ᠦᠰᠦᠭ ᠪᠢᠴᠢᠭ ᠢᠶᠠᠷ ᠥᠭᠦᠯᠡᠬᠦᠢ᠄ ︽ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ︽ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠨᠡᠶᠢᠭᠡᠮ ᠨᠡᠶᠢᠲᠡ ᠶᠢᠨ ︽ᠮᠡᠳᠡᠭᠳᠡᠯ︾ | ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ | ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠭᠤᠣᠯ ᠠᠬᠤᠢ ᠪᠠᠶᠢᠳᠠᠯ | ︵ᠨᠢᠭᠡ︶ ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠥᠷᠨᠢᠭᠦᠯᠬᠦ ᠠᠴᠢ ᠬᠤᠯᠪᠣᠭᠳᠠᠯ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠪᠣᠯ ᠬᠥᠷᠥᠰᠥ | ᠰᠢᠷᠣᠢ ᠶᠢᠨ ᠲᠥᠷᠥᠯ ᠬᠡᠯᠪᠡᠷᠢ ᠵᠢᠴᠢ ᠲᠠᠷᠬᠠᠯᠲᠠ ᠶᠢᠨ ᠵᠢᠮ᠎ᠡ ᠶᠣᠰᠣ ᠶᠢ ᠪᠠᠶᠢᠴᠠᠭᠠᠨ ᠲᠣᠳᠣᠯᠠᠬᠤ᠂ ᠬᠥᠷᠥᠰᠥ | ᠰᠢᠷᠣᠢ ᠶᠢᠨ ᠡᠬᠢ ᠪᠠᠶᠠᠯᠢᠭ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠵᠡᠷᠭᠡ ᠶᠢ ᠪᠠᠶᠢᠴᠠᠭᠠᠨ ᠲᠣᠳᠣᠯᠠᠬᠤ ᠴᠢᠬᠤᠯᠠ | ᠠᠷᠭ᠎ᠠ ᠪᠠᠷᠢᠯ ᠪᠣᠯᠣᠨ᠎ᠠ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠨᠢ ᠬᠥᠷᠥᠰᠥ ᠰᠢᠷᠣᠢ ᠶᠢ ᠰᠢᠨᠵᠢᠯᠡᠬᠦ | ᠤᠬᠠᠭᠠᠨᠴᠢ ᠪᠠᠷ ᠲᠥᠷᠥᠯ ᠬᠤᠪᠢᠶᠠᠬᠤ᠂ ᠲᠥᠯᠥᠪᠵᠢᠭᠦᠯᠦᠨ ᠠᠰᠢᠭᠯᠠᠬᠤ᠂ ᠬᠥᠷᠥᠰᠥᠵᠢᠭᠦᠯᠦᠨ ᠰᠢᠮᠡᠯᠢᠭᠵᠢᠭᠦᠯᠬᠦ᠂ | ᠬᠠᠮᠠᠭᠠᠯᠠᠨ ᠬᠠᠮᠢᠶᠠᠷᠬᠤ ᠵᠡᠷᠭᠡ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠵᠤ ᠪᠣᠯᠬᠤ ᠪᠥᠭᠡᠳ ᠪᠠᠰᠠ ᠠᠵᠤ | ᠠᠬᠤᠢ ᠨᠡᠶᠢᠭᠡᠮ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ | ᠲᠣᠭᠲᠠᠭᠠᠬᠤ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠤ ᠪᠣᠯᠣᠨ᠎ᠠ᠃ ᠬᠤᠶᠠᠳᠤᠭᠠᠷ ᠤᠳᠠᠭᠠᠨ ᠤ | ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ︵ᠳᠣᠷᠣᠭᠰᠢ ︽ᠬᠥᠷᠥᠰᠥ ᠰᠢᠷᠣᠢ ᠶᠢᠨ ᠬᠤᠶᠠᠳᠤᠭᠠᠷ ᠨᠡᠶᠢᠳᠡᠮ | ᠪᠠᠶᠢᠴᠠᠭᠠᠯᠲᠠ︾ ᠭᠡᠵᠦ ᠲᠣᠪᠴᠢᠯᠠᠨ᠎ᠠ︶ ᠨᠢ ᠣᠳᠣ ᠠᠴᠠ ᠨᠢᠭᠡᠨᠲᠡ 40 ᠵᠢᠯ ᠤᠨ ᠡᠮᠦᠨ᠎ᠡ ᠶᠠᠪᠤᠭᠳᠠᠵᠤ᠂ ᠬᠠᠮᠢᠶ᠎ᠠ | ᠪᠦᠬᠦᠢ ᠲᠤᠭ᠎ᠠ ᠪᠠᠷᠢᠮᠲᠠ ᠨᠢ ᠣᠳᠣᠬᠠᠨ ᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠮ᠎ᠡ ᠶᠢᠨ ᠪᠣᠳᠠᠲᠤ | ᠪᠠᠶᠢᠳᠠᠯ ᠢ ᠪᠦᠬᠦ ᠲᠠᠯ᠎ᠠ ᠢᠯᠡᠷᠡᠭᠦᠯᠵᠦ ᠴᠢᠳᠠᠬᠤ ᠦᠭᠡᠢ ᠪᠠᠶᠢᠬᠤ ᠲᠤᠯᠠ ᠭᠤᠷᠪᠠᠳᠤᠭᠠᠷ ᠤᠳᠠᠭᠠᠨ ᠤ ᠬᠥᠷᠥᠰᠥ | ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠲᠠᠷᠢᠶᠠᠨ ᠭᠠᠵᠠᠷ ᠲᠤ ︽ᠪᠥᠬᠦ ᠲᠠᠯ᠎ᠠ ᠶᠢᠨ ᠪᠠᠶᠢᠴᠠᠭᠠᠯᠲᠠ︾ | ᠬᠢᠵᠦ᠂ ᠬᠥᠷᠥᠰᠥ ᠰᠢᠷᠣᠢ ᠶᠢᠨ ᠰᠢᠮᠡᠯᠢᠭ ᠴᠢᠨᠠᠷ᠂ ᠰᠢᠨᠵᠢ ᠪᠠᠶᠢᠳᠠᠯ ᠪᠠ ᠠᠰᠢᠭᠯᠠᠯᠲᠠ ᠶᠢᠨ ᠪᠠᠶᠢᠳᠠᠯ ᠵᠡᠷᠭᠡ ᠶᠢ | ᠦᠨᠡᠨ ᠪᠣᠳᠠᠲᠠᠢ ᠣᠨᠣᠪᠴᠢᠲᠠᠶ ᠡᠵᠡᠮᠰᠢᠵᠦ᠂ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ | ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯ ᠪᠠᠳᠠᠷᠠᠯ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ | ᠪᠠᠶᠠᠵᠢᠬᠤ ᠶᠢ ᠠᠬᠢᠭᠤᠯᠬᠤ ᠳᠤ ᠰᠠᠭᠤᠷᠢ ᠲᠤᠯᠭᠠᠭᠤᠷᠢᠯᠠᠯ ᠬᠠᠩᠭᠠᠬᠤᠴᠢᠬᠤᠯᠠᠲᠠᠢ ᠪᠠᠶᠢᠨ᠎ᠠ᠃ | ︵ᠬᠤᠶᠠᠷ︶ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠦᠨᠳᠦᠰᠦᠯᠡᠯ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ︽ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠳᠤ ᠪᠠᠨ ︽ | ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2022﹈ 4 ᠳ᠋ᠦ᠋ᠭᠡᠷ ᠲᠣᠭᠠᠲᠤ︶ ᠪᠣᠯᠣᠨ ︽ | ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠲᠥᠰᠥᠯ︾ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠪᠡ᠃ | ᠬᠤᠶᠠᠷ᠂ ︽ᠮᠡᠳᠡᠭᠳᠡᠯ︾ ᠤᠨ ᠭᠤᠣᠯ ᠠᠭᠤᠯᠭ᠎ᠠ | ︵ᠨᠢᠭᠡ︶ ᠨᠡᠶᠢᠳᠡᠮ ᠪᠠᠶᠢᠴᠠᠭᠠᠬᠤ ᠵᠦᠢᠯ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠳᠤ ᠭᠤᠣᠯᠳᠠᠭᠤ ᠪᠥᠬᠦ ᠣᠷᠣᠨ ᠤ ᠲᠠᠷᠢᠶᠠᠨ ᠭᠠᠵᠠᠷ᠂ ᠴᠡᠴᠡᠷᠯᠢᠭᠲᠦ ᠭᠠᠵᠠᠷ᠂ ᠣᠶᠢᠲᠤ ᠭᠠᠵᠠᠷ᠂ | ᠡᠪᠡᠰᠦᠲᠦ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠣᠨ ᠬᠡᠰᠡᠭ ᠠᠰᠢᠭᠯᠠᠭᠠᠳᠤᠢ ᠭᠠᠵᠠᠷ ᠤᠨ ᠬᠥᠷᠥᠰᠥ | ᠰᠢᠷᠣᠢ ᠪᠣᠯᠣᠨ᠎ᠠ᠃ ᠡᠭᠦᠨ ᠳᠤ ᠣᠶᠢᠲᠤ ᠭᠠᠵᠠᠷ᠂ ᠡᠪᠡᠰᠦᠲᠦ ᠭᠠᠵᠠᠷ ᠲᠤ ᠢᠳᠡᠭᠡᠨ ᠤ ᠦᠢᠯᠡᠳᠪᠦᠷᠢᠯᠡᠯ ᠲᠠᠢ | ᠬᠤᠯᠪᠣᠭᠳᠠᠬᠤ ᠭᠠᠵᠠᠷ ᠰᠢᠷᠣᠢ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠰᠢᠭᠯᠠᠭᠠᠳᠤᠢ ᠭᠠᠵᠠᠷ ᠲᠤ ᠬᠠᠭᠠᠯᠠᠪᠤᠷᠢᠯᠠᠨ | ᠲᠠᠷᠢᠶᠠᠯᠠᠵᠤ ᠪᠣᠯᠬᠤ ᠡᠬᠢ ᠪᠠᠶᠠᠯᠢᠭ ᠲᠠᠢ ᠬᠤᠯᠪᠣᠭᠳᠠᠬᠤ ᠭᠠᠵᠠᠷ ᠰᠢᠷᠣᠢ ᠶᠢ ᠭᠤᠣᠯᠳᠠᠯᠭ᠎ᠠ ᠲᠠᠢ ᠪᠠᠶᠢᠴᠠᠭᠠᠨ᠎ᠠ᠂ | ᠵᠢᠱᠢᠶᠡᠯᠡᠪᠡᠯ ᠬᠤᠵᠢᠷᠯᠢᠭ ᠭᠠᠵᠠᠷ ᠵᠡᠷᠭᠡ᠃ | ︵ᠬᠤᠶᠠᠷ︶ ᠨᠡᠶᠢᠳᠡᠮ ᠪᠠᠶᠢᠴᠠᠭᠠᠯᠲᠠ ᠶᠢᠨ ᠬᠠᠷᠠᠯᠲᠠ 2025 ᠣᠨ ᠪᠣᠯᠬᠤ ᠳᠤ ᠪᠥᠬᠦ ᠣᠷᠣᠨ ᠤ | ᠲᠠᠷᠢᠶᠠᠨ ᠭᠠᠵᠠᠷ᠂ ᠴᠡᠴᠡᠷᠯᠢᠭᠲᠦ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠪᠠ ᠬᠡᠰᠡᠭ ᠠᠰᠢᠭᠯᠠᠭᠠᠳᠤᠢ ᠭᠠᠵᠠᠷ | ᠵᠡᠷᠭᠡ ᠬᠥᠷᠥᠰᠥ ᠰᠢᠷᠣᠢ ᠳᠤ ︽ᠪᠥᠬᠦ ᠲᠠᠯ᠎ᠠ ᠶᠢᠨ ᠪᠠᠶᠢᠴᠠᠭᠠᠯᠲᠠ︾ ᠬᠢᠬᠦ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ | ᠰᠢᠮᠡᠯᠢᠭ ᠴᠢᠨᠠᠷ ᠤᠨ ᠪᠠᠶᠢᠳᠠᠯ ᠢ ᠲᠣᠳᠣᠷᠬᠠᠢ ᠣᠶᠢᠯᠠᠭᠠᠨ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠬᠤ᠂ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ | ᠪᠠᠬᠢ ᠰᠠᠭᠤᠷᠢ ᠲᠠᠯᠪᠢᠵᠤ ᠥᠭᠭᠦᠨ᠎ᠡ᠃ | ︵ᠭᠤᠷᠪᠠ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠳᠤ | ᠳᠥᠷᠪᠡᠨ ᠲᠠᠯ᠎ᠠ ᠪᠠᠭᠲᠠᠨ᠎ᠠ᠄ ᠨᠢᠭᠡ ᠳᠤ᠂ ᠬᠥᠷᠥᠰᠥ ᠰᠢᠷᠣᠢ ᠶᠢᠨ ᠰᠢᠨᠵᠢ ᠪᠠᠶᠢᠳᠠᠯ ᠤᠨ ᠨᠡᠶᠢᠳᠡᠮ ᠪᠠᠶᠢᠴᠠᠭᠠᠯᠲᠠ᠂ | ᠡᠭᠦᠨ ᠳᠤ ᠬᠡᠭᠡᠷ᠎ᠡ ᠶᠢᠨ ᠬᠥᠷᠥᠰᠥ ᠰᠢᠷᠣᠢ ᠶᠢᠨ ᠥᠩᠭᠡᠨ ᠳᠠᠪᠬᠤᠷᠭ᠎ᠠ ᠶᠢᠨ ᠥᠯᠢᠭᠡᠷ ᠡᠳ᠋ ᠴᠤᠭᠯᠠᠭᠤᠯᠬᠤ ᠪᠠ | ᠬᠥᠷᠥᠰᠥ ᠰᠢᠷᠣᠢ ᠶᠢᠨ ᠹᠢᠽᠢᠺ ᠬᠢᠮᠢ ᠶᠢᠨ ᠰᠢᠨᠵᠢ ᠪᠠᠶᠢᠳᠠᠯ᠂ ᠠᠮᠢᠳᠤ ᠪᠣᠳᠠᠰ ᠤᠨ ᠰᠢᠨᠵᠢ ᠪᠠᠶᠢᠳᠠᠯ ᠤᠨ ᠭᠦᠢᠴᠡᠳᠬᠡᠯ | ᠲᠤᠭ᠎ᠠ ᠶᠢ ᠵᠠᠳᠠᠯᠵᠤ ᠰᠢᠨᠵᠢᠯᠡᠨ ᠰᠢᠯᠭᠠᠬᠤ ᠵᠡᠷᠭᠡ ᠪᠠᠭᠲᠠᠨ᠎ᠠ︔ ᠬᠤᠶᠠᠷ ᠲᠤ᠂ ᠬᠥᠷᠥᠰᠥ ᠰᠢᠷᠣᠢ ᠶᠢᠨ ᠲᠥᠷᠥᠯ | ᠵᠦᠢᠯ ᠤᠨ ᠨᠡᠶᠢᠳᠡᠮ ᠪᠠᠶᠢᠴᠠᠭᠠᠯᠲᠠ᠂ ᠡᠭᠦᠨ ᠳᠤ ᠭᠤᠣᠯ ᠪᠣᠯᠬᠤ ᠬᠥᠷᠥᠰᠥ ᠰᠢᠷᠣᠢ ᠶᠢᠨ ᠲᠥᠷᠥᠯ ᠵᠦᠢᠯ ᠤᠨ | ᠣᠭᠲᠣᠯᠣᠭᠠᠰᠤ ᠶᠢ ᠠᠭᠤᠳᠠᠯᠤᠨ ᠠᠵᠢᠭᠯᠠᠬᠤ᠂ ᠥᠯᠢᠭᠡᠷ ᠠᠪᠴᠤ ᠰᠢᠨᠵᠢᠯᠡᠨ ᠰᠢᠯᠭᠠᠬᠤ ᠵᠡᠷᠭᠡ ᠶᠢ ᠪᠠᠭᠲᠠᠭᠠᠵᠤ᠂ | ᠬᠥᠷᠥᠰᠥ ᠰᠢᠷᠣᠢ ᠶᠢᠨ ᠲᠥᠷᠥᠯ ᠵᠦᠢᠯ ᠢ ᠨᠥᠬᠦᠪᠦᠷᠢᠯᠡᠨ ᠪᠦᠷᠢᠨᠰᠢᠭᠦᠯᠦᠨ᠎ᠡ︔ ᠭᠤᠷᠪᠠ ᠳᠤ᠂ ᠬᠥᠷᠥᠰᠥ ᠰᠢᠷᠣᠢ ᠶᠢᠨ | ᠣᠷᠴᠢᠨ ᠲᠣᠭᠤᠷᠢᠨ ᠤ ᠨᠥᠬᠦᠴᠡᠯ ᠤᠨ ᠨᠡᠶᠢᠳᠡᠮ ᠪᠠᠶᠢᠴᠠᠭᠠᠯᠲᠠ᠂ ᠡᠭᠦᠨ ᠳᠤ ᠭᠠᠵᠠᠷ ᠤᠨ ᠪᠠᠶᠢᠴᠠ ᠭᠠᠵᠠᠷ ᠤᠨ | ᠭᠠᠳᠠᠷᠭᠤ᠂ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤᠨ ᠤ ᠭᠠᠵᠠᠷ ᠰᠢᠨᠵᠢᠯᠡᠭᠡ | ᠵᠡᠷᠭᠡ ᠪᠠᠭᠲᠠᠨ᠎ᠠ︔ ᠳᠥᠷᠪᠡ ᠳᠤ᠂ ᠬᠥᠷᠥᠰᠥ ᠰᠢᠷᠣᠢ ᠶᠢᠨ ᠠᠰᠢᠭᠯᠠᠯᠲᠠ ᠶᠢᠨ ᠪᠠᠶᠢᠳᠠᠯ ᠢ ᠨᠡᠶᠢᠳᠡᠮ ᠪᠠᠶᠢᠴᠠᠭᠠᠨ᠎ᠠ᠂ | ᠡᠭᠦᠨ ᠳᠤ ᠰᠠᠭᠤᠷᠢ ᠪᠡᠯᠡᠳᠬᠡᠮᠵᠢ ᠶᠢᠨ ᠨᠥᠬᠦᠴᠡᠯ᠂ ᠲᠠᠷᠢᠮᠠᠯ ᠤᠨ ᠳᠦᠷᠢᠮ᠂ ᠲᠠᠷᠢᠶᠠᠯᠠᠩ ᠤᠨ ᠦᠢᠯᠡᠳᠪᠦᠷᠢᠯᠡᠯ ᠤᠨ | ᠬᠢᠷᠢ ᠲᠦᠪᠰᠢᠨ ᠵᠡᠷᠭᠡ ᠶᠢ ᠪᠠᠭᠲᠠᠭᠠᠨ᠎ᠠ᠃ | ︵ᠳᠥᠷᠪᠡ︶ ᠨᠡᠶᠢᠳᠡᠮ ᠪᠠᠶᠢᠴᠠᠭᠠᠬᠤ ᠠᠷᠭ᠎ᠠ ᠮᠠᠶ᠋ᠢᠭ ᠤᠯᠤᠰ ᠤᠨ ᠨᠢᠭᠡᠳᠦᠯᠲᠡᠢ ᠠᠵᠢᠯ ᠤᠨ ᠲᠠᠪᠴᠠᠩ᠂ | ᠨᠢᠭᠡᠳᠦᠯᠲᠡᠢ ᠮᠡᠷᠭᠡᠵᠢᠯ ᠤᠨ ᠳᠦᠷᠢᠮ᠂ ᠨᠢᠭᠡᠳᠦᠯᠲᠡᠢ ᠠᠵᠢᠯ ᠤᠨ ᠰᠠᠭᠤᠷᠢ ᠵᠢᠷᠤᠭ᠂ ᠨᠢᠭᠡᠳᠦᠯᠲᠡᠢ ᠦᠯᠢᠭᠡᠷ | ᠶᠠᠩᠵᠤ ᠶᠢᠨ ᠴᠡᠭ ᠪᠠᠶᠢᠷᠢᠯᠠᠭᠤᠯᠬᠤ᠂ ᠨᠢᠭᠡᠳᠦᠯᠲᠡᠢ ᠰᠢᠯᠢᠨ ᠰᠣᠩᠭᠤᠵᠤ ᠪᠠᠶᠢᠴᠠᠭᠠᠨ ᠬᠡᠮᠵᠢᠬᠦ ᠪᠠᠶᠢᠭᠤᠯᠤᠮᠵᠢ᠂ | ᠨᠢᠭᠡᠳᠦᠯᠲᠡᠢ ᠰᠢᠮᠡᠯᠢᠭ ᠴᠢᠨᠠᠷ ᠢ ᠡᠵᠡᠮᠳᠡᠬᠦ ᠲᠣᠭᠲᠠᠯᠴᠠᠭᠠᠨ ᠤ ᠰᠠᠭᠤᠷᠢᠨ ᠳᠡᠭᠡᠷ᠎ᠡ᠂ ᠬᠤᠰᠢᠭᠤ ᠰᠢᠶᠠᠨ ᠢᠶᠠᠷ ᠨᠢᠭᠡᠴᠢ | ᠪᠣᠯᠭᠠᠨ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠦᠯᠢᠭᠡᠷ ᠠᠪᠬᠤ ᠪᠠ ᠳᠣᠲᠣᠭᠠᠳᠤ ᠠᠵᠢᠯ | ᠲᠥᠷᠥᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ | ᠨᠡᠶᠢᠳᠡᠮ ᠪᠠᠶᠢᠴᠠᠭᠠᠯᠲᠠ ᠬᠢᠨ᠎ᠡ᠃ | ︵ᠲᠠᠪᠤ︶ ᠨᠡᠶᠢᠳᠡᠮ ᠪᠠᠶᠢᠴᠠᠭᠠᠯᠲᠠ ᠶᠢᠨ ᠠᠬᠢᠴᠠ ᠶᠢᠨ ᠲᠣᠬᠢᠷᠠᠭᠤᠯᠤᠯᠲᠠ | 2022 ᠣᠨ ᠳᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠪᠠᠶᠢᠴᠠᠭᠠᠯᠲᠠ ᠶᠢᠨ ᠠᠵᠢᠯ ᠢ | ᠡᠬᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠬᠢᠨ᠎ᠡ︔ 2023 - 2024 ᠣᠨ ᠳᠤ ᠨᠡᠶᠢᠳᠡᠮ | ᠪᠠᠶᠢᠴᠠᠭᠠᠯᠲᠠ ᠶᠢ ᠪᠦᠬᠦ ᠲᠠᠯ᠎ᠠ ᠪᠠᠷ ᠡᠬᠢᠯᠡᠭᠦᠯᠦᠨ᠎ᠡ︔ 2025 ᠣᠨ ᠳᠤ ᠦᠷ᠎ᠡ ᠪᠦᠲᠦᠭᠡᠯ ᠢ ᠬᠤᠷᠢᠶᠠᠩᠭᠤᠶᠢᠯᠠᠵᠤ᠂ | ᠰᠢᠯᠭᠠᠨ ᠬᠤᠷᠢᠶᠠᠵᠤ᠂ ᠳ᠋ᠦᠩᠨᠡᠨ᠎ᠡ᠃ 2022 ᠣᠨ ᠳᠤ᠂ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ᠂ ᠣᠨ ᠤ ᠲᠤᠷᠰᠢᠯᠲᠠ ᠶᠢᠨ ᠲᠥᠰᠥᠯ ᠪᠠ ᠬᠤᠵᠢᠷᠯᠢᠭ ᠭᠠᠵᠠᠷ ᠤᠨ | ᠨᠡᠶᠢᠳᠡᠮ ᠪᠠᠶᠢᠴᠠᠭᠠᠯᠲᠠ ᠶᠢᠨ ᠲᠥᠰᠥᠯ ᠢ ᠲᠣᠭᠲᠠᠭᠠᠨ᠎ᠠ︔ ᠲᠠᠪᠤᠨ ᠲᠤᠷᠰᠢᠯᠲᠠ ᠶᠢᠨ ᠬᠤᠰᠢᠭᠤ ᠰᠢᠶᠠᠨ ᠢ ᠵᠣᠬᠢᠶᠠᠨ | ᠪᠠᠶᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠬᠢᠨ᠎ᠡ︔ ᠪᠥᠬᠦ ᠣᠷᠣᠨ ᠤ ᠬᠤᠵᠢᠷᠯᠢᠭ ᠭᠠᠵᠠᠷ ᠤᠨ ᠨᠡᠶᠢᠳᠡᠮ | ᠪᠠᠶᠢᠴᠠᠭᠠᠯᠲᠠ ᠶᠢ ᠡᠬᠢᠯᠡᠭᠦᠯᠬᠦ ᠶᠢᠨ ᠬᠠᠮᠲᠤ ᠪᠡᠶᠡᠯᠡᠭᠦᠯᠦᠨ᠎ᠡ᠃ | 2023 - 2024 ᠣᠨ ᠳᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ | ᠣᠯᠠᠨ ᠲᠠᠰ ᠳᠠᠪᠬᠤᠷᠭ᠎ᠠ ᠶᠢᠨ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠵᠢᠯᠣᠭᠤᠳᠤᠯᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ ᠪᠠ | ᠳᠣᠲᠣᠭᠠᠳᠤ ᠠᠵᠢᠯ ᠲᠥᠷᠥᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ ᠶᠢ ᠪᠡᠶᠡᠯᠡᠭᠦᠯᠵᠦ᠂ ᠬᠥᠷᠥᠰᠥ | ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠬᠢᠭᠡᠳ ᠥᠯᠢᠭᠡᠷ ᠡᠳ᠋ ᠤᠨ ᠬᠥᠮᠥᠷᠭᠡ ᠶᠢᠨ | ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠢ ᠪᠣᠶ ᠪᠣᠯᠭᠠᠨ᠎ᠠ᠃ | ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ ᠳᠣᠲᠣᠭᠠᠳᠤ ᠠᠵᠢᠯ ᠲᠥᠷᠥᠯ ᠤᠨ | ᠰᠢᠯᠭᠠᠯᠲᠠ ᠶᠢᠨ ᠰᠢᠨᠵᠢᠯᠡᠨ ᠰᠢᠯᠭᠠᠬᠤ ᠴᠠᠭ ᠢ 2024 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ | ᠶᠠᠪᠤᠭᠳᠠᠭᠤᠯᠤᠨ᠎ᠠ᠃ | 2025 ᠣᠨ ᠤ ᠳᠡᠭᠡᠷ᠎ᠡ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠯᠡᠬᠦ᠂ | ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠰᠢᠩᠭᠡᠬᠡᠨ ᠣᠷᠣᠭᠤᠯᠬᠤ ᠵᠡᠷᠭᠡ ᠠᠵᠢᠯ ᠢ ᠪᠡᠶᠡᠯᠡᠭᠦᠯᠵᠦ᠂ ᠭᠤᠷᠪᠠᠳᠤᠭᠠᠷ | ᠤᠳᠠᠭᠠᠨ ᠤ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠦᠨᠳᠦᠰᠦᠨ ᠲᠤᠭ᠎ᠠ | ᠪᠠᠷᠢᠮᠲᠠ ᠶᠢ ᠬᠤᠷᠢᠶᠠᠩᠭᠤᠶᠢᠯᠠᠨ ᠪᠦᠷᠢᠯᠳᠦᠭᠦᠯᠦᠨ᠎ᠡ︔ ᠳᠣᠣᠷ᠎ᠠ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ | ᠦᠷ᠎ᠡ ᠪᠦᠲᠦᠭᠡᠯ ᠢ ᠰᠢᠯᠭᠠᠨ ᠠᠪᠬᠤ᠂ ᠬᠤᠷᠢᠶᠠᠩᠭᠤᠶᠢᠯᠠᠨ ᠲᠤᠰᠢᠶᠠᠬᠤ ᠪᠠ ᠳ᠋ᠦᠩᠨᠡᠬᠦ ᠶᠢ ᠪᠡᠶᠡᠯᠡᠭᠦᠯᠵᠦ᠂ ᠬᠥᠷᠥᠰᠥ | ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠪᠠ ᠥᠯᠢᠭᠡᠷ ᠡᠳ᠋ ᠤᠨ ᠬᠥᠮᠥᠷᠭᠡ ᠶᠢ | ᠪᠠᠶᠢᠭᠤᠯᠵᠤ᠂ ᠪᠥᠬᠦ ᠣᠷᠣᠨ ᠤ ᠲᠠᠷᠢᠶᠠᠨ ᠭᠠᠵᠠᠷ ᠤᠨ ᠰᠢᠮᠡᠯᠢᠭ ᠴᠢᠨᠠᠷ ᠤᠨ ᠮᠡᠳᠡᠭᠦᠯᠦᠯᠲᠡ ᠪᠠ ᠪᠥᠬᠦ ᠣᠷᠣᠨ ᠤ | ᠬᠥᠷᠥᠰᠥᠰᠢᠷᠣᠢ ᠶᠢᠨ ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠪᠣᠶ ᠪᠣᠯᠭᠠᠨ᠎ᠠ᠃ | | ︵ᠵᠢᠷᠭᠤᠭ᠎ᠠ︶ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠬᠢᠭᠡᠳ ᠥᠯᠢᠭᠡᠷ ᠡᠳ᠋ ᠤᠨ ᠬᠥᠮᠥᠷᠭᠡ ᠶᠢ ᠪᠠᠶᠢᠭᠤᠯᠵᠤ᠂ ᠪᠥᠬᠦ ᠣᠷᠣᠨ ᠤ | ᠲᠠᠷᠢᠶᠠᠨ ᠭᠠᠵᠠᠷ ᠤᠨ ᠰᠢᠮᠡᠯᠢᠭ ᠴᠢᠨᠠᠷ ᠤᠨ ᠮᠡᠳᠡᠭᠦᠯᠦᠯᠲᠡ ᠪᠠ ᠪᠥᠬᠦ ᠣᠷᠣᠨ ᠤ ᠬᠥᠷᠥᠰᠥ ᠰᠢᠷᠣᠢ ᠶᠢᠨ | ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠪᠣᠶ ᠪᠣᠯᠭᠠᠨ᠎ᠠ᠃ | ︵ᠲᠤᠯᠤᠭ᠎ᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠪᠣᠯ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠨᠦᠭᠦᠳ ᠲᠣᠰ | ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ | ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠᠷᠠᠨ ᠬᠠᠮᠵᠢᠯᠴᠠᠨ᠂ ᠮᠡᠷᠭᠡᠵᠢᠯ ᠤᠨ ᠵᠢᠯᠣᠭᠤᠳᠤᠯᠭ᠎ᠠ᠂ ᠮᠡᠳᠡᠭᠡ | ᠵᠠᠩᠭᠢ ᠶᠢ ᠬᠠᠮᠲᠤ ᠳᠤ ᠪᠠᠨ ᠭᠥᠷᠳᠡᠬᠦ᠂ ᠶᠠᠰᠤ ᠴᠢᠨᠠᠷ ᠢ ᠡᠵᠡᠮᠳᠡᠬᠦ᠂ ᠵᠠᠷᠤᠳᠠᠯ ᠡᠳ᠋ ᠪᠠᠷᠠᠭ᠎ᠠ ᠶᠢ ᠪᠠᠲᠤᠯᠠᠬᠤ ᠵᠡᠷᠭᠡ | ᠠᠵᠢᠯ ᠢ ᠴᠢᠩᠭᠠᠳᠬᠠᠬᠤ ᠬᠡᠷᠡᠭᠲᠡᠢ᠃ ᠠᠶᠢᠮᠠᠭ ᠬᠤᠳᠠ᠂ ᠬᠤᠰᠢᠭᠤ ᠰᠢᠶᠠᠨ ᠤ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠪᠣᠯ ᠲᠤᠬᠠᠢ ᠶᠢᠨ ᠭᠠᠵᠠᠷ ᠤᠨ ᠬᠥᠷᠥᠰᠥ ᠰᠢᠷᠣᠢ ᠶᠢ ᠨᠡᠶᠢᠳᠡᠮ ᠪᠠᠶᠢᠴᠠᠭᠠᠬᠤ ᠠᠵᠢᠯ ᠤᠨ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠲᠤᠯᠠ᠂ ᠬᠠᠷᠢᠴᠠᠩᠭᠤᠢ ᠪᠦᠬᠦᠢ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠬᠢᠭᠡᠳ ᠠᠯᠪᠠᠨ ᠭᠡᠷ ᠢ ᠵᠣᠬᠢᠶᠠᠨ ᠪᠠᠶᠢᠭᠤᠯᠵᠤ ᠰᠢᠰᠲ᠋ᠧᠮ ᠲᠠᠢ ᠪᠠᠷ ᠲᠥᠯᠥᠪᠯᠡᠵᠦ᠂ | ᠨᠢᠭᠡᠳᠦᠯᠲᠡᠢ ᠲᠥᠯᠥᠪᠯᠡᠨᠠᠬᠢᠭᠤᠯᠬᠤ ᠬᠡᠷᠡᠭᠲᠡᠢ᠃ | ᠬᠤᠶᠠᠷ ᠲᠤ᠂ ᠮᠡᠷᠭᠡᠵᠢᠯ ᠤᠨ ᠪᠠᠲᠤᠯᠠᠭ᠎ᠠ᠃ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠪᠣᠯᠣᠨ | ᠲᠤᠰᠬᠠᠢ ᠮᠡᠷᠭᠡᠵᠢᠯᠲᠡᠨ ᠤ ᠯᠠᠪᠯᠠᠯᠭ᠎ᠠ ᠥᠭᠬᠦ ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ | ᠮᠡᠷᠭᠡᠵᠢᠯ ᠤᠨ ᠳᠤᠭᠤᠶᠢᠯᠠᠩ ᠨᠢ ᠥᠪᠡᠷᠲᠡᠭᠡᠨ ᠵᠠᠰᠠᠭ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠤᠢ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠤᠨ ᠶᠡᠭᠡ ᠰᠤᠷᠭᠠᠭᠤᠯᠢ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠤ ᠬᠦᠷᠢᠶᠡᠯᠡᠩ ᠵᠡᠷᠭᠡ ᠨᠢᠭᠡᠴᠢ ᠶᠢᠨ ᠬᠠᠮᠢᠶ᠎ᠠ ᠪᠦᠬᠦᠢ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠵᠦ᠂ ᠪᠦᠬᠦ | ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ | ᠲᠤᠰᠬᠠᠢ ᠮᠡᠷᠭᠡᠵᠢᠯᠲᠡᠨ ᠤ ᠠᠰᠠᠭᠤᠨ ᠯᠠᠪᠯᠠᠬᠤ ᠳᠤᠭᠤᠶᠢᠯᠠᠩ ᠨᠢ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ | ᠪᠠ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠦ᠂ ᠬᠠᠮᠢᠶ᠎ᠠ | ᠪᠦᠬᠦᠢ ᠲᠥᠰᠥᠯ ᠢ ᠬᠢᠨᠠᠨ ᠪᠠᠶᠢᠴᠠᠭᠠᠬᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ᠂ | ᠮᠡᠷᠭᠡᠵᠢᠯ ᠤᠨ ᠪᠣᠯᠪᠠᠰᠤᠷᠠᠯ ᠬᠢᠬᠦ᠂ ᠲᠤᠬᠠᠢ ᠶᠢᠨ ᠭᠠᠵᠠᠷ ᠲᠤ ᠨᠢ ᠵᠢᠯᠤᠭᠤᠳᠬᠤ ᠵᠡᠷᠭᠡ ᠶᠢ ᠬᠠᠷᠢᠭᠤᠴᠠᠨ᠎ᠠ᠃ | ᠭᠤᠷᠪᠠ ᠳᠤ᠂ ᠵᠠᠷᠤᠳᠠᠯ ᠤᠨ ᠪᠠᠲᠤᠯᠠᠭ᠎ᠠ᠃ ᠲᠣᠰ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠵᠠᠷᠤᠳᠠᠯ ᠢ ᠲᠥᠪ ᠤᠨ ᠡᠳ᠋ ᠤᠨ ᠵᠠᠰᠠᠭ ᠪᠣᠯᠣᠨ ᠣᠷᠣᠨ ᠨᠤᠲᠤᠭ ᠤᠨ ᠡᠳ᠋ ᠤᠨ ᠵᠠᠰᠠᠭ | ᠡᠭᠦᠷᠭᠡᠯᠡᠬᠦ ᠠᠵᠢᠯ ᠤᠨ ᠡᠭᠦᠷᠭᠡ ᠪᠠᠷ ᠢᠶᠠᠨ ᠬᠤᠪᠢᠶᠠᠨ ᠡᠭᠦᠷᠭᠡᠯᠡᠨ᠎ᠡ᠃ ᠣᠷᠣᠨ ᠨᠤᠲᠤᠭ ᠤᠨ ᠡᠳ᠋ ᠤᠨ ᠵᠠᠰᠠᠭ ᠨᠢ | ᠲᠣᠰ ᠣᠷᠣᠨ ᠪᠦᠰᠡ ᠶᠢᠨ ᠢᠶᠠᠨ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ | ᠳᠣᠲᠣᠭᠠᠳᠤ ᠠᠵᠢᠯ ᠲᠥᠷᠥᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ᠂ ᠮᠡᠷᠭᠡᠵᠢᠯ ᠤᠨ ᠪᠣᠯᠪᠠᠰᠤᠷᠠᠯ᠂ | ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠦᠢᠯᠡᠴᠢᠯᠡᠭᠡ᠂ ᠲᠤᠭ᠎ᠠ ᠪᠠᠷᠢᠮᠲᠠ ᠶᠢᠨ ᠵᠠᠳᠠᠯᠤᠯᠲᠠ᠂ ᠦᠷ᠎ᠡ | ᠪᠦᠲᠦᠭᠡᠯ ᠤᠨ ᠬᠤᠷᠢᠶᠠᠩᠭᠤᠶᠢᠯᠠᠯ ᠪᠠ ᠳ᠋ᠠᠶᠢᠲ᠋ᠠ ᠶᠢᠨ ᠬᠥᠮᠥᠷᠭᠡ ᠪᠠ ᠥᠯᠢᠭᠡᠷ ᠡᠳ᠋ ᠤᠨ ᠬᠥᠮᠥᠷᠭᠡ ᠶᠢᠨ | ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠵᠠᠷᠤᠳᠠᠯ ᠢ ᠵᠣᠬᠢᠬᠤ ᠣᠨ ᠤ ᠲᠥᠰᠥᠪ ᠲᠤ ᠣᠷᠣᠭᠤᠯᠤᠨ ᠪᠠᠲᠤᠯᠠᠬᠤ ᠬᠡᠷᠡᠭᠲᠡᠢ᠃ | ᠳᠥᠷᠪᠡ ᠳᠤ᠂ ᠤᠬᠠᠭᠤᠯᠭ᠎ᠠ ᠶᠢᠨ ᠪᠠᠲᠤᠯᠠᠭ᠎ᠠ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ | ᠰᠦᠯᠵᠢᠶ᠎ᠡ ᠵᠡᠷᠭᠡ ᠵᠠᠭᠤᠴᠢᠯᠠᠭᠤᠷ ᠢ ᠰᠠᠶᠢᠲᠤᠷ ᠬᠡᠷᠡᠭᠯᠡᠨ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ | ᠴᠢᠬᠤᠯᠠ ᠠᠴᠢ ᠬᠤᠯᠪᠣᠭᠳᠠᠯ ᠪᠣᠯᠣᠨ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠥᠲᠥᠯᠥᠨ ᠵᠢᠯᠤᠭᠤᠳᠬᠤ ᠶᠢ ᠬᠢᠨᠠᠮᠠᠭᠠᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠤᠢ ᠪᠣᠯᠭᠠᠵᠤ ᠥᠭᠭᠦᠨ᠎ᠡ᠃ | | | | | | |