ᠡᠪᠡᠰᠦ ᠤᠷᠭᠤᠮᠠᠯ ᠢᠶᠠᠷ  ᠬᠤᠯᠢᠰᠢᠨ ᠢᠳᠡᠭᠡᠨ ᠦᠢᠯᠡᠳᠪᠦᠷᠢᠯᠡᠬᠦ
ᠨᠡᠶᠢᠲᠡᠯᠡᠭᠰᠡᠨ ᠴᠠᠭ᠄
2022/12/13
    ᠡᠪᠡᠰᠦ ᠤᠷᠭᠤᠮᠠᠯ ᠢᠶᠠᠷ  ᠬᠤᠯᠢᠰᠢᠨ ᠢᠳᠡᠭᠡᠨ ᠦᠢᠯᠡᠳᠪᠦᠷᠢᠯᠡᠬᠦ    ᠲᠤᠰ ᠠᠵᠤ ᠠᠬᠤᠢ ᠨᠢ ᠦᠵᠦᠮᠦᠴᠢᠨ ᠳᠤ ᠪᠠᠰᠠ ᠲᠤᠩ ᠡᠷᠲᠡ ᠬᠦᠭᠵᠢᠭᠰᠡᠨ ᠪᠠᠶᠢᠵᠠᠢ᠃ ᠡᠪᠡᠰᠦ ᠤᠷᠭᠤᠮᠠᠯ ᠢ ᠬᠤᠯᠢᠰᠢᠨ ᠢᠳᠡᠭᠡᠨ ᠳᠤ ᠬᠡᠷᠡᠭᠯᠡᠬᠦ ᠪᠤᠯᠤᠭᠰᠠᠨ ᠨᠢ ᠨᠤᠲᠤᠭ ᠤᠨ ᠭᠠᠷᠤᠯᠳᠠ ᠪᠠᠨ ᠬᠦᠢᠴᠡᠳ ᠪᠦᠷᠢᠨ ᠠᠰᠢᠭᠯᠠᠵᠤ᠂ ᠠᠮᠢᠳᠤᠷᠠᠯ ᠳᠤ ᠨᠦᠬᠦᠪᠦᠷᠢ ᠢᠳᠡᠰᠢ ᠪᠤᠯᠭᠠᠭᠰᠠᠨ ᠢᠶᠠᠷ ᠪᠠᠷᠠᠬᠤ ᠦᠭᠡᠢ᠂ ᠨᠡᠩ ᠴᠢᠬᠤᠯᠠ ᠨᠢ ᠤᠷᠭᠤᠮᠠᠯ ᠤᠨ ᠪᠦᠳᠦᠴᠡ ᠳᠤ ᠰᠢᠨᠵᠢᠯᠡᠬᠦ ᠤᠬᠠᠭᠠᠨᠴᠢ ᠠᠵᠢᠭᠯᠠᠯᠳᠠ ᠬᠢᠵᠦ᠂ ᠤᠷᠭᠤᠮᠠᠯ ᠤᠨ ᠳᠤᠳᠤᠷᠠᠬᠢ ᠦᠨᠳᠦᠷ ᠦᠨ᠎ᠡ ᠥᠷᠳᠡᠭ ᠲᠠᠢ ᠬᠤᠪᠤᠷ ᠴᠤᠬᠠᠭ ᠡᠷᠳᠡᠨᠢ ᠶᠢ ᠢᠯᠡᠷᠡᠬᠦᠯᠵᠡᠢ᠃ ᠡᠨᠡ ᠨᠢ ᠢᠳᠡᠭᠡᠨ ᠤ ᠰᠤᠶᠤᠯ ᠤᠨ ᠳᠡᠭᠦᠯᠳᠡᠷᠵᠢᠬᠦᠯᠤᠯᠳᠡ ᠶᠢ ᠠᠬᠢᠭᠤᠯᠵᠦ᠂ ᠳᠦᠷᠦᠯ ᠵᠦᠢᠯ ᠤᠨ ᠬᠡᠷᠡᠭᠴᠡᠭᠡᠨ ᠤ ᠦᠷᠳᠡᠭ ᠢ ᠳᠡᠭᠡᠭᠰᠢᠯᠡᠭᠦᠯᠦᠭᠰᠡᠨ ᠪᠠᠶᠢᠨ᠎ᠠ᠃   ᠦᠵᠦᠮᠦᠴᠢᠨ ᠮᠤᠩᠭᠤᠯᠴᠤᠳ ᠪᠢᠯᠢᠭ ᠤᠨ ᠤᠯᠠᠷᠢᠯ ᠤᠨ 4 ᠰᠠᠷ᠎ᠠ ᠶᠢᠨ ᠰᠡᠬᠦᠯ 5 ᠰᠠᠷ᠎ᠠ ᠶᠢᠨ ᠡᠬᠢᠨ ᠳᠤ ᠬᠠᠵᠠᠭᠠᠷ ᠭᠤᠭᠤᠳ ᠳᠡᠭᠦᠵᠦ ᠳᠡᠲᠡᠨ ᠤ ᠪᠦᠬᠦ ᠵᠢᠯ ᠤᠨ ᠬᠡᠷᠡᠭᠯᠡᠬᠦ ᠭᠤᠭᠤᠳ ᠢᠶᠠᠨ ᠳᠠᠪᠤᠰᠤᠯᠠᠵᠦ ᠳᠠᠷᠤᠵᠦ ᠠᠪᠲᠠᠭ ᠃ ᠭᠤᠭᠤᠳ ᠦᠵᠦᠮᠦᠴᠢᠨ ᠤ ᠠᠭᠤᠯᠠᠷᠬᠠᠭ ᠤᠷᠤᠨ ᠳᠤ ᠶᠡᠭᠡ ᠤᠷᠭᠤᠨ᠎ᠠ᠃  ᠭᠤᠭᠤᠳ ᠪᠠᠩᠰᠢ ᠢᠳᠡᠬᠦ ᠳᠤ ᠤᠨᠴᠠᠭᠠᠢ ᠰᠠᠶᠢᠬᠠᠨ ᠬᠤᠯᠢᠰᠢ ᠪᠤᠯᠳᠠᠭ᠃ ᠵᠠᠭᠤᠰᠢ ᠢᠳᠡᠬᠦ ᠳᠤ ᠣᠨᠴᠠ ᠳᠡᠰ ᠤᠨ ᠨᠤᠭᠤᠭ᠎ᠠ ᠪᠠᠶᠢᠳᠠᠭ᠃ ᠭᠤᠭᠤᠳ ᠢ ᠪᠤᠲᠣᠩ ᠰᠠᠪᠠ ᠪᠠᠷ ᠳᠦᠭᠦᠷᠡᠩ ᠳᠠᠪᠤᠰᠤᠯᠠᠵᠦ ᠳᠠᠷᠤᠵᠦ ᠲᠠᠯᠪᠢᠭᠠᠳ᠂ ᠢᠳᠡᠬᠦ ᠲᠡᠭᠡᠨ ᠴᠠᠭ ᠤᠨ ᠬᠤᠭᠤᠯᠠ ᠳᠤ ᠵᠠᠭᠤᠬᠤ᠂ ᠮᠠᠯ ᠤᠨ ᠭᠡᠳᠡᠰᠦ ᠲᠤᠳᠤᠷ ᠴᠢᠳᠬᠤᠬᠤ ᠳᠤ ᠬᠢᠬᠦ ᠵᠡᠷᠭᠡ ᠮᠠᠰᠢ ᠤᠯᠠᠨ ᠳᠦᠷᠦᠯ ᠤᠨ ᠬᠤᠭᠤᠯᠠ ᠳᠤ ᠤᠷᠤᠳᠠᠭ ᠮᠠᠰᠢ ᠦᠨᠦᠷ ᠠᠮᠲᠠ ᠲᠠᠢ ᠢᠳᠡᠭᠡᠨ ᠪᠠᠶᠢᠳᠠᠭ᠃ 5~ 6 ᠰᠠᠷ᠎ᠠ ᠳᠤ ᠰᠢᠷ᠎ᠠ ᠴᠡᠴᠡᠭ ᠳᠡᠭᠦᠵᠦ ᠬᠠᠲᠠᠭᠠᠵᠦ ᠠᠪᠳᠠᠭ᠃ 7~ 8 ᠰᠠᠷ᠎ᠠ ᠳᠤ ᠴᠠᠭᠠᠨ ᠮᠦᠬᠦ ᠲᠡᠭᠦᠵᠦ ᠬᠤᠷᠢᠶᠠᠵᠦ ᠠᠪᠳᠠᠭ᠃   ᠨᠡᠩ ᠴᠦ ᠡᠮᠲᠦ ᠤᠷᠭᠤᠮᠠᠯ ᠢ ᠳᠡᠭᠦᠵᠦ ᠮᠣᠩᠭᠤᠯ ᠡᠮ ᠦᠢᠯᠡᠳᠪᠦᠷᠢᠯᠡᠨ ᠨᠠᠶᠢᠷᠠᠭᠤᠯᠵᠦ᠂ ᠬᠦᠮᠦᠨ ᠤ ᠡᠯ᠎ᠡ ᠵᠦᠢᠯ ᠤᠨ ᠡᠪᠡᠳᠴᠢᠨ ᠢ ᠡᠮᠴᠢᠯᠡᠨ ᠵᠠᠰᠠᠵᠦ ᠠᠨᠠᠭᠠᠬᠤ᠂ ᠮᠠᠯ ᠤᠨ ᠡᠯ᠎ᠡ ᠵᠦᠢᠯ ᠤᠨ ᠡᠪᠡᠳᠴᠢᠨ ᠢ ᠡᠮᠴᠢᠯᠡᠨ ᠵᠠᠰᠠᠬᠤ ᠂ ᠡᠮ ᠳᠠᠩ ᠢ ᠦᠪᠡᠷ ᠲᠡᠭᠡᠨ ᠨᠠᠶᠢᠷᠠᠭᠤᠯᠤᠨ ᠦᠢᠯᠡᠳᠪᠦᠷᠢᠯᠡᠳᠡᠭ ᠪᠠᠶᠢᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号