︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/12/2
︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠤᠨ ᠲᠠᠶᠢᠯᠤᠮᠵᠢ      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠳᠤ ᠲᠠᠶᠢᠯᠤᠮᠵᠢ ᠬᠢᠶ᠎ᠡ᠃         ᠨᠢᠭᠡ᠂ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠠᠬᠤᠢ ᠪᠠᠶᠢᠳᠠᠯ         ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠳᠦᠷᠢᠮ ᠤᠨ ᠲᠣᠬᠢᠷᠠᠭᠤᠯᠤᠯᠲᠠ ᠪᠠᠶᠢᠵᠤ᠂ ᠡᠮᠴᠢᠯᠡᠭᠡᠨ ᠤ ᠡᠬᠢ ᠪᠠᠶᠠᠯᠢᠭ ᠤᠨ ᠵᠣᠬᠢᠰᠲᠠᠢ ᠲᠣᠬᠢᠷᠠᠭᠤᠯᠤᠯᠲᠠ ᠶᠢ ᠵᠣᠬᠢᠴᠠᠭᠤᠯᠬᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ  ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠳᠡᠭ᠃ ᠡᠮᠴᠢᠯᠡᠭᠡᠨ ᠤ ᠳᠠᠭᠠᠳᠬᠠᠯ ᠤᠨ ᠡᠭᠦᠷᠭᠡ ᠴᠢᠳᠠᠪᠬᠢ ᠪᠠ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠭᠠᠳᠬᠠᠯ ᠢ ᠳᠡᠮᠵᠢᠬᠦ ᠲᠥᠷᠥ ᠶᠢᠨ ᠪᠣᠳᠣᠯᠭ᠎ᠠ ᠶᠢ ᠤᠯᠠᠮ ᠴᠢᠨᠠᠭᠰᠢᠳᠠ ᠪᠦᠷᠢᠨᠰᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠮᠥᠨ ᠴᠤ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮᠴᠢᠯᠡᠭᠡ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠶᠤᠮ᠃ ︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠤᠭᠤᠳᠬᠤ ᠰᠠᠨᠠᠯ︾ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠤᠨ ︽ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠭᠰᠠᠨ ᠪᠠᠶᠢᠨ᠎ᠠ᠃        ᠬᠤᠶᠠᠷ᠂ ︽ᠠᠷᠭ᠎ᠠ ᠬᠡᠮᠵᠢᠶ᠎ᠡ ᠨᠦᠭᠦᠳ︾ ᠤᠨ ᠭᠤᠣᠯ ᠠᠭᠤᠯᠭ᠎ᠠ         ︽ᠠᠷᠭ᠎ᠠ ᠬᠡᠮᠵᠢᠶ᠎ᠡ ᠨᠦᠭᠦᠳ︾ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠠᠯ᠎ᠠ ᠪᠠᠷ᠂ ᠭᠤᠣᠯᠳᠠᠭᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ ᠲᠣᠬᠢᠷᠠᠭᠰᠠᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠵᠡᠷᠭᠡ ᠶᠢ ᠳᠤᠷᠠᠳᠪᠠ᠃ ᠡᠭᠦᠨ ᠤ ᠬᠠᠮᠲᠤ᠂ ᠰᠠᠭᠤᠷᠢ ᠮᠥᠩᠭᠦᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠢᠴᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠪᠣᠳᠠᠲᠠᠢ ᠱᠠᠭᠠᠷᠳᠠᠯᠭ᠎ᠠ ᠳᠤᠷᠠᠳᠴᠠᠢ᠃          ᠭᠤᠷᠪᠠ᠂ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ ᠲᠠᠯ᠎ᠠ ᠪᠠᠷ         ᠨᠢᠭᠡ᠂ ᠨᠥᠬᠦᠴᠡᠯ ᠳᠤ ᠨᠡᠶᠢᠴᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠡᠷᠭᠡ ᠶᠢ ᠴᠠᠭ ᠲᠤᠬᠠᠢ ᠳᠤ ᠨᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠵᠥᠪᠳᠡᠯᠴᠡᠭᠡᠷ ᠤᠨ ᠬᠠᠮᠢᠶᠠᠷᠤᠯᠲᠠ ᠳᠤ ᠣᠷᠣᠭᠤᠯᠤᠨ᠎ᠠ︔ ᠬᠤᠶᠠᠷ᠂ ᠨᠥᠬᠦᠴᠡᠯ ᠳᠤ ᠨᠡᠶᠢᠴᠡᠬᠦ ᠴᠡᠭ  ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠴᠡᠭ ᠲᠣᠭᠲᠠᠭᠠᠭᠰᠠᠨ ᠬᠡᠪᠴᠢᠶᠡᠨ ᠳᠤ ᠴᠠᠭ ᠲᠤᠬᠠᠢ ᠳᠤ ᠨᠢ ᠣᠷᠣᠭᠤᠯᠤᠨ᠎ᠠ︔ ᠭᠤᠷᠪᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠢᠨᠲ᠋ᠧᠷ ᠰᠦᠯᠵᠢᠶᠡᠨ ᠳᠡᠭᠡᠷ᠎ᠡ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠦᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ ᠴᠠᠭ ᠲᠤᠬᠠᠢ ᠳᠤ  ᠨᠢ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠴᠡᠭ ᠲᠣᠭᠲᠠᠭᠠᠭᠰᠠᠨ ᠬᠡᠪᠴᠢᠶᠡᠨ ᠳᠤ ᠣᠷᠣᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠡᠷᠬᠡ ᠲᠡᠭᠰᠢ ᠪᠠᠷ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃        ᠳᠥᠷᠪᠡ᠂ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ ᠲᠠᠯ᠎ᠠ ᠪᠠᠷ         ᠨᠢᠭᠡ᠂ ᠤᠯᠤᠰ ᠠᠴᠠ ᠲᠣᠭᠲᠠᠭᠠᠭᠰᠠᠨ ᠲᠣᠬᠢᠷᠠᠭᠤᠯᠬᠤ ᠡᠷᠬᠡ ᠶᠢᠨ ᠬᠢᠵᠠᠭᠠᠷ ᠪᠠ ᠲᠠᠰ ᠳᠠᠷᠠᠭᠠᠯᠠᠯ ᠤᠨ ᠶᠣᠰᠣᠭᠠᠷ᠂ ᠨᠥᠬᠦᠴᠡᠯ ᠳᠤ ᠨᠡᠶᠢᠴᠡᠬᠦ ᠮᠣᠩᠭᠤᠯ ᠪᠡᠯᠡᠨ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠡᠮ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠬᠤ ᠡᠮ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠬᠤᠭᠤᠷᠣᠨᠳᠤ ᠲᠣᠬᠢᠷᠠᠭᠤᠯᠤᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠨᠠᠶᠢᠷᠠᠯᠭ᠎ᠠ ᠶᠢ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠳᠣᠲᠣᠭᠠᠳᠤ ᠳᠠᠬᠢ ᠪᠠᠶᠢᠭᠤᠯᠤᠮᠵᠢ ᠨᠤᠭᠤᠳ ᠤᠨ ᠬᠤᠭᠤᠷᠣᠨᠳᠤ ᠲᠣᠬᠢᠷᠠᠭᠤᠯᠤᠨ ᠬᠡᠷᠡᠭᠯᠡᠵᠦ ᠪᠣᠯᠬᠤ ᠪᠥᠭᠡᠳ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠬᠤᠶᠠᠷ᠂ ᠡᠮᠴᠢᠯᠡᠭᠡᠨ ᠤ ᠦᠷ᠎ᠡ ᠳ᠋ᠦᠩ ᠨᠢ ᠣᠨᠣᠪᠴᠢᠲᠠᠶ ᠪᠥᠭᠡᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠪᠠᠭᠤᠯᠢᠭ ᠣᠨᠴᠠᠯᠢᠭ ᠢ ᠬᠠᠷᠠᠭᠤᠯᠤᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠣᠬᠢᠷᠠᠮᠵᠢᠲᠠᠢ ᠮᠡᠷᠭᠡᠵᠢᠯ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠭᠤᠷᠪᠠ᠂ ᠬᠦᠨᠳᠦ ᠶᠡᠭᠡ ᠬᠢᠵᠢᠭ ᠢ ᠰᠡᠷᠭᠡᠶᠢᠯᠡᠨ ᠵᠠᠰᠠᠬᠤ ᠦᠶᠡᠰ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠢᠳᠡᠪᠬᠢ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠢᠵᠢᠭ ᠢ ᠣᠨᠣᠰᠢᠯᠠᠨ ᠡᠮᠴᠢᠯᠡᠬᠦ ᠵᠢᠷᠤᠮᠵᠢᠯ ᠳᠤ ᠨᠡᠶᠢᠴᠡᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠠᠷᠤᠳᠠᠯ ᠢ ᠲᠣᠭᠲᠠᠭᠠᠯ ᠶᠣᠰᠣᠭᠠᠷ ᠲᠦᠷ ᠴᠠᠭ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃        ᠲᠠᠪᠤ᠂ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠲᠠᠯ᠎ᠠ ᠪᠠᠷ         ᠨᠢᠭᠡ᠂ ᠬᠠᠷᠠᠯᠲᠠ ᠪᠠᠷ ᠤᠳᠤᠷᠢᠳᠤᠮᠵᠢ ᠪᠣᠯᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠨ᠎ᠡ ᠬᠠᠩᠰᠢ ᠶᠢᠨ ᠲᠥᠷᠥᠯ ᠵᠦᠢᠯ ᠢ ᠪᠠᠶᠠᠯᠢᠭᠵᠢᠭᠤᠯᠤᠨ᠎ᠠ᠃ ᠡᠷᠲᠡᠨ ᠤ ᠰᠣᠩᠭᠤᠳᠠᠭ ᠪᠦᠲᠦᠭᠡᠯ ᠤᠳ ᠠᠴᠠ ᠢᠷᠡᠯᠲᠡ ᠲᠠᠢ᠂ ᠣᠲᠣ ᠬᠦᠷᠲᠡᠯ᠎ᠡ ᠥᠷᠭᠡᠨ ᠢᠶᠠᠷ ᠬᠡᠷᠡᠭᠯᠡᠭᠰᠡᠭᠡᠷ ᠪᠠᠶᠢᠭ᠎ᠠ᠂ ᠡᠮᠴᠢᠯᠡᠭᠡᠨ ᠤ ᠦᠷ᠎ᠡ ᠳ᠋ᠦᠩ ᠣᠨᠣᠪᠴᠢᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ ᠮᠡᠷᠭᠡᠵᠢᠯ ᠵᠢᠴᠢ ᠰᠢᠨ᠎ᠡ ᠶᠢ ᠡᠭᠦᠳᠬᠦ ᠴᠢᠨᠠᠷᠲᠠᠢ᠂ ᠠᠵᠤ ᠠᠬᠤᠢ ᠶᠢᠨ ᠴᠢᠨᠠᠷᠲᠠᠢ ᠳᠠᠪᠠᠭᠤᠯᠢᠭ ᠢᠶᠠᠷ ᠲᠣᠪᠣᠶᠢᠮ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨ᠎ᠡ ᠮᠡᠷᠭᠡᠵᠢᠯ ᠳᠤ᠂ ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠷᠥᠯ ᠵᠦᠢᠯ ᠤᠨ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠳᠥᠭᠦᠮᠴᠢᠯᠡᠵᠦ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ ᠥᠭᠭᠦᠨ᠎ᠡ᠃ ᠬᠤᠶᠠᠷ᠂ ᠦᠨ᠎ᠡ ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠬᠤ ᠬᠤᠷᠴᠠ ᠰᠡᠷᠭᠡᠭ ᠪᠥᠭᠡᠳ ᠪᠠᠷᠢᠮᠵᠢᠶᠠᠲᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠬᠤ ᠶᠢᠨ ᠳᠠᠭᠠᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠭᠤᠣᠯᠳᠠᠯᠭ᠎ᠠ ᠲᠠᠢ ᠪᠣᠳᠣᠯᠬᠢᠯᠠᠨ᠎ᠠ᠃ ᠭᠤᠷᠪᠠ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠡᠮ  ᠬᠤᠳᠠᠯᠳᠤᠨ ᠠᠪᠬᠤ ᠲᠠᠪᠴᠠᠩ ᠠᠴᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠬᠤ ᠡᠮ ᠢ ᠬᠤᠳᠠᠯᠳᠤᠨ ᠠᠪᠤᠭᠰᠠᠨ ᠤ ᠳᠠᠷᠠᠭ᠎ᠠ᠂ ᠣᠷᠣᠭᠤᠯᠤᠭᠰᠠᠨ ᠪᠣᠳᠠᠲᠠᠢ ᠦᠨ᠎ᠡ ᠶᠢ ᠴᠢᠩᠭ᠎ᠠ ᠵᠢᠷᠤᠮᠯᠠᠨ 25% ᠠᠴᠠ ᠬᠡᠲᠦᠷᠡᠭᠦᠯᠬᠦ ᠦᠭᠡᠢ ᠪᠠᠷ ᠦᠨ᠎ᠡ ᠨᠡᠮᠡᠵᠦ ᠪᠣᠷᠣᠯᠠᠭᠤᠯᠤᠨ᠎ᠠ᠃ ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠢ ᠣᠷᠣᠭᠤᠯᠤᠭᠰᠠᠨ ᠪᠣᠳᠠᠲᠠᠢ ᠦᠨ᠎ᠡ ᠶᠢᠨ ︽ᠵᠥᠷᠢᠶ᠎ᠡ ᠦᠭᠡᠢ ᠨᠣᠷᠮ᠎ᠠ︾ ᠶᠣᠰᠣᠭᠠᠷ ᠪᠣᠷᠣᠯᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠨᠣᠮᠣᠬᠠᠳᠬᠠᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠤᠨ ᠴᠢᠨᠠᠬᠤ ᠡᠮ ᠪᠠ ᠨᠠᠶᠢᠷᠠᠭᠤᠯᠤᠭᠰᠠᠨ ᠨᠠᠶᠢᠷᠠᠯᠭ᠎ᠠ ᠶᠢᠨ ᠦᠨ᠎ᠡ ᠶᠢ ᠡᠮᠴᠢᠯᠡᠭᠡᠨ ᠤ ᠪᠠᠶᠢᠭᠤᠯᠤᠮᠵᠢ ᠥᠪᠡᠷᠲᠡᠭᠡᠨ ᠲᠣᠭᠲᠠᠭᠠᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠳᠤ ᠣᠷᠣᠭᠤᠯᠤᠨ ᠰᠦᠯᠵᠢᠶᠡᠨ ᠳᠡᠭᠡᠷ᠎ᠡ  ᠬᠤᠳᠠᠯᠳᠤᠵᠤ᠂ ᠠᠷᠠᠯᠵᠢᠶ᠎ᠠ ᠶᠢᠨ ᠢᠯᠡ ᠲᠣᠳᠣ ᠪᠠᠶᠢᠬᠤ ᠶᠢ ᠠᠬᠢᠭᠤᠯᠤᠨ᠎ᠠ᠃         ᠵᠢᠷᠭᠤᠭ᠎ᠠ᠂ ᠲᠣᠭᠠᠴᠠᠭ᠎ᠠ ᠬᠢᠬᠦ ᠲᠦᠷᠦ ᠶᠢᠨ ᠪᠣᠳᠣᠯᠭ᠎ᠠ ᠶᠢ ᠪᠦᠷᠢᠨᠰᠢᠭᠦᠯᠬᠦ ᠲᠠᠯ᠎ᠠ ᠪᠠᠷ         ᠨᠢᠭᠡ᠂ ᠡᠮᠴᠢᠯᠡᠭᠡᠨ ᠤ ᠳᠠᠭᠠᠳᠬᠠᠯ ᠤᠨ ᠶᠡᠷᠦᠩᠬᠡᠢ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ ᠶᠡᠷᠦᠩᠬᠡᠢ ᠲᠥᠰᠥᠪ ᠲᠤ ᠬᠢᠲᠠᠳ ᠡᠮ ᠡᠮᠨᠡᠯᠭᠡ  ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠲᠣᠯᠣᠭᠠᠶᠢᠯᠠᠨ ᠪᠠᠶᠢᠭᠤᠯᠤᠭᠰᠠᠨ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠣᠭᠠᠲᠤ ᠴᠣᠭᠴᠠ ᠶᠢ ᠵᠣᠬᠢᠬᠤ ᠬᠡᠮᠵᠢᠶ᠎ᠡ ᠪᠠᠷ ᠬᠠᠷᠠᠭᠠᠯᠵᠠᠨ᠎ᠠ᠃ ᠬᠤᠶᠠᠷ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠲᠥᠷᠥᠯ ᠳᠤ ᠡᠪᠡᠳᠴᠢᠨ ᠤ ᠲᠥᠷᠥᠯ ᠤᠨ ᠨᠣᠭᠳᠠᠬᠤ ᠦᠷᠲᠡᠭ ︵DIP︶ ᠵᠢᠴᠢ ᠡᠪᠡᠳᠴᠢᠨ ᠡᠮᠭᠡᠭ ᠢ ᠣᠨᠣᠰᠢᠯᠠᠭᠰᠠᠨ ᠬᠠᠮᠢᠶ᠎ᠠ ᠪᠦᠬᠦᠢ ᠠᠩᠭᠢᠯᠠᠯ ︵DRG︶ ᠢ ᠨᠢ ᠦᠨᠳᠦᠰᠦᠯᠡᠨ ᠲᠣᠭᠠᠴᠠᠭ᠎ᠠ ᠬᠢᠬᠦ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠲᠥᠷᠥᠯ ᠤᠨ ᠢᠯᠡᠳᠬᠡᠮᠵᠢ ᠶᠢ ᠵᠣᠬᠢᠰᠲᠠᠢ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠬᠦ ᠳᠤ ᠴᠢᠳᠠᠮᠠᠭᠠᠢ ᠡᠪᠡᠳᠴᠢᠨ ᠤ ᠲᠥᠷᠥᠯ ᠢ ᠰᠢᠭᠰᠢᠨ ᠰᠣᠩᠭᠤᠵᠤ᠂ ᠡᠸᠦ᠋ᠷᠦᠫᠡ ᠡᠮᠨᠡᠯᠭᠡ ᠳᠤ ᠣᠨᠣᠰᠢᠯᠠᠨ ᠡᠮᠴᠢᠯᠡᠬᠦ ︽ᠠᠳᠠᠯᠢ ᠲᠥᠷᠦᠯ ᠤᠨ ᠡᠪᠡᠳᠴᠢᠨ ᠢ ᠠᠳᠠᠯᠢ ᠦᠷ᠎ᠡ ᠠᠰᠢᠭ ᠲᠠᠢ᠂ ᠠᠳᠠᠯᠢ ᠦᠨ᠎ᠡ ᠬᠠᠩᠰᠢ ᠪᠠᠷ ᠡᠮᠴᠢᠯᠡᠬᠦ︾ ᠶᠢ ᠬᠡᠷᠡᠭᠵᠢᠭᠦᠯᠦᠨ᠎ᠡ᠃ ᠭᠤᠷᠪᠠ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠭᠡᠷ ᠪᠦᠯᠢ ᠶᠢᠨ ᠡᠮᠴᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠳᠡᠮᠵᠢᠨ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢ ᠪᠠ ᠨᠥᠬᠦᠴᠡᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠭᠠᠵᠠᠷ ᠠᠴᠠ ᠪᠦᠯᠬᠦᠮ ᠵᠣᠬᠢᠶᠠᠨ ᠪᠠᠶᠢᠭᠤᠯᠵᠤ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ᠳᠥᠷᠪᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠲᠣᠯᠣᠭᠠᠶᠢᠯᠠᠨ ᠪᠠᠶᠢᠵᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠨ᠎ᠡ᠃         ᠳᠣᠯᠤᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ          ᠨᠢᠭᠡ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠬᠡᠪᠰᠢᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠴᠡᠭ ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶  ᠶᠢᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠡᠮᠴᠢᠯᠡᠬᠦ᠂ ᠬᠠᠭᠤᠷᠮᠠᠭᠯᠠᠨ ᠡᠮᠨᠡᠯᠭᠡ ᠳᠤ ᠰᠠᠭᠤᠯᠭᠠᠬᠤ᠂ ᠬᠤᠳᠠᠯ ᠢᠶᠠᠷ ᠡᠮ ᠬᠤᠳᠠᠯᠳᠤᠬᠤ᠂ ᠣᠨᠣᠰᠢᠯᠠᠨ ᠡᠮᠨᠡᠬᠦ ᠲᠥᠷᠥᠯ ᠵᠦᠢᠯ ᠢ ᠬᠤᠳᠠᠯ ᠢᠶᠠᠷ ᠡᠷᠬᠢᠯᠡᠬᠦ ᠵᠡᠷᠭᠡ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠨᠤᠭᠤᠳ ᠢ ᠰᠡᠷᠭᠡᠶᠢᠯᠡᠨ᠎ᠡ᠃ ᠬᠤᠶᠠᠷ᠂ ᠶᠡᠷᠦᠩᠬᠡᠶᠢᠯᠡᠨ ᠬᠢᠨᠠᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠣᠨᠴᠠᠯᠢᠭ ᠲᠤ ᠴᠢᠭᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠬᠢᠭᠡᠳ ᠬᠢᠲᠠᠳ ᠡᠮ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠨ ᠬᠠᠷᠢᠯᠴᠠᠨ ᠬᠠᠮᠵᠢᠯᠴᠠᠵᠤ᠂ ᠬᠠᠮᠵᠢᠯᠴᠠᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠳᠦᠷᠢᠮ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠦᠨ᠎ᠡ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号