2022 ᠣᠨ ᠳᠤ ᠲᠡᠭᠦᠰᠬᠦ ᠣᠶᠤᠲᠠᠳ ᠠᠩᠬᠠᠷ
ᠨᠡᠶᠢᠲᠡᠯᠡᠭᠰᠡᠨ ᠴᠠᠭ᠄
2022/12/13
         2022 ᠣᠨ ᠳᠤ ᠲᠡᠭᠦᠰᠬᠦ ᠣᠶᠤᠲᠠᠳ ᠠᠩᠬᠠᠷ      2022 ᠣᠨ ᠤ ᠪᠥᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ 1076 ᠲᠦᠮᠡ ᠳᠤ ᠬᠦᠷᠴᠦ᠂ ᠣᠳᠣᠬᠠᠨ ᠳᠤ ᠤᠯᠤᠰ ᠤᠨ ᠳᠣᠲᠣᠭᠠᠳᠤ ᠳᠤ ᠬᠢᠵᠢᠭ ᠣᠯᠠᠨ ᠭᠠᠵᠠᠷ ᠲᠤ ᠲᠠᠷᠬᠠᠵᠤ᠂ ᠠᠵᠤ ᠠᠬᠤᠢ ᠶᠢᠨ ᠪᠠᠭᠤᠷᠠᠬᠤ ᠳᠠᠷᠤᠯᠲᠠ ᠨᠡᠮᠡᠭᠳᠡᠵᠦ ᠪᠠᠶᠢᠬᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠤᠨ ᠠᠵᠢᠯ ᠣᠯᠭᠤᠯᠲᠠ ᠶᠢᠨ ᠪᠠᠶᠢᠳᠠᠯ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠤ ᠬᠢᠨ ︽ᠤᠯᠤᠰ ᠤᠨ 24365 ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ︾ ᠢ ᠰᠢᠨᠡᠴᠢᠯᠡᠵᠦ ᠪᠠᠶᠢᠭᠤᠯᠪᠠ᠃ ᠣᠳᠣᠬᠠᠨ ᠳᠤ᠂ ᠲᠤᠰ ᠲᠠᠪᠴᠠᠩ ᠳᠤ ᠨᠢᠭᠡᠨᠲᠡ ᠨᠡᠯᠢᠶᠡᠳ ᠲᠣᠭᠠᠨ ᠤ ᠠᠵᠢᠯ ᠤᠨ ᠪᠠᠶᠢᠷᠢ ᠶᠢ ᠳᠠᠩᠰᠠᠯᠠᠭᠤᠯᠤᠭᠠᠳ ᠪᠠᠶᠢᠨ᠎ᠠ᠃ 2022 ᠣᠨ ᠤ ᠲᠡᠭᠦᠰᠬᠦ ᠰᠤᠷᠤᠭᠴᠢᠳ ᠲᠤ ᠬᠠᠨᠳᠤᠭᠤᠯᠤᠨ᠂ 380 ᠭᠠᠷᠤᠢ ᠲᠦᠮᠡᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠪᠠ᠃ ᠲᠣᠰ ᠲᠠᠪᠴᠠᠩ ᠳᠤ ᠣᠲᠣ ᠶᠠᠭ ︽2022 ᠣᠨ ᠤ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠰᠦᠯᠵᠢᠶ᠎ᠡ ᠪᠠᠷ ᠠᠵᠢᠯᠲᠠᠨ ᠡᠯᠰᠡᠬᠦ︾ ︽24365 ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠦᠢᠯᠡᠴᠢᠯᠡᠭᠡ ︱ ᠱᠠᠨᠰᠢ ᠶᠢᠨ ᠲᠤᠰᠬᠠᠢ ᠲᠠᠯᠠᠪᠤᠷ︾ ᠵᠡᠷᠭᠡ ᠲᠠᠪᠤᠨ ᠲᠠᠯᠠᠪᠤᠷ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ ᠪᠣᠶ᠃ ︽ᠢᠨᠲ᠋ᠧᠷ ᠰᠦᠯᠵᠢᠶ᠎ᠡ + ᠠᠵᠢᠯ ᠣᠯᠭᠤᠯᠲᠠ ᠶᠢᠨ ᠵᠢᠯᠣᠭᠤᠳᠤᠯᠭ᠎ᠠ︾ ᠶᠢᠨ ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠨᠢᠭᠡᠨᠲᠡ 91 ᠬᠤᠭᠤᠴᠠᠭ᠎ᠠ ᠰᠦᠯᠵᠢᠶᠡᠨ ᠳᠤ ᠣᠷᠣᠭᠤᠯᠵᠤ᠂ ᠠᠵᠢᠯ ᠣᠯᠭᠤᠯᠲᠠ ᠶᠢᠨ ᠪᠠᠶᠢᠳᠠᠯ ᠬᠢᠭᠡᠳ ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠵᠠᠳᠠᠯᠤᠯᠲᠠ᠂ ᠠᠵᠢᠯ ᠡᠷᠢᠬᠦ ᠤᠷ᠎ᠠ ᠮᠡᠷᠭᠡᠵᠢᠯ ᠵᠡᠷᠭᠡ ᠠᠭᠤᠯᠭ᠎ᠠ ᠶᠢ ᠬᠠᠮᠤᠷᠴᠠᠢ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号