ᠭᠠᠴᠠᠭᠠᠨ ᠤ ᠬᠠᠮᠲᠤ ᠶᠢᠨ ᠬᠠᠳᠤᠯᠠᠩ ᠢᠶᠠᠨ ᠵᠣᠬᠢᠰᠲᠠᠶ ᠠᠰᠢᠭᠯᠠᠨ ᠬᠠᠮᠲᠤ ᠶᠢᠨ ᠠᠵᠤ ᠠᠬᠤᠶ  ᠶᠢᠨ ᠤᠷᠤᠯᠭ᠎ᠠ ᠪᠠᠨ ᠨᠡᠮᠡᠭᠳᠡᠭᠦᠯᠵᠦ᠂ ᠮᠠᠯᠴᠢᠳ ᠲᠤ ᠠᠰᠢᠭ ᠬᠦᠷᠳᠡᠭᠡᠵᠦ ᠪᠤᠢ
ᠨᠡᠶᠢᠲᠡᠯᠡᠭᠰᠡᠨ ᠴᠠᠭ᠄
2022/10/26
ᠭᠠᠴᠠᠭᠠᠨ ᠤ ᠬᠠᠮᠲᠤ ᠶᠢᠨ ᠬᠠᠳᠤᠯᠠᠩ ᠢᠶᠠᠨ ᠵᠣᠬᠢᠰᠲᠠᠶ ᠠᠰᠢᠭᠯᠠᠨ ᠬᠠᠮᠲᠤ ᠶᠢᠨ ᠠᠵᠤ ᠠᠬᠤᠶ   ᠶᠢᠨ ᠤᠷᠤᠯᠭ᠎ᠠ  ᠪᠠᠨ ᠨᠡᠮᠡᠭᠳᠡᠭᠦᠯᠵᠦ᠂ ᠮᠠᠯᠴᠢᠳ ᠲᠤ ᠠᠰᠢᠭ ᠬᠦᠷᠳᠡᠭᠡᠵᠦ ᠪᠤᠢ                    ᠵᠢᠷ ᠤᠨ ᠭᠤᠤᠯ ᠪᠠᠯᠭᠠᠰᠤᠨ ᠤ ᠪᠠᠶᠠᠨᠭᠤᠣᠯ ᠭᠠᠴᠠᠭ᠎ᠠ᠂ ᠵᠢᠷ ᠤᠨ ᠭᠤᠤᠯ ᠭᠠᠴᠠᠭ᠎ᠠ ᠨᠢ ᠭᠠᠴᠠᠭᠠᠨ ᠤ ᠪᠠᠨ ᠬᠠᠮᠲᠦ ᠶᠢᠨ ᠬᠠᠳᠤᠯᠠᠩ ᠢ ᠵᠦᠢ ᠵᠣᠬᠢᠰᠲᠠᠶ ᠠᠰᠢᠭᠯᠠᠨ ᠬᠠᠮᠲᠤ ᠶᠢᠨ ᠠᠵᠤ ᠠᠬᠤᠶ ᠶᠢᠨ ᠤᠷᠤᠯᠭ᠎ᠠ ᠪᠠᠨ ᠨᠡᠮᠡᠭᠳᠡᠭᠦᠯᠵᠦ᠂  ᠮᠠᠯᠴᠢᠳ ᠲᠤ ᠠᠰᠢᠭ ᠬᠦᠷᠳᠡᠭᠡᠵᠦ ︽ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ︾ ᠶᠢ ᠪᠡᠶᠡᠯᠡᠭᠦᠯᠦᠭᠰᠡᠨ ᠪᠠᠶᠢᠨ᠎ᠠ᠃   ᠪᠠᠶᠠᠨᠭᠤᠣᠯ  ᠭᠠᠴᠠᠭᠠᠨ ᠤ ᠬᠠᠮᠲᠤ ᠶᠢᠨ ᠪᠡᠯᠴᠢᠭᠡᠷ 11680 ᠮᠦ  ᠪᠠᠶᠢᠵᠦ᠂ ᠡᠭᠦᠨ ᠳᠤ 5680 ᠮᠦ  ᠭᠠᠳᠠᠭᠰᠢ  ᠲᠦᠷᠢᠶᠡᠰᠦᠯᠡᠬᠦᠯᠵᠦ ᠪᠤᠢ᠂ ᠦᠨᠦ ᠵᠢᠯ ᠤᠨ ᠨᠠᠮᠤᠷ ᠤᠨ ᠤᠯᠠᠷᠢᠯ ᠳᠤ ᠨᠡᠶᠢᠲᠡ 860 ᠲᠣᠨ ᠡᠪᠡᠰᠦ ᠬᠠᠳᠤᠵᠦ  ᠂  ᠵᠢᠷ ᠤᠨ ᠭᠤᠤᠯ  ᠭᠠᠴᠠᠭᠠᠨ ‍ᠣ‌ᠬᠠᠮᠲᠤ ᠶᠢᠨ ᠪᠡᠯᠴᠢᠭᠡᠷ 15000 ᠮᠦ ᠡᠪᠡᠰᠦ  ᠪᠠᠶᠢᠵᠦ᠂  ᠦᠨᠦ ᠵᠢᠯ ᠤᠨ ᠨᠠᠮᠤᠷ ᠤᠨ ᠤᠯᠠᠷᠢᠯ ᠳᠤ ᠨᠡᠶᠢᠲᠡ 960 ᠭᠠᠷᠤᠢ ᠲᠣᠨ ᠡᠪᠡᠰᠦ  ᠬᠠᠳᠤᠭᠰᠠᠨ ᠪᠠᠶᠢᠨ᠎ᠠ᠂ ᠬᠤᠶᠠᠷ  ᠭᠠᠴᠠᠭᠠᠨ ᠤ ︽ᠬᠤᠶᠠᠷ ᠵᠥᠪᠯᠡᠯ ︾ ᠡᠨᠡ ᠵᠢᠯ ᠤᠨ ᠡᠪᠡᠰᠦ ᠪᠣᠷᠳᠣᠭᠠᠨ ᠤ ᠦᠨ᠎ᠡ ᠨᠡᠯᠢᠶᠡᠳ ᠥᠨᠳᠥᠷ ᠪᠠᠶᠢᠬᠤ ᠪᠠᠶᠢᠳᠠᠯ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠦᠨ᠎ᠡ ᠠᠴᠠ 300 ︱ 400 ᠲᠥᠭᠦᠷᠢᠭ ᠲᠤᠤᠷ᠎ᠠ ᠦᠨ᠎ᠡ ᠪᠠᠷ ᠮᠠᠯᠴᠢᠳ ᠲᠤ  ᠬᠤᠳᠠᠯᠳᠤᠨ ᠥᠭᠬᠦ ᠪᠠᠷ ᠲᠣᠭᠲᠠᠵᠠᠢ᠃ ᠡᠭᠦᠨ ᠳᠤ ᠪᠠᠶᠠᠨᠭᠤᠣᠯ  ᠭᠠᠴᠠᠭᠠᠨ ᠤ 103 ᠡᠷᠦᠬᠡ ᠮᠠᠯᠴᠢᠨ ᠡᠷᠦᠬᠡ ᠪᠦᠷᠢ ᠳᠤ ᠲᠣᠨ ᠪᠦᠷᠢ ᠳᠤ 1000 ᠲᠥᠭᠦᠷᠢᠭ ᠤᠨ ᠦᠨ᠎ᠡ ᠪᠠᠷ 7.5 ᠲᠣᠨ ᠡᠪᠡᠰᠦ  ᠬᠤᠪᠢᠶᠠᠨ ᠥᠭᠴᠦ᠂  ᠮᠠᠯᠴᠢᠳ ᠲᠤ 27 ᠲᠦᠮᠡ ᠭᠠᠷᠤᠶ ᠲᠥᠭᠦᠷᠢᠭ ᠤᠨ ᠡᠪᠡᠰᠦ ᠬᠤᠳᠠᠯᠳᠤᠨ ᠠᠪᠬᠤ ᠵᠠᠷᠤᠳᠠᠯ ᠢ ᠠᠷᠪᠢᠯᠠᠵᠤ ᠥᠭᠴᠡᠶ᠃  ᠵᠢᠷ ᠤᠨ ᠭᠤᠤᠯ  ᠭᠠᠴᠠᠭᠠᠨ ᠤ 125 ᠡᠷᠦᠬᠡ  ᠳ᠋ᠥ‌ᠡᠷᠦᠬᠡ ᠪᠦᠷᠢ ᠳᠤ 1040 ᠲᠥᠭᠦᠷᠢᠭ ᠤᠨ ᠦᠨ᠎ᠡ ᠪᠠᠷ 6.5 ᠲᠣᠨ ᠡᠪᠡᠰᠦ ᠪᠣᠷᠳᠤᠭ᠎ᠠ ᠬᠤᠪᠢᠶᠠᠨ ᠥᠭᠴᠦ᠂ ᠮᠠᠯᠴᠢᠳ ᠲᠤ30 ᠭᠠᠷᠤᠶ ᠲᠦᠮᠡᠨ ᠲᠥᠭᠦᠷᠢᠭ ᠤᠨ ᠡᠪᠡᠰᠦ ᠬᠤᠳᠠᠯᠳᠤᠨ ᠠᠪᠬᠤ ᠵᠠᠷᠤᠳᠠᠯ ᠢ ᠠᠷᠪᠢᠯᠠᠵᠤ ᠥᠭᠴᠡᠶ᠃   ᠡᠨᠡ ᠬᠦ ᠠᠷᠭ᠎ᠠ  ᠠᠪᠴᠢᠯ ᠨᠢ  ᠮᠠᠯᠴᠢᠳ ᠤᠨ ᠡᠪᠡᠰᠦ ᠬᠤᠳᠠᠯᠳᠤᠨ ᠠᠪᠬᠤ ᠬᠡᠰᠡᠭ ᠪᠠᠯᠠ ᠮᠥᠩᠭᠦ ᠶᠢ ᠠᠷᠪᠢᠯᠠᠵᠤ ᠦᠭᠭᠦᠨ‌‍ᠪᠣᠳᠠᠲᠤ ᠠᠰᠢᠭ ᠬᠦᠷᠳᠡᠭᠡᠭᠰᠡᠨ ᠢᠶᠠᠷ ᠪᠠᠷᠠᠬᠤ ᠥᠬᠡᠶ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠵᠦ᠂  ᠮᠠᠯᠴᠢᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠪᠠᠶᠠᠨᠭᠤᠯ ᠭᠠᠴᠠᠭ᠎ᠠ ᠬᠠᠮᠲᠤ ᠶᠢᠨ ᠪᠡᠯᠴᠢᠭᠡᠷ ᠲᠤ ᠡᠪᠡᠰᠦ ᠬᠠᠳᠤᠬᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠪᠠᠷ ᠳᠡᠮᠵᠢᠨ 75 ᠲᠦᠮᠡ ᠭᠠᠷᠤᠶ ᠲᠥᠭᠦᠷᠢᠭ ᠤᠨ ᠣᠷᠣᠯᠭ᠎ᠠ ᠬᠤᠷᠢᠶᠠᠵᠤ᠂  ᠵᠢᠷ ᠤᠨ ᠭᠤᠤᠯ ᠭᠠᠴᠠᠭ᠎ᠠ ᠬᠠᠮᠲᠤ ᠶᠢᠨ ᠪᠡᠯᠴᠢᠭᠡᠷ ᠲᠤ ᠡᠪᠡᠰᠦ ᠬᠠᠳᠤᠬᠤ ᠬᠠᠮᠲᠤ ᠶᠢᠨ ᠠᠵᠤ ᠠᠬᠤᠶ ᠶᠢᠨ ᠡᠵᠡᠩᠨᠡᠯᠲᠡ ᠪᠠᠷ ᠳᠡᠮᠵᠢᠨ 85 ᠲᠦᠮᠡ ᠭᠠᠷᠤᠶ ᠲᠥᠭᠦᠷᠢᠭ ᠤᠨ ᠣᠷᠣᠯᠭ᠎ᠠ  ᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号