ᠬᠠᠷᠠᠭᠠᠳᠣ ᠭᠠᠴᠠᠭ᠎ᠠ ᠬᠠᠮᠳᠣ ᠶᠢᠨ ᠠᠵᠣ ᠠᠬᠤᠢ  ᠪᠠᠨ ᠬᠦᠭᠵᠢᠬᠦᠯᠦᠨ ᠰᠢᠨ᠎ᠡ ᠬᠦᠳᠡᠭᠡ ᠲᠣᠰᠬᠤᠨ ᠤ ᠥᠩᠭᠡ ᠲᠦᠷᠬᠦ ᠪᠠᠨ ᠴᠢᠮᠡᠨ᠎ᠡ
ᠨᠡᠶᠢᠲᠡᠯᠡᠭᠰᠡᠨ ᠴᠠᠭ᠄
2022/11/21
    ᠬᠠᠷᠠᠭᠠᠳᠣ ᠭᠠᠴᠠᠭ᠎ᠠ ᠬᠠᠮᠳᠣ ᠶᠢᠨ ᠠᠵᠣ ᠠᠬᠤᠢ   ᠪᠠᠨ ᠬᠦᠭᠵᠢᠬᠦᠯᠦᠨ ᠰᠢᠨ᠎ᠡ ᠬᠦᠳᠡᠭᠡ ᠲᠣᠰᠬᠤᠨ ᠤ ᠥᠩᠭᠡ ᠲᠦᠷᠬᠦ ᠪᠠᠨ ᠴᠢᠮᠡᠨ᠎ᠡ                                                                       ᠪᠠᠶᠠᠨᠬᠤᠰᠢᠭᠤ ᠰᠣᠮᠣᠨ ᠤ ᠬᠠᠷᠠᠭᠠᠳᠣ  ᠭᠠᠴᠠᠭᠠᠨ ᠤ ᠬᠢᠨᠢ ᠬᠠᠮᠳᠣ ᠶᠢᠨ ᠠᠵᠣ ᠠᠬᠤᠢ ᠶᠢᠨ ᠰᠠᠭᠤᠷᠢᠨ ᠲᠡᠭᠡᠷ᠎ᠡ  ᠪᠠᠨ ᠡᠨᠡ ᠡᠪᠦᠯ ᠵᠠᠭᠤ ᠲᠦᠴᠢᠭᠡᠳ ᠦᠭᠡᠷ ᠣᠨᠳᠣᠷᠣᠭᠤᠯᠬᠤ ᠪᠠᠷ ᠲᠦᠯᠦᠪᠯᠡᠨ᠂ ᠬᠠᠮᠳᠣ ᠶᠢᠨ ᠬᠠᠳᠣᠯᠠᠩ ᠠᠴᠠ  ᠪᠠᠨ ᠡᠪᠡᠰᠦ ᠲᠡᠵᠢᠭᠡᠯ ᠢᠶᠠᠨ ᠨᠦᠭᠡᠴᠡᠯᠡᠨ ᠠᠪᠴᠦ ᠡᠪᠦᠯ ᠤᠨ ᠪᠡᠯᠡᠳᠬᠡᠯ ᠢᠶᠠᠨ ᠬᠢᠭᠰᠡᠨ ᠪᠠᠶᠢᠯ᠎ᠠ᠃  ᠲᠣᠰ ᠭᠠᠴᠠᠭ᠎ᠠ  ᠨᠢ ᠣᠣᠯ ᠨᠢ ᠭᠠᠴᠠᠭᠠᠨ ᠤ ᠪᠠᠨ 8000 ᠭᠠᠷᠣᠢ ᠮᠦ ᠶᠢ ᠨᠠᠮᠣᠷ ᠲᠠᠭᠠᠨ ᠬᠠᠳᠣᠵᠣ ᠮᠠᠯᠴᠢᠳ ᠲᠤ ᠪᠠᠨ ᠵᠠᠬ᠎ᠠ ᠲᠡᠯᠭᠡᠭᠦᠷ ᠤᠨ ᠬᠠᠩᠰᠢ ᠠᠴᠠ ᠬᠢᠮᠳᠡ ᠦᠨ᠎ᠡ ᠪᠠᠷ ᠦᠭᠴᠦ ᠮᠠᠯᠴᠢᠳ   ᠤᠨ ᠢᠶᠠᠨ ᠠᠵᠣ ᠠᠬᠤᠢ ᠶᠢᠨ ᠲᠠᠷᠣᠭᠠᠰᠣ  ᠶᠢ ᠬᠦᠩᠭᠡᠯᠡᠵᠦ ᠦᠭᠳᠡᠭ  ᠪᠠᠶᠢᠨ᠎ᠠ᠃ 2020 ᠣᠨ ᠳᠤ ᠬᠠᠷᠠᠭᠠᠳᠣ ᠭᠠᠴᠠᠭᠠᠨ   ᠤ  ᠬᠤᠶᠠᠷ ᠵᠦᠪᠯᠡᠯ ᠤᠨ   ᠬᠢᠨ  ᠨᠢ ︽ᠬᠤᠨᠢ ᠶᠢ ᠴᠥᠭᠡᠳᠬᠡᠨ ᠦᠬᠡᠷ ᠢ ᠦᠰᠬᠡᠬᠦ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠴᠠᠭᠠᠨ ᠤ ᠪᠠᠨ ᠬᠠᠮᠲᠤ ᠶᠢᠨ ᠪᠡᠯᠴᠢᠭᠡᠷ ᠲᠤ ᠱᠠᠷᠦ᠋ᠯᠠᠢ  ᠦᠬᠡᠷ ᠪᠣᠶᠢᠵᠢᠭᠤᠯᠬᠤ ᠰᠠᠭᠤᠷᠢᠨ ᠭᠠᠵᠠᠷ ᠪᠠᠶᠢᠭᠤᠯᠵᠤ᠂ ᠲᠥᠷᠥᠯ ᠵᠦᠢᠯ ᠤᠨ ᠲᠤᠰᠬᠠᠢ ᠪᠡᠯᠡ ᠮᠥᠩᠭᠦ ᠪᠠᠷ ᠳᠠᠮᠵᠢᠭᠤᠯᠤᠨ᠂ ᠣᠷᠢᠳ ᠬᠤᠵᠢᠳ 170 ᠭᠠᠷᠤᠢ ᠲᠣᠯᠣᠭᠠᠢ ᠱᠠᠷᠦ᠋ᠯᠠᠢ ᠦᠬᠡᠷ ᠢ ᠣᠷᠣᠭᠤᠯᠤᠨ ᠠᠪᠴᠢᠷᠠᠵᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠳ ᠢ ᠬᠥᠲᠥᠯᠥᠨ ᠳᠠᠭᠠᠭᠤᠯᠵᠤ ᠡᠵᠡᠩᠨᠡᠯᠲᠡ ᠶᠢᠨ ᠠᠷᠭ᠎ᠠ ᠮᠠᠶ᠋ᠢᠭ ᠢ ᠨᠢ  ᠬᠤᠪᠢᠷᠠᠭᠤᠯᠣᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠣᠷᠣᠯᠭ᠎ᠠ ᠶᠢ ᠨᠢ ᠲᠡᠭᠡᠭᠰᠢᠯᠡᠬᠦᠯᠬᠦ ᠵᠠᠮ ᠢᠶᠠᠷ ᠵᠠᠮᠨᠠᠵᠣ ᠡᠬᠢᠯᠡᠭᠰᠡᠨ ᠪᠦᠭᠡᠳ ᠡᠨᠡ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠤᠷᠠᠮᠳᠤᠭᠤᠯᠤᠯ ᠢ ᠬᠥᠭᠵᠢᠭᠦᠯᠬᠦ ᠳᠤ  ᠪᠠᠰᠠ ᠨᠢᠭᠡᠨ ᠰᠠᠭᠤᠷᠢ ᠪᠣᠯᠵᠣ ᠡᠬᠢᠯᠡᠭᠰᠡᠨ ᠪᠠᠶᠢᠨ᠎ᠠ᠃    ᠬᠠᠷᠠᠭᠠᠳᠣ  ᠭᠠᠴᠠᠭᠠᠨ ᠤ ᠬᠠᠮᠳᠣ ᠶᠢᠨ ᠨᠣᠳᠤᠭ ᠪᠡᠯᠴᠢᠭᠡᠷ11600 ᠮᠣ᠋ ᠲᠠᠯᠠᠪᠠᠢ ᠲᠠᠢ ᠪᠠᠶᠢᠵᠣ᠂ ᠦᠭᠡᠷ ᠤᠨ ᠰᠠᠷᠠᠪᠴᠢ1780  ᠲᠡᠭᠰᠢ ᠲᠦᠷᠪᠡᠯᠵᠢᠨ ᠮᠧᠲᠷ᠂ ᠦᠭᠡᠷ ᠤᠨ ᠬᠠᠰᠢᠶ᠎ᠠ10220 ᠲᠡᠭᠰᠢ ᠲᠦᠷᠪᠡᠯᠵᠢᠨ ᠮᠧᠲᠷ᠂ ᠡᠪᠡᠰᠦ ᠬᠠᠳᠠᠭᠠᠯᠠᠬᠤ ᠰᠠᠷᠠᠪᠴᠢ 200 ᠲᠡᠭᠰᠢ ᠲᠦᠷᠪᠡᠯᠵᠢᠨ ᠮᠧᠲᠷ ᠢ ᠲᠦᠯᠦᠪᠯᠡᠭᠡ ᠲᠠᠢ ᠰᠠᠶᠢᠬᠠᠨ ᠪᠠᠶᠢᠷᠢᠯᠠᠭᠤᠯᠵᠣ᠂  ᠠᠳᠡ ᠪᠠᠨ ᠮᠠᠰᠢᠨ ᠬᠤᠳᠳᠤᠭ᠂ ᠡᠪᠡᠰᠦ  ᠪᠣᠷᠳᠤᠭ᠎ᠠ ᠨᠠᠶᠢᠷᠠᠭᠤᠯᠬᠤ ᠮᠠᠰᠢᠨ᠂ ᠲᠡᠵᠢᠬᠡᠬᠦ ᠮᠠᠰᠢᠨ  ᠵᠡᠷᠭᠡ ᠮᠠᠰᠢᠨ ᠲᠦᠬᠦᠭᠡᠷᠦᠮᠵᠢ ᠪᠠᠨ ᠪᠦᠷᠢᠨᠰᠢᠬᠦᠯᠵᠦ᠂  