ᠴᠢᠪᠠᠭ᠎ᠠ ᠪᠣᠯ ᠡᠮᠡᠭᠲᠡᠢ ᠬᠥᠮᠥᠨ ᠤ ᠬᠠᠮᠤᠭ ᠤᠨ ᠰᠠᠶᠢᠨ ᠢᠳᠡᠭᠡᠨ
ᠨᠡᠶᠢᠲᠡᠯᠡᠭᠰᠡᠨ ᠴᠠᠭ᠄
2022/12/15
        ᠴᠢᠪᠠᠭ᠎ᠠ ᠪᠣᠯ ᠡᠮᠡᠭᠲᠡᠢ ᠬᠥᠮᠥᠨ ᠤ ᠬᠠᠮᠤᠭ ᠤᠨ ᠰᠠᠶᠢᠨ ᠢᠳᠡᠭᠡᠨ    ᠡᠮᠨᠡᠯᠭᠡ ᠶᠢᠨ ᠲᠤᠰᠬᠠᠢ ᠮᠡᠷᠭᠡᠵᠢᠯᠲᠡᠨ ᠤ ᠰᠠᠨᠠᠭᠤᠯᠬᠤ ᠪᠠᠷ᠂ ᠡᠮᠡᠭᠲᠡᠢ ᠬᠥᠮᠥᠨ ᠨᠢᠭᠡ ᠪᠡᠶᠡᠨ ᠳᠡᠭᠡᠨ ᠦᠷᠭᠦᠯᠵᠢ ᠴᠢᠪᠠᠭ᠎ᠠ ᠢᠳᠡᠬᠦ ᠬᠡᠷᠡᠭᠲᠡᠢ᠃ ᠴᠢᠪᠠᠭ᠎ᠠ ᠪᠣᠯ ᠡᠮᠡᠭᠲᠡᠢ ᠬᠥᠮᠥᠨ ᠤ ᠬᠠᠮᠤᠭ ᠤᠨ ᠰᠠᠶᠢᠨ ᠰᠢᠮ᠎ᠡ ᠲᠡᠵᠢᠭᠡᠯ ᠪᠠ ᠭᠤᠶᠣᠯᠠᠯ ᠤᠨ ᠵᠢᠮᠢᠰ ᠮᠥᠨ ᠭᠡᠵᠦ ᠪᠤᠢ᠃      ︿1︶ ᠴᠢᠪᠠᠭ᠎ᠠ ᠶᠢ ᠪᠤᠴᠠᠯᠤᠭᠰᠠᠨ ᠤᠰᠤᠨ ᠳᠤ ᠴᠢᠯᠡᠵᠦ ᠤᠰᠤ ᠢ ᠨᠢ ᠤᠤᠭᠤᠪᠠᠯ ᠡᠯᠢᠭᠡ ᠬᠤᠳᠤᠭᠠᠳᠤ ᠶᠢ ᠭᠠᠮᠨᠠᠶ᠋ᠵᠤ ᠪᠡᠶ᠎ᠡ ᠶᠢᠨ ᠬᠤᠣᠷ ᠢ ᠠᠷᠢᠯᠭᠠᠨ᠎ᠠ᠃ ᠴᠢᠪᠠᠭ᠎ᠠ ᠪᠣᠯ ᠡᠮᠡᠭᠲᠡᠢ ᠬᠥᠮᠥᠨ ᠤ ᠬᠠᠮᠤᠭ ᠤᠨ ᠰᠠᠶᠢᠨ ᠢᠳᠡᠭᠡᠨ      ︿2︶ ᠴᠢᠪᠠᠭ᠎ᠠ ᠶᠢ ᠯᠤᠤ ᠶᠢᠨ ᠨᠢᠳᠦ ᠲᠠᠢ᠂ ᠬᠥᠬᠡ ᠴᠠᠢ ᠲᠠᠢ ᠴᠤᠭ ᠴᠢᠯᠡᠵᠦ ᠤᠤᠭᠤᠪᠠᠯ ᠲᠠᠮᠢᠷ ᠲᠡᠩᠬᠡᠭᠡ ᠶᠢ ᠨᠡᠮᠡᠭᠳᠡᠭᠦᠯᠵᠦ ᠬᠤᠭᠤᠯᠠᠢ ᠪᠠᠭᠠᠯᠵᠠᠭᠤᠷ ᠲᠤ ᠰᠠᠶᠢᠨ᠃     ︿3︶ ᠴᠢᠪᠠᠭ᠎ᠠ ᠶᠢ ᠮᠥᠰᠥᠨ ᠰᠢᠬᠡᠷ᠂ ᠲᠤᠲᠤᠷᠭ᠎ᠠ ᠪᠤᠶᠤ ᠨᠠᠷᠢᠮᠤ ᠪᠤᠳᠠᠭ᠎ᠠ ᠲᠠᠢ ᠰᠢᠩᠭᠡᠨ ᠵᠤᠲᠠᠩ ᠪᠣᠯᠭᠠᠨ ᠴᠢᠨᠠᠵᠤ ᠢᠳᠡᠪᠡᠯ ᠠᠭᠤᠰᠬᠢᠨ ᠬᠠᠯᠠᠭᠤᠨ ᠢ ᠬᠥᠭᠡᠭᠡᠵᠦ ᠬᠠᠨᠢᠶᠠᠳᠤ ᠳᠤ ᠲᠤᠰᠠᠲᠠᠢ᠃      ︿4︶ ᠴᠢᠪᠠᠭ᠎ᠠ᠂ ᠯᠤᠤ ᠶᠢᠨ ᠨᠢᠳᠦ᠂ ᠤᠯᠠᠭᠠᠨ ᠰᠢᠬᠡᠷ᠂ ᠥᠨᠳᠡᠭᠡ ᠲᠠᠢ ᠴᠤᠭ ᠴᠢᠨᠠᠵᠤ ᠢᠳᠡᠪᠡᠯ ᠥᠩᠭᠡ ᠵᠢᠰᠦ ᠶᠢ ᠭᠤᠶᠣᠵᠢᠭᠤᠯᠬᠤ ᠦᠢᠯᠡᠳᠦᠯ ᠲᠠᠢ᠃      ︿5︶ ᠴᠢᠪᠠᠭ᠎ᠠ ᠶᠢ ᠠᠷᠢᠬᠢᠨ ᠳᠤ ᠳᠡᠪᠲᠦᠭᠡᠵᠦ ᠵᠣᠬᠢᠮᠵᠢᠲᠠᠢ ᠤᠤᠭᠤᠵᠤ ᠨᠢ ᠴᠢᠰᠤᠨ ᠡᠷᠭᠢᠯᠲᠡ ᠶᠢ ᠰᠠᠶᠢᠵᠢᠷᠠᠭᠤᠯᠵᠤ᠂ ᠬᠤᠳᠣᠭᠤᠳᠤ ᠭᠡᠳᠡᠰᠦ ᠶᠢ ᠭᠠᠮᠨᠠᠵᠤ ᠬᠠᠮᠠᠭᠠᠯᠠᠬᠤ ᠦᠢᠯᠡᠳᠦᠯ ᠲᠠᠢ ᠪᠠᠶᠢᠳᠠᠭ᠃
 
ᠢᠷᠡᠯᠲᠡ᠄ ᠠᠯᠠᠱᠠ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号