ᠵᠢᠷ ᠤᠨ ᠭᠤᠣᠯ ᠪᠠᠯᠭᠠᠰᠤᠨ ᠤ ᠠᠷᠠᠳ ᠤᠨ ᠲᠥᠯᠥᠭᠡᠯᠡᠭᠴᠢᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠵᠢᠴᠢ ᠪᠠᠶᠢᠴᠠᠭᠠᠨ ᠰᠣᠷᠣᠯᠴᠠᠬᠤ  ᠠᠵᠢᠯᠯᠠᠭᠠᠨ ᠳᠤ ᠤᠷᠤᠯᠴᠠᠪᠠ
ᠨᠡᠶᠢᠲᠡᠯᠡᠭᠰᠡᠨ ᠴᠠᠭ᠄
2022/11/21
ᠵᠢᠷ ᠤᠨ ᠭᠤᠣᠯ ᠪᠠᠯᠭᠠᠰᠤᠨ ᠤ ᠠᠷᠠᠳ ᠤᠨ ᠲᠥᠯᠥᠭᠡᠯᠡᠭᠴᠢᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠵᠢᠴᠢ ᠪᠠᠶᠢᠴᠠᠭᠠᠨ ᠰᠣᠷᠣᠯᠴᠠᠬᠤ  ᠠᠵᠢᠯᠯᠠᠭᠠᠨ ᠳᠤ ᠤᠷᠤᠯᠴᠠᠪᠠ                         11 ᠰᠠᠷ᠎ᠠ ᠶᠢᠨ 17 ᠤ ᠡᠳᠦᠷ᠂  ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠵᠤ᠂ ᠪᠥᠬᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 47 ᠲᠥᠯᠥᠭᠡᠯᠡᠭᠴᠢ ᠰᠤᠷᠤᠯᠴᠠᠯᠭ᠎ᠠ ᠳᠤ ᠣᠷᠣᠯᠴᠠᠵᠠᠢ᠃    ᠬᠤᠷᠠᠯ   ᠳᠤ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ  ᠠᠴᠠ ᠱᠠᠭᠠᠷᠳᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠤᠯᠠᠮ ᠴᠢᠨᠠᠭᠰᠢᠲᠠ ᠪᠠᠳᠣᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠡᠶᠢᠭᠡᠮ ᠵᠢᠷᠣᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠢᠲᠡᠭᠡᠯ ᠵᠣᠷᠢᠭ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠯᠬᠦᠮᠳᠡᠨ ᠲᠡᠮᠡᠴᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ︽ᠬᠥᠭᠦᠷᠭᠡ ᠬᠤᠯᠪᠣᠭᠠᠰᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠯᠠᠨ ᠳᠤ ᠨᠡᠩ ᠰᠠᠶᠢᠨ ᠢᠶᠠᠷ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ ᠬᠡᠵᠠᠢ᠃   ᠠᠷᠠᠳ ᠤᠨ ᠲᠥᠯᠥᠭᠡᠯᠡᠭᠴᠢᠳ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠬᠤᠪᠢᠷᠠᠭᠤᠯᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ  ᠬᠢᠷᠢ ᠲᠦᠪᠰᠢᠨ ᠢ ᠳᠡᠭᠡᠭᠰᠢᠯᠡᠭᠦᠯᠵᠦ᠂ 11 ᠰᠠᠷ᠎ᠠ ᠶᠢᠨ 18  ᠤ ᠡᠳᠦᠷ᠂  ᠵᠢᠷ ᠤᠨ ᠭᠤᠣᠯ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠪᠠᠶᠢᠴᠠᠭᠠᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠷᠢᠳ ᠬᠤᠵᠢᠳ ᠴᠠᠭᠠᠨᠬᠠᠳᠠ ᠶᠢᠨ ᠡᠪᠡᠰᠦᠨ ᠤ ᠦᠢᠯᠡᠰ ᠤᠨ  ᠬᠤᠷᠰᠢᠶᠠᠵᠢᠯ  ᠤᠨ  ᠵᠢᠭᠠᠰᠣᠲᠠᠢ  ᠭᠠᠴᠠᠭᠠᠨ ᠤ ᠮᠠᠯᠴᠢᠨ ᠰᠠᠶᠢᠨ᠎ᠠ ᠶᠢᠨ ᠬᠢᠨ ᠪᠣᠯᠣᠨ  ᠪᠠᠶ᠋ᠬᠠᠭᠤᠯᠠ ᠭᠠᠴᠠᠭᠠᠨ ᠤ ᠮᠠᠯᠴᠢᠨ  ᠣᠶᠣᠨᠳᠠᠯᠠᠢ ᠶᠢᠨ ᠬᠢᠨ ᠳᠤ  ᠲᠤᠭᠤᠷᠢᠨ ᠰᠤᠷᠤᠯᠴᠠᠪᠠ᠃    ᠮᠠᠯᠵᠢᠬᠤ ᠡᠷᠦᠬᠡ  ᠳᠤ ᠬᠦᠨᠵᠡᠭᠡᠶᠢᠷᠡᠨ᠂ ᠡᠯ᠎ᠡ ᠭᠠᠴᠠᠭᠠᠨ ᠤ ᠠᠷᠠᠳ ᠤᠨ ᠲᠦᠯᠦᠭᠡᠯᠡᠭᠴᠢ ᠮᠠᠯᠵᠢᠬᠤ ᠡᠷᠦᠬᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ᠂ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ ᠬᠤᠪᠢᠷᠠᠭᠤᠯᠤᠭᠰᠠᠨ ᠵᠢᠴᠢ ᠠᠵᠤ ᠠᠬᠤᠢ ᠶᠢᠨ ᠦᠷ᠎ᠡ ᠠᠰᠢᠭ   ᠤᠨ ᠪᠠᠶᠢᠳᠠᠯ ᠢ ᠨᠠᠷᠢᠨ ᠣᠶᠢᠯᠠᠭᠠᠪᠠ᠃   ᠰᠤᠷᠤᠯᠴᠠᠯᠭ᠎ᠠ ᠶᠢᠨ ᠲᠠᠷᠠᠭ᠎ᠠ᠂ ᠲᠦᠯᠦᠭᠡᠯᠡᠭᠴᠢᠳ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠨᠠᠮ ᠪᠠ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠂ ᠪᠢᠳᠡ ᠠᠵᠢᠯ ᠠᠮᠢᠳᠤᠷᠠᠯ ᠤᠨ ᠳᠤᠮᠳᠠ ᠪᠠᠨ ᠨᠠᠮ ᠪᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠯᠡᠭᠦᠬᠡᠨ ᠰᠤᠷᠤᠯᠴᠠᠵᠤ᠂ ᠢᠯᠡᠭᠦᠬᠡᠨ ᠤᠬᠠᠭᠤᠯᠵᠤ᠂ ᠢᠯᠡᠭᠦᠬᠡᠨ ᠠᠬᠢᠭᠤᠯᠤᠨ᠂ ᠮᠠᠨ ᠤ ᠪᠠᠯᠭᠠᠰᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠤᠷᠠᠮᠳᠤᠭᠤᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ  ᠪᠠᠷᠢᠯ ᠢ ᠢᠯᠡᠭᠦᠬᠡᠨ ᠤᠬᠠᠭᠤᠯᠵᠤ᠂ ᠠᠷᠠᠳ ᠤᠨ ᠰᠠᠨᠠᠭ᠎ᠠ ᠶᠢ ᠭᠦᠢᠴᠡᠳ ᠣᠶᠢᠯᠠᠭᠠᠨ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ  ᠬᠦᠢᠴᠡᠳ  ᠪᠠᠳᠠᠷᠠᠭᠤᠯᠤᠨ᠎ᠠ ᠭᠡᠵᠡᠭᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号