ᠡᠬᠡ ᠪᠠᠶᠠᠯᠢᠭ ᠤᠨ ᠬᠦᠢᠴᠡᠳ ᠠᠰᠢᠭᠯᠠᠨ ᠦᠭᠡᠷ ᠲᠠᠵᠢᠭᠡᠬᠦ ᠦᠢᠯᠡᠰ ᠢᠶᠠᠷ ᠮᠠᠯᠴᠢᠳ ᠤᠨ ᠢᠶᠠᠨ ᠢᠳᠡᠪᠬᠢᠵᠢᠯ ᠢ ᠲᠠᠶᠢᠴᠢᠯᠠᠨ ᠲᠠᠭᠠᠭᠤᠯᠬᠤ ᠶᠢ  ᠵᠣᠷᠢᠵᠣ ᠵᠣᠷᠢᠭᠳᠠᠢ ᠠᠵᠢᠯᠯᠠᠵᠣ ᠡᠬᠢᠯᠡᠭᠰᠡᠨ ᠪᠦᠭᠡᠳ ᠡᠨᠡ ᠬᠠᠮᠳᠣ ᠶᠢᠨ ᠬᠠᠳᠣᠯᠠᠩ ᠠᠴᠠ ᠪᠠᠨ ᠪᠠᠶᠢᠩᠭᠤ ᠰᠠᠭᠤᠭ᠎ᠠ ᠮᠠᠯᠵᠢᠬᠤ ᠡᠷᠦᠭᠡ  ᠪᠦᠷᠢ ᠳᠡᠭᠡᠨ 6000 ᠭᠠᠷᠣᠢ ᠵᠢᠩ ᠡᠪᠡᠰᠦ ᠶᠢ ᠲᠣᠣᠷ᠎ᠠ ᠬᠠᠩᠰᠢ ᠪᠠᠷ ᠬᠤᠪᠢᠶᠠᠨ ᠦᠭᠴᠦ ᠮᠠᠯ ᠠᠵᠣ ᠠᠬᠤᠢ ᠶᠢᠨ ᠵᠠᠷᠣᠳᠠᠯ ᠢᠶᠠᠨ ᠠᠷᠪᠢᠯᠠᠨ ᠣᠷᠣᠯᠭ᠎ᠠ ᠪᠠᠨ ᠨᠡᠮᠡᠭᠳᠡᠬᠦᠯᠬᠦ   ᠳᠤ ᠲᠣᠰᠠᠯᠠᠮᠵᠢ ᠪᠣᠯᠭᠠᠵᠠᠢ᠃      ᠣᠶᠢᠯᠠᠭᠠᠭᠰᠠᠨ ᠢᠶᠠᠷ᠂ ᠠᠵᠤ ᠦᠢᠯᠡᠰ ᠢ ᠬᠥᠭᠵᠢᠭᠦᠯᠬᠦ ᠪᠠᠷ ᠭᠠᠷᠳᠠᠴᠠ ᠪᠣᠯᠭᠠᠵᠤ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠦᠨ᠂ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠮᠠᠯᠴᠢᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ  ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠨᠢ ᠬᠤᠪᠢᠷᠠᠭᠤᠯᠵᠤ᠂ ᠮᠠᠯᠴᠢᠳ ᠤᠨ ᠭᠡᠷ ᠪᠦᠯᠢ ᠶᠢᠨ ᠣᠷᠣᠯᠭ᠎ᠠ ᠶᠢ ᠨᠡᠮᠡᠭᠳᠠᠭᠦᠯᠦᠨ᠂  ᠬᠠᠮᠳᠣ ᠶᠢᠨ ᠠᠵᠣ ᠠᠬᠤᠢ ᠶᠢᠨ   ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠳᠤ  ᠪᠣᠳᠠᠳᠠᠢ ᠦᠷ᠎ᠠ ᠪᠦᠳᠦᠮᠵᠢ  ᠶᠢ ᠡᠭᠦᠳᠬᠦ ᠪᠠᠷ ᠴᠢᠷᠮᠠᠶᠢᠨ ᠠᠵᠢᠯᠯᠠᠵᠣ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号