ᠪᠠᠶᠠᠨᠬᠤᠸᠠ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ  ᠵᠣᠷᠢᠭ ᠰᠠᠨᠠᠭ᠎ᠠ ᠶᠢ ᠢᠳᠡᠪᠬᠢᠳᠡᠢ ᠰᠤᠷᠤᠯᠴᠠᠨ ᠲᠤᠤᠱᠯᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/11/14
    ᠪᠠᠶᠠᠨᠬᠤᠸᠠ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ  ᠵᠣᠷᠢᠭ ᠰᠠᠨᠠᠭ᠎ᠠ ᠶᠢ ᠢᠳᠡᠪᠬᠢᠳᠡᠢ ᠰᠤᠷᠤᠯᠴᠠᠨ ᠲᠤᠤᠱᠯᠠᠭᠤᠯᠵᠤ ᠪᠠᠶᠢᠨ᠎ᠠ                                     ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠪᠠᠯᠭᠠᠰᠤ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠣᠶᠢᠷ᠎ᠠ ᠶᠢᠨ ᠡᠳᠦᠷ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠠᠯ᠎ᠠ ᠪᠠᠷ ᠰᠤᠷᠤᠯᠴᠠᠨ ᠤᠬᠠᠭᠤᠯᠵᠤ ᠪᠠᠶᠢᠨ᠎ᠠ᠃     ᠥᠨᠥᠳᠥᠷ᠂ ᠪᠠᠶᠠᠨᠬᠤᠸᠠ ᠪᠠᠯᠭᠠᠰᠤ ᠨᠢ ᠪᠥᠬᠦ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠤᠯᠭ᠎ᠠ ᠨᠢ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠢ ᠳᠠᠭᠠᠭᠤᠯᠤᠨ ᠰᠤᠷᠤᠯᠴᠠᠵᠤ᠂ ᠣᠯᠠᠨ ᠢᠶᠠᠷ ᠢᠶᠠᠨ ᠬᠤᠪᠢᠳᠠᠭᠰᠠᠨ ᠠᠵᠢᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠰᠤᠷᠤᠯᠴᠠᠨ ᠢᠯᠡᠳᠬᠡᠯ ᠳᠤ ᠳᠤᠷᠠᠳᠤᠭᠰᠠᠨ ᠰᠢᠨ᠎ᠡ ᠦᠵᠡᠯ ᠰᠠᠨᠠᠭ᠎ᠠ᠂ ᠣᠨᠣᠯ᠂ ᠰᠢᠨ᠎ᠡ ᠪᠠᠶᠢᠷᠢᠯᠠᠭᠤᠯᠤᠯᠲᠠ᠂ ᠱᠠᠭᠠᠷᠳᠠᠯᠭ᠎ᠠ ᠶᠢ ᠭᠦᠨᠵᠡᠭᠡᠶᠢᠷᠡᠭᠦᠯᠦᠨ ᠣᠶᠢᠯᠠᠭᠠᠪᠠ ᠃ ᠣᠳᠣᠬᠠᠨ ᠳᠤ ᠪᠠᠶᠠᠨᠬᠤᠸᠠ ᠪᠠᠯᠭᠠᠰᠤ ᠨᠢ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠬᠤ᠂ ᠺᠠᠳ᠋ᠷ ᠭᠠᠴᠠᠭ᠎ᠠ ᠳᠤ ᠪᠠᠭᠤᠵᠤ ᠰᠤᠷᠤᠯᠴᠠᠯᠭ᠎ᠠ ᠶᠢ ᠵᠢᠯᠤᠭᠤᠳᠬᠤ᠂ ᠭᠠᠴᠠᠭ᠎ᠠ ᠵᠣᠬᠢᠶᠠᠨ ᠪᠠᠶᠢᠭᠤᠯᠵᠤ ᠰᠤᠷᠤᠯᠴᠠᠬᠤ ᠵᠡᠷᠭᠡ ᠬᠡᠯᠪᠡᠷᠢ ᠪᠠᠷ ᠪᠠᠯᠭᠠᠰᠤ᠂ ᠭᠠᠴᠠᠭ᠎ᠠ ᠬᠤᠶᠠᠷ ᠱᠠᠲᠤ ᠬᠤᠯᠪᠤᠭᠠᠯᠠᠨ ᠲᠠᠶᠢᠴᠢᠯᠠᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠪᠠᠶᠢᠨ᠎ᠠ᠃  ᠰᠣᠷᠪᠤᠯᠵᠢᠯᠠᠭ᠎ᠠ᠄ ᠪᠠᠶᠠᠨᠬᠤᠸᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠲᠦᠮᠡᠡᠨᠠᠰᠤᠳᠤ᠄ ︽ᠮᠠᠨ ᠤ ᠪᠠᠶᠠᠠᠬᠤᠸᠠ ᠪᠠᠯᠭᠠᠰᠤ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠢ ᠴᠢᠬᠤᠯᠠᠴᠢᠯᠠᠨ ᠠᠳᠬᠤᠵᠤ᠂ ᠪᠦᠬᠦ ᠪᠠᠯᠭᠠᠰᠤᠨ ᠤ ᠨᠠᠮ ᠤᠨ ᠬᠡᠰᠢᠬᠦᠨ ᠺᠠᠳ᠋ᠷᠴᠤᠳ ᠪᠤᠯᠤᠨ ᠭᠠᠴᠠᠭᠠᠨ ᠤ ᠡᠭᠦᠷ ᠵᠦᠪᠯᠡᠯ ᠤᠨ ᠲᠤᠮᠳᠠ ᠬᠦᠨᠵᠡᠭᠡᠶᠢᠷᠡᠭᠦᠯᠦᠨ ᠰᠤᠷᠤᠯᠴᠠᠵᠦ᠂ ᠬᠤᠷᠠᠯ ᠤᠨ ᠵᠤᠷᠢᠭ ᠰᠠᠨᠠᠭ᠎ᠠ  ᠪᠠᠷ ᠪᠦᠬᠦ ᠪᠠᠯᠭᠠᠰᠤᠨ ᠤ ᠠᠵᠢᠯ ᠢᠶᠠᠨ ᠲᠦᠯᠦᠪᠵᠢᠭᠦᠯᠦᠨ ᠪᠠᠶᠢᠷᠢᠯᠠᠭᠤᠯᠵᠤ ᠡᠯ᠎ᠡ ᠲᠠᠯ᠎ᠠ ᠶᠢᠨ ᠠᠵᠢᠯ ᠡᠭᠦᠷᠭᠡ ᠪᠠᠨ ᠰᠠᠶᠢᠳᠤᠷ ᠪᠡᠶᠡᠯᠡᠭᠦᠯᠬᠦ ᠪᠠᠷ ᠪᠠᠶᠢᠨ᠎ᠠ  ︾ ᠭᠡᠯ᠎ᠡ᠃    11 ᠰᠠᠷ᠎ᠠ ᠶᠢᠨ 8 ᠤ ᠡᠳᠦᠷ᠂ ᠪᠠᠶᠠᠨᠬᠤᠸᠠ ᠪᠠᠯᠭᠠᠰᠤᠨ ᠤ ᠬᠠᠷᠠᠭᠠᠠᠳᠠᠢ ᠭᠠᠴᠠᠭ᠎ᠠ ᠶᠢᠨ ᠨᠠᠮ ᠤᠨ ᠭᠡᠰᠢᠭᠦᠨ ᠭᠤᠤᠯᠳᠠᠯᠭᠠᠳᠤ ᠡᠷᠦᠬᠡ ᠵᠠᠯᠭᠠᠮᠵᠢ ᠮᠠᠯᠴᠢᠨ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃     ᠪᠠᠶᠠᠨᠬᠤᠸᠠ ᠪᠠᠯᠭᠠᠰᠤᠨ ᠤ ᠲᠠᠩᠰᠤᠭ ᠭᠠᠴᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ᠃ ᠮᠠᠯᠴᠢᠨ ᠨᠠᠮ ᠤᠨ ᠬᠡᠰᠢᠭᠦᠳ ᠨᠢ ᠰᠤᠷᠤᠯᠴᠠᠯᠭ᠎ᠠ ᠳᠤ ᠤᠷᠤᠯᠴᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠳᠠᠭᠠᠭᠤᠯᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠤᠷᠤᠯᠴᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号