ᠵᠢᠷ ᠤᠨ ᠭᠤᠣᠯ ᠪᠠᠯᠭᠠᠰᠤ 2022 ᠣᠨ ᠤ ᠰᠠᠶᠢᠨ ᠳᠤᠷ᠎ᠠ ᠶᠢᠨ ᠦᠢᠯᠠᠴᠢᠯᠡᠭᠡ ᠶᠢ  ᠳ᠋ᠦᠩᠨᠠᠨ ᠬᠦᠬᠢᠬᠦᠯᠬᠦ ᠶᠡᠭᠡ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/12/19
   ᠵᠢᠷ ᠤᠨ ᠭᠤᠣᠯ ᠪᠠᠯᠭᠠᠰᠤ 2022 ᠣᠨ ᠤ ᠰᠠᠶᠢᠨ ᠳᠤᠷ᠎ᠠ ᠶᠢᠨ  ᠦᠢᠯᠠᠴᠢᠯᠡᠭᠡ ᠶᠢ  ᠳ᠋ᠦᠩᠨᠠᠨ ᠬᠦᠬᠢᠬᠦᠯᠬᠦ ᠶᠡᠭᠡ ᠬᠤᠷᠠᠯ ᠬᠤᠷᠠᠯᠳᠣᠪᠠ                                                                12 ᠰᠠᠷ᠎ᠠ ᠶᠢᠨ 16  ᠤ ᠡᠳᠦᠷ  ᠂ ᠵᠢᠷ ᠤᠨ ᠭᠤᠣᠯ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠵᠣᠷᠢᠭ ᠰᠠᠨᠠᠭ᠎ᠠ ᠶᠢ ᠪᠡᠶᠡᠯᠡᠭᠦᠯᠦᠭᠴᠢ ᠶᠢᠨ ᠰᠢᠷᠢᠰ ᠠᠵᠢᠯᠯᠠᠭ᠎ᠠ ︱ 2022 ᠣᠨ ᠤ ᠰᠠᠶᠢᠨ ᠲᠤᠷᠠᠳᠴᠣᠳ ᠤᠨ ᠦᠢᠯᠡᠴᠢᠯᠡᠭᠡ ᠶᠢ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ   ᠬᠤᠷᠠᠯᠳᠣᠵᠦ᠂  ᠥᠩᠭᠡᠷᠡᠭᠰᠡᠨ ᠨᠢᠭᠡ ᠵᠢᠯ  ᠤᠨ ᠰᠠᠶᠢᠨ  ᠲᠤᠷᠠᠴᠣᠳ ᠤᠨ  ᠰᠠᠶᠢᠨ ᠲᠤᠷ᠎ᠠ ᠶᠢᠨ ᠦᠢᠯᠠ ᠠᠵᠢᠯᠯᠠᠭ᠎ᠠ ᠶᠢ ᠰᠣᠩᠭᠤᠨ  ᠰᠢᠯᠭᠠᠷᠠᠭᠤᠯᠪᠠ᠃     ᠬᠤᠷᠠᠯ   ᠠᠴᠠ  ᠵᠢᠷ ᠤᠨ ᠭᠤᠣᠯ ᠪᠠᠯᠭᠠᠰᠤᠨ ᠤ ᠰᠠᠶᠢᠨ  ᠲᠤᠷᠠᠴᠣᠳ ᠦᠢᠯᠡᠴᠢᠯᠡᠭᠡᠨ ᠤ ᠪᠦᠯᠬᠦᠮ ᠤᠨ4  ᠨᠠᠷ᠎ᠠ ᠨᠠᠶᠢᠬᠡᠮᠯᠢᠭ ᠤᠨ ᠰᠠᠶᠢᠨ ᠲᠤᠷᠠᠴᠣᠣᠯ᠂6 ᠨᠠᠷ᠎ᠡ ᠤᠳᠬ᠎ᠠ ᠤᠷᠠᠯᠢᠭ ᠰᠣᠶᠤᠯ ᠤᠨ ᠠᠵᠢᠯ ᠳᠤ ᠭᠠᠪᠰᠢᠭᠠᠶᠢᠯᠠᠭᠰᠠᠨ ᠰᠠᠶᠢᠨ ᠲᠤᠷᠠᠴᠣᠣᠯ᠂9 ᠨᠠᠷ᠎ᠠ ᠬᠢᠵᠢᠭ ᠲᠠᠢ ᠲᠠᠮᠠᠴᠠᠬᠦ ᠠᠵᠢᠯ ᠳᠤ ᠭᠠᠪᠰᠢᠭᠠᠶᠢᠯᠠᠭᠰᠠᠨ ᠰᠠᠶᠢᠨ ᠲᠤᠷᠠᠴᠣᠣᠯ᠂7 ᠨᠠᠷ᠎ᠠ ᠡᠯ᠎ᠠ ᠠᠵᠢᠯ ᠲᠦᠷᠦᠯ ᠤᠨ ᠰᠠᠶᠢᠨ ᠲᠤᠷᠠᠴᠣᠣᠯ ᠢ ᠱᠠᠩᠨᠠᠨ  ᠵᠤᠷᠢᠭᠵᠢᠭᠤᠯᠤᠭᠰᠠᠨ ᠤ ᠬᠠᠮᠳᠣ  ᠂ ᠪᠠᠯᠭᠠᠰᠤᠨ ᠤ ᠠᠵᠢᠯ ᠤᠨ ᠴᠢᠯᠦᠭᠡᠨ ᠤ ᠤᠯᠠᠭᠠᠨᠮᠦᠴᠢᠷ  ᠤᠨ ᠲᠤᠭᠯᠠᠯᠳᠠ  ᠪᠤᠯᠤᠨ ᠨᠠᠭᠠᠳᠣᠮ ᠲᠤᠭᠯᠠᠭᠠᠮ ᠶᠠᠪᠤᠭᠳᠠᠵᠦ᠂ ᠬᠦᠮᠦᠰ ᠤᠨ ᠰᠠᠶᠢᠨ ᠲᠤᠷ᠎ᠠ ᠶᠢᠨ ᠠᠵᠢᠯ ᠳᠤ ᠤᠷᠤᠯᠴᠠᠬᠤ ᠢᠳᠠᠪᠬᠢᠵᠢᠯ ᠢ ᠲᠠᠶᠢᠴᠢᠯᠠᠭᠰᠠᠨ ᠪᠠᠶᠢᠨ᠎ᠠ  ᠃     ᠵᠢᠷ ᠤᠨ ᠭᠤᠣᠯ ᠪᠠᠯᠭᠠᠰᠤᠨ ᠤ ᠰᠠᠶᠢᠨ ᠲᠤᠷᠠᠴᠣᠳ ᠦᠢᠯᠡᠴᠢᠯᠡᠭᠡᠨ ᠤ ᠪᠦᠯᠬᠦᠮ ᠨᠢ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠥᠷᠨᠢᠭᠦᠯᠦᠭᠰᠡᠨ ᠠᠴᠠ  ᠨᠠᠰᠢ᠂ 500 ᠭᠠᠷᠤᠢ ᠬᠥᠮᠥᠨ ᠵᠤᠬᠢᠶᠠᠨ ᠪᠠᠶᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠮᠡᠳᠡᠭᠡ ᠵᠠᠩᠭᠢ ᠶᠢᠨ ᠬᠢᠨᠠᠨ ᠪᠠᠶᠢᠴᠠᠭᠠᠯᠲᠠ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠭᠠᠵᠠᠷ ᠤᠨ ᠵᠢᠵᠢᠭᠦᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠵᠢᠴᠢ ᠪᠤᠰᠤᠳ ᠦᠢᠯᠡᠴᠢᠯᠡᠭᠡᠨ ᠤ ᠠᠵᠢᠯᠯᠠᠭ᠎ᠠ ᠳᠤ  ᠢᠳᠠᠪᠬᠢᠳᠠᠢ ᠤᠷᠤᠯᠴᠠᠵᠦ᠂  ᠨᠠᠶᠢᠬᠡᠮ ᠨᠠᠶᠢᠳᠠ ᠳᠤ ᠰᠠᠶᠢᠨ ᠳᠤᠷ᠎ᠠ ᠶᠢᠨ  ᠦᠢᠯᠠᠴᠢᠯᠡᠭᠡ ᠬᠠᠩᠭᠠᠭᠰᠠᠨ ᠪᠠᠶᠢᠨ᠎ᠠ᠃          
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号