ᠮᠠᠯᠴᠢᠨ ᠪᠦᠰᠡᠭᠦᠶᠢᠴᠦᠳ ᠤᠨ ᠤᠷ᠎ᠠ ᠤᠬᠠᠭᠠᠨ ᠢ ᠪᠠᠳᠠᠷᠠᠭᠤᠯᠤᠨ ᠦᠵᠡᠰᠬᠦᠯᠡᠩᠳᠦ ᠰᠠᠶᠢᠬᠠᠨ ᠭᠡᠷ ᠤᠷᠤᠨ ᠢᠶᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/10/26
ᠮᠠᠯᠴᠢᠨ ᠪᠦᠰᠡᠭᠦᠶᠢᠴᠦᠳ ᠤᠨ ᠤᠷ᠎ᠠ ᠤᠬᠠᠭᠠᠨ ᠢ ᠪᠠᠳᠠᠷᠠᠭᠤᠯᠤᠨ ᠦᠵᠡᠰᠬᠦᠯᠡᠩᠳᠦ ᠰᠠᠶᠢᠬᠠᠨ ᠭᠡᠷ ᠤᠷᠤᠨ ᠢᠶᠠᠨ ᠪᠠᠶᠢᠭᠤᠯᠤᠨ᠎ᠠ                                    ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠸᠠ ᠪᠠᠯᠭᠠᠰᠤᠨ ᠤ ᠴᠠᠭᠠᠠᠪᠤᠭᠤᠳᠤ ᠭᠠᠴᠠᠭ᠎ᠠ ᠨᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠲᠤᠮᠳᠠ ︽ᠡᠮᠡᠭᠳᠡᠶᠢᠴᠦᠳ ᠤᠨ ᠤᠷ᠎ᠠ ᠤᠬᠠᠭᠠᠨ ᠢ ᠪᠠᠳᠠᠷᠠᠭᠤᠯᠤᠨ ᠬᠦᠴᠦᠨ ᠨᠡᠮᠡᠷᠢᠯᠡᠭᠦᠯᠬᠦ︾ ᠪᠠᠷ ᠬᠠᠷᠠᠯᠳᠠ ᠪᠤᠯᠭᠠᠨ ᠠᠵᠢᠯᠯᠠᠵᠦ᠂ ᠡᠮᠡᠭᠳᠡᠶᠢᠴᠦᠳ ᠤᠨ ᠬᠤᠯᠪᠤᠭᠠᠳᠤ ᠬᠤᠷᠠᠯ ᠤᠨ ᠡᠯ᠎ᠡ ᠲᠠᠯ᠎ᠠ ᠶᠢᠨ ᠠᠵᠢᠯ ᠢ ᠰᠠᠶᠢᠳᠤᠷ ᠬᠢᠬᠦ ᠪᠠᠷ ᠲᠠᠮᠵᠢᠭᠤᠯᠤᠨ ᠮᠠᠯᠵᠢᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ᠂ ᠤᠷᠴᠢᠨ ᠠᠬᠤᠢ ᠶᠢᠨ ᠬᠠᠮᠠᠭᠠᠯᠠᠯᠳᠠ᠂ ᠭᠡᠷ ᠪᠦᠯᠢ ᠶᠢᠨ ᠶᠤᠰᠤ ᠰᠤᠷᠳᠠᠬᠤᠨ ᠤ ᠬᠦᠮᠦᠵᠢᠯ ᠢ ᠶᠡᠭᠡ ᠪᠠᠷ ᠲᠡᠭᠡᠭᠰᠢᠯᠡᠬᠦᠯᠦᠨ ᠪᠤᠯᠪᠠᠰᠤᠨ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠵᠤ ᠪᠠᠶᠢᠨ᠎ᠠ    ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠪᠡᠯᠭᠡᠳᠡᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠤᠯᠠᠮ ᠠᠬᠢᠭᠤᠯᠬᠤ ᠶᠢᠨ ᠲᠤᠰᠠᠳᠠ᠂ ᠴᠠᠭᠠᠠᠪᠤᠭᠤᠳᠤ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠤᠶᠢᠷ᠎ᠠ ᠳᠤ ︽ᠦᠵᠡᠰᠬᠦᠯᠡᠩᠳᠦ ᠰᠠᠶᠢᠬᠠᠨ ᠭᠡᠷ ᠤᠷᠤᠨ︾ ᠢ ᠡᠭᠦᠳᠦᠨ ᠪᠠᠶᠢᠭᠤᠯᠬᠤ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠪᠠ᠃ ᠲᠤᠰ ᠠᠵᠢᠯᠯᠠᠭ᠎ᠠ ᠳᠤ ᠴᠠᠭᠠᠠᠪᠤᠭᠤᠳᠤ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠭᠠᠴᠠᠭᠠᠨ ᠤ ᠡᠭᠦᠷ ᠵᠦᠪᠯᠡᠯ ᠤᠨ ᠢᠶᠠᠨ ᠬᠠᠪᠰᠤᠷᠤᠯᠭ᠎ᠠ ᠲᠤᠤᠷ᠎ᠠ ︽ᠵᠢᠷᠭᠤᠭᠠᠨ ᠴᠡᠪᠡᠷ ᠲᠤᠯᠤᠭᠠᠨ ᠦᠭᠡᠢ ᠨᠢᠭᠡ ᠵᠤᠬᠢᠰᠳᠠᠢ ᠪᠠᠶᠢᠬᠤ︾ ᠱᠠᠭᠠᠷᠳᠠᠯᠭ᠎ᠠ ᠶᠤᠰᠤᠭᠠᠷ᠂ ᠤᠷᠢᠳᠴᠢᠯᠠᠨ ᠤᠬᠠᠭᠤᠯᠬᠤ᠂ ᠡᠷᠦᠬᠡ ᠳᠤ ᠤᠷᠤᠵᠤ ᠠᠳᠠᠯᠢᠳᠬᠠᠨ ᠰᠢᠯᠭᠠᠷᠠᠭᠤᠯᠬᠤ᠂ ᠬᠦᠬᠢᠭᠦᠯᠦᠨ ᠱᠠᠩᠨᠠᠬᠤ ᠵᠡᠷᠭᠡ ᠠᠯᠬᠤᠮ ᠢᠶᠠᠷ ᠡᠮᠡᠭᠳᠠᠶᠢᠴᠦᠳ ᠪᠤᠯᠤᠨ ᠭᠡᠷ ᠪᠦᠯᠢ ᠶᠢ ᠨᠢ ᠲᠠᠶᠢᠴᠢᠯᠠᠨ ︽ᠦᠵᠡᠰᠬᠦᠯᠡᠩᠳᠦ ᠰᠠᠶᠢᠬᠠᠨ ᠭᠡᠷ ᠤᠷᠤᠨ︾ ᠢᠶᠠᠨ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠯᠡᠨ ᠤᠷᠤᠯᠴᠠᠭᠤᠯᠵᠤ᠂ ᠴᠡᠪᠡᠷ ᠲᠤᠬᠢᠯᠢᠭ ᠭᠡᠷ ᠤᠷᠤᠨ ᠢ ᠪᠠᠶᠢᠭᠤᠯᠤᠨ ᠂ ᠨᠤᠭᠤᠭᠠᠨ ᠪᠠᠶᠢᠭᠠᠯᠢ ᠪᠠᠨ ᠬᠠᠮᠠᠭᠠᠯᠠᠵᠦ᠂ ᠪᠤᠯᠪᠠᠰᠤᠨ ᠰᠢᠨ᠎ᠡ ᠰᠤᠷᠳᠠᠯ ᠢ ᠰᠤᠷᠳᠠᠯᠴᠢᠯᠠᠨ ᠠᠮᠢᠳᠤᠷᠠᠬᠤᠢ ᠶᠢᠨ ᠦᠭᠡᠳᠡᠷᠭᠡᠭ ᠦᠵᠡᠯ ᠢ ᠬᠦᠮᠦᠵᠢᠭᠦᠯᠬᠦ ᠶᠢ ᠵᠤᠷᠢᠵᠦ ᠰᠢᠨ᠎ᠡ ᠮᠠᠯᠵᠢᠬᠤ ᠤᠷᠤᠨ ᠢ ᠪᠠᠶᠢᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃    ᠴᠠᠭᠠᠠᠪᠤᠭᠤᠳᠤ ᠭᠠᠴᠠᠭ᠎ᠠ ᠨᠢ ᠡᠮᠡᠭᠳᠡᠶᠢᠴᠦᠳ ᠤᠨ ᠬᠤᠯᠪᠤᠭᠠᠳᠤ ᠬᠤᠷᠠᠯ ᠤᠨ ᠠᠵᠢᠯ ᠢ ᠰᠢᠨ᠎ᠡ ᠮᠠᠯᠵᠢᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠴᠢᠬᠤᠯᠠ ᠬᠦᠴᠦᠨ ᠪᠤᠯᠭᠠᠨ ᠠᠳᠬᠤᠵᠤ᠂ ᠲᠡᠭᠡᠳᠦ ᠱᠠᠳᠤᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠤᠨ ᠠᠵᠢᠯ ᠤᠨ ᠪᠠᠶᠢᠷᠢᠯᠠᠭᠤᠯᠤᠯᠳᠠ ᠪᠠᠷ ᠡᠯ᠎ᠡ ᠲᠠᠯ᠎ᠠ ᠶᠢᠨ ᠠᠵᠢᠯ ᠢᠶᠠᠨ ᠰᠠᠶᠢᠳᠤᠷ ᠬᠦᠢᠴᠡᠳᠬᠡᠵᠦ ᠢᠷᠡᠪᠡ᠃ ᠲᠤᠰ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠡᠯ᠎ᠡ ᠪᠠᠶᠠᠷ ᠲᠤᠷᠠᠰᠬᠠᠯ ᠤᠨ ᠡᠳᠦᠷ ᠪᠤᠶᠤ ᠭᠤᠤᠯ ᠰᠡᠳᠦᠪᠳᠦ ᠠᠵᠢᠯᠯᠠᠭ᠎ᠠ ᠪᠠᠷ ᠲᠠᠮᠵᠢᠭᠤᠯᠤᠨ ᠰᠤᠶᠤᠯ ᠲᠠᠮᠢᠷ ᠤᠨ ᠠᠵᠢᠯᠯᠠᠭ᠎ᠠ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠰᠤᠷᠳᠠᠯᠴᠢᠯᠠᠭ᠎ᠠ᠂ ᠭᠡᠷ ᠪᠦᠯᠢ ᠶᠢᠨ ᠬᠦᠮᠦᠵᠢᠯ᠂ ᠡᠮᠡᠭᠳᠡᠶᠢᠴᠦᠳ ᠤᠨ ᠤᠷ᠎ᠠ ᠮᠡᠷᠭᠡᠵᠢᠯ ᠤᠨ ᠪᠤᠯᠪᠠᠰᠤᠷᠠᠯ ᠵᠡᠷᠭᠡ ᠠᠵᠢᠯ ᠢ ᠵᠤᠬᠢᠶᠠᠨ ᠪᠠᠶᠢᠭᠤᠯᠤᠨ ᠬᠢᠵᠦ᠂ ᠮᠠᠯᠴᠢᠨ ᠲᠦᠮᠡᠨ ᠤ ᠲᠤᠮᠳᠠ ︽ᠴᠡᠪᠡᠷ ᠠᠶᠢᠯ︾᠂ ︽ᠭᠤᠶᠤ ᠰᠠᠶᠢᠬᠠᠨ ᠭᠡᠷ ᠪᠦᠯᠢ︾᠂ ︽ ᠦᠵᠡᠰᠬᠦᠯᠡᠩᠳᠦ ᠰᠠᠶᠢᠬᠠᠨ ᠭᠡᠷ ᠤᠷᠤᠨ︾᠂ ︽ᠰᠠᠶᠢᠨ ᠪᠡᠷᠢ︾ ᠵᠡᠷᠭᠡ ᠶᠢ ᠰᠤᠩᠭᠤᠨ ᠰᠢᠯᠭᠠᠷᠠᠭᠤᠯᠵᠤ ᠵᠢᠱᠢᠶᠡᠴᠢ  ᠪᠠᠷ ᠲᠠᠶᠢᠴᠢᠯᠠᠨ ᠲᠠᠭᠠᠭᠤᠯᠵᠤ᠂ ᠡᠮᠡᠭᠳᠡᠶᠢᠴᠦᠳ ᠤᠨ ᠡᠷᠭᠡ ᠠᠰᠢᠭ ᠢ ᠬᠠᠮᠠᠭᠠᠯᠠᠨ ᠡᠶ᠎ᠡ ᠨᠠᠶᠢᠷᠠᠮᠳᠠᠭᠤ ᠭᠡᠷ ᠪᠦᠯᠢ ᠶᠢ ᠪᠠᠶᠢᠭᠤᠯᠬᠤ ᠳᠤ ᠴᠢᠬᠤᠯᠠ ᠦᠢᠯᠡᠳᠦᠯ ᠭᠠᠷᠭᠠᠭᠰᠠᠨ ᠲᠡᠳᠦᠢ ᠦᠭᠡᠢ᠂ ᠠᠴᠢ ᠡᠨᠡᠷᠢᠯ᠂ ᠠᠵᠢᠯ ᠬᠦᠳᠡᠯᠮᠦᠷᠢ᠂ ᠡᠶ᠎ᠡ ᠪᠦᠯᠬᠦᠮᠳᠡᠯ ᠲᠠᠢ ᠪᠠᠶᠢᠬᠤ ᠰᠢᠯᠢᠳᠡᠭ ᠰᠠᠶᠢᠬᠠᠨ ᠪᠤᠯᠪᠠᠰᠤᠨ ᠰᠤᠷᠳᠠᠯ ᠢ ᠲᠦᠭᠡᠭᠡᠨ ᠲᠡᠯᠭᠡᠷᠡᠭᠦᠯᠪᠡ᠃    ᠡᠭᠦᠨ ᠤ ᠬᠠᠮᠳᠤ ᠴᠠᠭᠠᠠᠪᠤᠭᠤᠳᠤ ᠭᠠᠴᠠᠭᠠᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ ᠨᠢ ᠡᠮᠡᠭᠳᠡᠶᠢᠴᠦᠳ ᠢᠶᠠᠨ ᠲᠠᠶᠢᠴᠢᠯᠠᠨ ᠭᠠᠴᠠᠭᠠᠨ ᠤ ᠪᠠᠨ ᠤᠯᠠᠨ ᠲᠦᠮᠡᠨᠴᠢ ᠰᠤᠶᠤᠯ ᠲᠠᠮᠢᠷ ᠤᠨ ᠠᠵᠢᠯᠯᠠᠭ᠎ᠠ᠂ ᠬᠢᠵᠢᠭ ᠰᠡᠷᠭᠡᠶᠢᠯᠡᠬᠦ ᠪᠠ ᠤᠯᠠᠨ ᠲᠠᠯ᠎ᠠ ᠶᠢᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠭᠠᠷᠳᠠᠨ ᠬᠦᠢᠴᠡᠳᠬᠡᠵᠦ ᠬᠦᠳᠡᠯᠮᠦᠷᠢᠴᠢᠨ ᠡᠮᠡᠭᠳᠡᠶᠢᠴᠦᠳ ᠤᠨ ᠦᠢᠯᠡᠳᠦᠯ ᠢᠳᠡᠪᠬᠢᠵᠢᠯ ᠢ ᠬᠦᠢᠴᠡᠳ ᠪᠠᠳᠠᠷᠠᠭᠤᠯᠤᠨ  ᠰᠢᠨ᠎ᠡ ᠮᠠᠯᠵᠢᠬᠤ ᠤᠷᠤᠨ ᠢᠶᠠᠨ ᠪᠦᠳᠦᠭᠡᠨ ᠪᠠᠶᠢᠭᠤᠯᠵᠤ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号