᠤᠷᠢᠯᠠᠯ ᠤᠨ ᠳᠦᠭᠰᠢᠬᠦᠷᠢ ᠶᠢᠨ ᠡᠬᠢ ᠡᠭᠦᠰᠦᠯ ᠢ ᠡᠷᠢᠬᠦ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠬᠦᠨᠳᠦ ᠨᠣᠴᠢᠲᠠᠢ ᠨᠥᠯᠥᠭᠡᠯᠡᠭᠰᠡᠨ ᠪᠠᠶᠢᠨ᠎ᠠ᠃ ᠰᠤᠳᠤᠯᠤᠨ ᠶᠠᠷᠢᠯᠴᠠᠬᠤ ᠪᠠᠷ ᠲᠠᠮᠵᠢᠨ᠂ ᠠᠵᠢᠯ ᠲᠦᠷᠦᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠳᠡᠭᠡᠷ᠎ᠡ ᠳᠤᠷᠠᠳᠤᠭᠰᠠᠨ ᠭᠤᠷᠪᠠᠨ ᠡᠵᠡᠩᠨᠡᠯᠲᠡ ᠶᠢᠨ ᠪᠡᠶᠡᠴᠢ ᠴᠣᠭᠴᠠ ᠶᠢ ᠬᠠᠤᠯᠢ ᠶᠣᠰᠣᠭᠠᠷ ᠠᠵᠢᠯ ᠢ ᠨᠢ ᠵᠣᠭᠰᠣᠭᠠᠵᠤ ᠴᠡᠭᠴᠡᠯᠡᠭᠦᠯᠬᠦ ᠪᠠᠷ ᠲᠤᠭᠲᠠᠪᠠ᠃ ᠪᠥᠬᠦ ᠬᠤᠰᠢᠭᠤᠨ ᠤ ᠠᠷᠠᠳ ᠲᠦᠮᠡᠨ ᠤ ᠠᠮᠢ ᠨᠠᠰᠤᠨ ᠤ ᠡᠷᠡᠭᠦᠯ ᠮᠡᠨᠳᠦ ᠶᠢᠨ ᠠᠮᠤᠷ ᠲᠦᠪᠰᠢᠨ ᠪᠠ ᠬᠡᠪ ᠤᠨ ᠡᠮᠬᠢ ᠳᠢᠭᠯᠢᠮ ᠢ ᠪᠠᠲᠤᠯᠠᠬᠤ ᠶᠢᠨ ᠲᠥᠯᠥᠭᠡ᠂ ᠡᠯ᠎ᠡ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠨᠢ ᠡᠭᠦᠨ ᠢᠶᠠᠷ ᠲᠣᠯᠢ ᠪᠣᠯᠭᠠᠵᠤ᠂ ︽ᠤᠯᠠᠨ ᠨᠡᠶᠢᠲᠡ ᠶᠢᠨ ᠲᠠᠯᠠᠪᠤᠷ ᠤᠨ ᠺᠤᠳ᠋ ︾ ᠢ ᠰᠢᠷᠪᠢᠨ ᠳᠠᠩᠰᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ︽ᠲᠠᠯᠠᠪᠤᠷ ᠲᠤ ᠤᠷᠤᠭᠰᠠᠳ ᠢ ᠴᠦᠮ ᠺᠤᠳ᠋ ᠰᠢᠷᠪᠢᠬᠦᠯᠵᠦ᠂ ᠺᠤᠳ᠋ ᠰᠢᠷᠪᠢᠭᠰᠡᠳ ᠢ ᠴᠦᠮ ᠰᠢᠯᠭᠠᠨ ᠪᠠᠶᠢᠴᠠᠭᠠᠬᠤ︾ ᠶᠢ ᠪᠡᠶᠡᠯᠡᠭᠦᠯᠬᠦ ᠬᠡᠷᠡᠭᠲᠡᠢ᠃ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠳᠦᠷ ᠲᠤᠲᠤᠮ ᠤᠨ ᠲᠣᠭᠤᠷᠢᠨ ᠪᠠᠶᠢᠴᠠᠭᠠᠯᠳᠠ ᠪᠠᠨ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠲᠣᠭᠲᠠᠭᠠᠯ ᠢ ᠵᠢᠷᠤᠮᠯᠠᠬᠤ ᠦᠭᠡᠢ ᠵᠠᠬ᠎ᠠ ᠳᠡᠯᠭᠡᠬᠦᠷ ᠤᠨ ᠡᠵᠡᠩᠨᠡᠯᠲᠡ ᠶᠢᠨ ᠭᠤᠣᠯ ᠴᠣᠭᠴᠠ ᠶᠢ ᠢᠯᠡᠷᠡᠭᠦᠯᠪᠡᠯ  ᠴᠢᠩᠭ᠎ᠠ ᠰᠢᠢᠳᠬᠡᠨ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ᠃    ᠳᠥᠷᠪᠡ᠂ ᠪᠦᠬᠦᠶᠢᠯᠡ ᠬᠤᠰᠢᠭᠤᠨ ᠳᠤ ᠪᠤᠴᠠᠵᠦ ᠢᠷᠡᠬᠦ ᠬᠥᠮᠥᠰ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠬᠡᠷᠡᠭᠳᠡᠢ᠃ ᠮᠡᠳᠡᠭᠦᠯᠦᠨ ᠳᠠᠩᠰᠠᠯᠠᠭᠤᠯᠬᠤ ᠦᠭᠡᠢ᠂ ᠶᠠᠪᠤᠵᠤ ᠰᠠᠭᠤᠭᠰᠠᠨ ᠵᠠᠮ ᠮᠦᠷ ᠢᠶᠠᠨ ᠨᠢᠭᠤᠨ ᠳᠠᠯᠳᠠᠯᠠᠵᠤ᠂ ︽ᠤᠯᠠᠨ ᠨᠡᠶᠢᠲᠡ ᠶᠢᠨ ᠲᠠᠯᠠᠪᠤᠷ ᠤᠨ ᠺᠤᠳ᠋︾ ᠢ ᠬᠡᠷᠡᠭᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠦᠭᠡᠢ᠂ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ ᠡᠯ᠎ᠡ ᠰᠤᠮᠤ ᠪᠠᠯᠭᠠᠰᠤ᠂ ᠬᠠᠮᠢᠶᠠᠷᠤᠯᠲᠠ ᠶᠢᠨ ᠵᠥᠪᠯᠡᠯ ᠪᠣᠯᠣᠨ ᠵᠠᠮ ᠬᠠᠷᠢᠯᠴᠠᠭᠠᠨ ᠤ ᠪᠠᠶᠢᠴᠠᠭᠠᠯᠳᠠ ᠶᠢᠨ ᠴᠡᠭ ᠨᠢ ᠵᠤᠯᠭᠠᠭᠤᠯᠤᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠮᠡᠳᠡᠬᠦᠯᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠤᠨᠤᠰᠢᠯᠠᠭᠳᠠᠭᠰᠠᠨ ᠡᠪᠡᠳᠴᠢᠳᠡᠨ ᠢᠯᠡᠷᠡᠭᠰᠡᠨ ᠤᠶᠢᠷ᠎ᠠ ᠬᠠᠪᠢ ᠶᠢᠨ ᠬᠤᠰᠢᠭᠤ ᠰᠢᠶᠠᠨ ᠬᠤᠲᠠ ᠲᠣᠭᠤᠷᠢᠭ ᠠᠴᠠ ᠮᠠᠨ ᠤ ᠬᠤᠰᠢᠭᠤᠨ ᠳᠤ ᠪᠤᠴᠠᠵᠦ ᠢᠷᠡᠭᠰᠡᠨ ᠬᠥᠮᠥᠰ ᠢ ᠬᠠᠮᠤᠭ ᠤᠨ ᠲᠡᠷᠢᠭᠦᠨ ᠳᠤ ᠬᠠᠮᠢᠶᠠᠷᠤᠨ ᠡᠵᠡᠮᠳᠡᠵᠦ᠂ ︽ᠴᠡᠭ ᠠᠴᠠ ᠴᠡᠭ ᠲᠤ ᠬᠦᠷᠭᠡᠬᠦ︾  ᠪᠢᠳᠡᠬᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃        ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠳᠡᠰ                          2022 ᠣᠨ ᠤ 10 ᠰᠠᠷ᠎ᠠ ᠶᠢᠨ 24 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号