ᠣᠯᠠᠭᠠᠨᠬᠠᠭᠠᠯᠭ᠎ᠠ ᠰᠣᠮᠣ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠵᠣ ᠪᠣᠢ
ᠨᠡᠶᠢᠲᠡᠯᠡᠭᠰᠡᠨ ᠴᠠᠭ᠄
2022/11/15
     ᠣᠯᠠᠭᠠᠨᠬᠠᠭᠠᠯᠭ᠎ᠠ ᠰᠣᠮᠣ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠵᠣ ᠪᠣᠢ                       ᠣᠯᠠᠭᠠᠨᠬᠠᠭᠠᠯᠭ᠎ᠠ ᠰᠣᠮᠣ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠶᠢᠷ᠎ᠠ ᠶᠢᠨ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠠᠯ᠎ᠠ ᠪᠠᠷ ᠰᠤᠷᠤᠯᠴᠠᠨ ᠤᠬᠠᠭᠤᠯᠵᠤ ᠪᠠᠶᠢᠨ᠎ᠠ    ᠥᠨᠥᠳᠥᠷ ᠣᠯᠠᠭᠠᠨᠬᠠᠭᠠᠯᠭ᠎ᠠ ᠰᠣᠮᠣ ᠨᠢ ᠭᠤᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠣᠳᠠᠭᠠᠨ ᠤ ᠬᠤᠷᠠᠯᠳᠣᠭᠠᠨ ᠢᠶᠠᠷ ᠢᠶᠠᠨ ᠲᠠᠮᠵᠢᠭᠤᠯᠣᠨ ᠪᠥᠬᠦ  ᠠᠷᠠᠳ ᠤᠨ ᠲᠦᠯᠦᠭᠡᠯᠡᠭᠴᠢᠳ ᠢᠶᠠᠨ ᠵᠣᠬᠢᠶᠠᠨ ᠪᠠᠶᠢᠭᠤᠯᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂  ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠢ  ᠬᠠᠮᠳᠣᠪᠠᠷ ᠰᠤᠷᠤᠯᠴᠠᠵᠤ᠂ ᠣᠯᠠᠨ ᠢᠶᠠᠷ ᠢᠶᠠᠨ ᠬᠤᠪᠢᠳᠠᠭᠰᠠᠨ ᠠᠵᠢᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠰᠤᠷᠤᠯᠴᠠᠨ ᠢᠯᠡᠳᠬᠡᠯ ᠳᠤ ᠳᠤᠷᠠᠳᠤᠭᠰᠠᠨ ᠰᠢᠨ᠎ᠡ ᠦᠵᠡᠯ ᠰᠠᠨᠠᠭ᠎ᠠ᠂ ᠣᠨᠣᠯ᠂ ᠰᠢᠨ᠎ᠡ ᠪᠠᠶᠢᠷᠢᠯᠠᠭᠤᠯᠤᠯᠲᠠ᠂ ᠱᠠᠭᠠᠷᠳᠠᠯᠭ᠎ᠠ ᠶᠢ ᠨᠠᠷᠢᠨ ᠨᠢᠭᠳᠠ᠂ ᠭᠦᠨᠵᠡᠭᠡᠶᠢᠷᠡᠭᠦᠯᠦᠨ ᠣᠶᠢᠯᠠᠭᠠᠭᠰᠠᠨ ᠪᠠᠶᠢᠨ᠎ᠠ᠃ ᠣᠳᠣᠬᠠᠨ ᠳᠤ  ᠣᠯᠠᠭᠠᠨᠬᠠᠭᠠᠯᠭ᠎ᠠ ᠰᠣᠮᠣ ᠨᠢ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠬᠤ᠂ ᠺᠠᠳ᠋ᠷ ᠭᠠᠴᠠᠭ᠎ᠠ ᠳᠤ ᠪᠠᠭᠤᠵᠤ ᠰᠤᠷᠤᠯᠴᠠᠯᠭ᠎ᠠ ᠶᠢ ᠵᠢᠯᠤᠭᠤᠳᠬᠤ᠂ ᠭᠠᠴᠠᠭ᠎ᠠ ᠵᠣᠬᠢᠶᠠᠨ ᠪᠠᠶᠢᠭᠤᠯᠵᠤ ᠰᠤᠷᠤᠯᠴᠠᠬᠤ ᠵᠡᠷᠭᠡ ᠬᠡᠯᠪᠡᠷᠢ ᠪᠠᠷ ᠬᠤᠶᠠᠷ ᠱᠠᠲᠤ   ᠪᠠᠷ  ᠨᠢᠭᠳᠠ ᠬᠠᠮᠵᠢᠯᠴᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ᠂ ᠪᠣᠳᠠᠳᠠᠢ ᠠᠵᠢᠯ ᠤᠨ ᠲᠣᠮᠳᠠ ᠪᠠᠨ ᠨᠠᠷᠢᠯᠢᠭ ᠪᠣᠳᠠᠳᠠᠢ ᠲᠣᠣᠱᠯᠠᠭᠤᠯᠬᠤ   ᠪᠠᠷ  ᠬᠠᠮᠳᠣᠪᠡᠷ ᠴᠢᠷᠮᠠᠶᠢᠵᠣ ᠪᠠᠶᠢᠨ᠎ᠠ᠃          
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号