ᠣᠯᠠᠭᠠᠨᠬᠠᠭᠠᠯᠭ᠎ᠠ ᠰᠣᠮᠣᠨ ᠤ ᠨᠠᠮ ᠤᠨ ᠬᠤᠷᠢᠶᠠᠨ ᠤ ᠤᠨᠤᠯ  ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ  ᠤᠨ ︵ᠥᠷᠭᠡᠳᠬᠡᠭᠰᠡᠨ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠤᠱᠯᠠᠭᠤᠯᠬᠤ ᠲᠤᠰᠬᠠᠢ ᠰᠡᠳᠦᠪᠲᠦ ᠣᠩᠰᠢᠯᠭ᠎ᠠ ᠶᠢᠨ ᠠᠩᠭᠢ ᠵᠢᠴᠢ 2022 ᠣᠨ ᠤ  ᠠᠷᠪᠠᠨ ᠵᠢᠷᠭᠤᠳᠣᠭᠠᠷ  ᠣᠳᠠᠭᠠᠨ ᠤ  ᠬᠠᠮᠳᠣ ᠶᠢᠨ  ᠰᠣᠷᠣᠯᠴᠠᠯᠭ᠎ᠠ ᠶᠢᠨ ᠬᠤᠷᠠᠯ  ᠬᠤᠷᠠᠯᠳᠣᠭᠤᠯᠪᠠ
ᠨᠡᠶᠢᠲᠡᠯᠡᠭᠰᠡᠨ ᠴᠠᠭ᠄
2022/11/21
ᠣᠯᠠᠭᠠᠨᠬᠠᠭᠠᠯᠭ᠎ᠠ ᠰᠣᠮᠣᠨ ᠤ ᠨᠠᠮ ᠤᠨ ᠬᠤᠷᠢᠶᠠᠨ ᠤ ᠤᠨᠤᠯ  ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ   ᠤᠨ ︵ᠥᠷᠭᠡᠳᠬᠡᠭᠰᠡᠨ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠤᠱᠯᠠᠭᠤᠯᠬᠤ ᠲᠤᠰᠬᠠᠢ ᠰᠡᠳᠦᠪᠲᠦ ᠣᠩᠰᠢᠯᠭ᠎ᠠ ᠶᠢᠨ ᠠᠩᠭᠢ ᠵᠢᠴᠢ 2022 ᠣᠨ ᠤ  ᠠᠷᠪᠠᠨ ᠵᠢᠷᠭᠤᠳᠣᠭᠠᠷ  ᠣᠳᠠᠭᠠᠨ ᠤ  ᠬᠠᠮᠳᠣ ᠶᠢᠨ  ᠰᠣᠷᠣᠯᠴᠠᠯᠭ᠎ᠠ ᠶᠢᠨ ᠬᠤᠷᠠᠯ  ᠬᠤᠷᠠᠯᠳᠣᠭᠤᠯᠪᠠ                              ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ  ᠴᠢᠨᠠᠭᠰᠢᠲᠠ ᠰᠤᠷᠤᠯᠴᠠᠨ  ᠲᠣᠣᠱᠯᠠᠭᠤᠯᠬᠤ ᠶᠢᠨ ᠲᠣᠰᠠᠲᠠ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠳᠡᠭᠡᠷ᠎ᠡ ᠦᠨᠡᠨᠬᠦ ᠨᠢᠭᠡᠳᠬᠡᠵᠦ᠂ 11 ᠰᠠᠷ᠎ᠠ ᠶᠢᠨ 18  ᠤ ᠡᠳᠦᠷ᠂ ᠣᠯᠠᠭᠠᠨᠬᠠᠭᠠᠯᠭ᠎ᠠ ᠰᠣᠮᠣᠨ ᠤ ᠨᠠᠮ ᠤᠨ  ᠬᠤᠷᠢᠶᠠᠨ ᠤ ᠤᠨᠤᠯ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ︵ᠥᠷᠭᠡᠳᠬᠡᠭᠰᠡᠨ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠣᠩᠰᠢᠯᠭ᠎ᠠ ᠶᠢᠨ ᠠᠩᠭᠢ ᠵᠢᠴᠢ 2022 ᠣᠨ ᠤ  ᠠᠷᠪᠠᠨ ᠵᠢᠷᠭᠤᠳᠣᠭᠠᠷ  ᠣᠳᠠᠭᠠᠨ ᠤ  ᠬᠠᠮᠳᠣ ᠶᠢᠨ ᠰᠣᠷᠣᠯᠴᠠᠯᠭ᠎ᠠ ᠶᠢᠨ  ᠬᠤᠷᠠᠯ  ᠬᠤᠷᠠᠯᠳᠣᠭᠤᠯᠵᠤ᠂ ᠣᠯᠠᠭᠠᠨᠬᠠᠭᠠᠯᠭ᠎ᠠ ᠨᠠᠮ ᠵᠠᠰᠠᠭ ᠤᠨ ᠤᠳᠤᠷᠢᠳᠬᠤ ᠲᠣᠭᠤᠶᠢᠯᠠᠩ ᠤᠨ ᠪᠦᠷᠢᠯᠳᠦᠭᠦᠨ᠂ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂  ᠭᠠᠴᠠᠭᠠᠨ ᠤ ︵ᠰᠠᠭᠤᠭᠠᠯᠢ ᠠᠷᠠᠳ ᠤᠨ ᠵᠥᠪᠯᠡᠯ︶ ᠤᠨ ᠨᠠᠮ ᠤᠨ ᠡᠭᠦᠷ ᠤᠨ ᠱᠦᠵᠢ᠂  ᠡᠯ᠎ᠡ ᠭᠠᠴᠠᠭᠠᠨ ᠤ ᠨᠢᠭᠡᠳᠦᠭᠡᠷ ᠱᠦᠵᠢ᠂ ᠪᠦᠬᠦ  ᠺᠠᠲᠠᠷ  ᠠᠵᠢᠯᠳᠠᠨ ᠬᠤᠷᠠᠯ ᠳᠤ ᠣᠷᠣᠯᠴᠠᠪᠠ᠃   ᠬᠤᠷᠠᠯ  ᠳᠤ᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ︾ ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ︵ᠵᠠᠰᠠᠪᠤᠷᠢ ᠣᠷᠣᠭᠤᠯᠤᠭᠰᠠᠨ  ᠲᠦᠰᠦᠯ︶︾  ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ  ᠣᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠢᠯᠡᠳᠬᠡᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠲᠡᠭᠦᠰᠬᠦ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠸᠠᠩᠰᠢ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭᠠᠨ ᠳᠤ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠳ ᠤᠨ ᠳᠤᠮᠳᠠᠳᠤ ᠭᠠᠳᠠᠭᠠᠳᠤ ᠶᠢᠨ ᠰᠣᠷᠪᠣᠯᠵᠢᠯᠠᠭᠴᠢᠳ ᠲᠠᠢ ᠠᠭᠤᠯᠵᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠤᠨ ᠳᠠᠷᠠᠭ᠎ᠠ ᠣᠯᠠᠨ ᠢᠶᠠᠷ ᠢᠶᠠᠨ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠰᠢᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠡᠶᠢᠭᠡᠮ ᠵᠢᠷᠤᠮ ᠤᠨ ᠠᠭᠤᠤ ᠶᠡᠭᠡ ᠲᠤᠭ ᠢᠶᠠᠨ ᠥᠨᠳᠥᠷ ᠮᠠᠨᠳᠤᠭᠤᠯᠤᠨ᠂ ᠢᠲᠡᠭᠡᠯ ᠵᠣᠷᠢᠭ ᠂ ᠡᠭᠦᠷᠭᠡ  ᠬᠠᠷᠢᠭᠤᠴᠠᠯᠭ᠎ᠠ   ᠪᠠᠨ ᠤᠯᠠᠮ ᠪᠠᠳᠤᠳᠬᠠᠨ᠎ᠠ ᠬᠡᠵᠦ ᠰᠠᠨᠠᠯ ᠨᠢᠭᠡᠳᠠᠢ ᠶᠠᠷᠢᠴᠠᠭᠠᠵᠠᠢ᠃      
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号