ᠡᠪᠦᠳᠦᠭ ᠬᠦᠢᠲᠡᠨ ᠪᠠᠶᠢᠪᠠᠯ ᠦᠷᠪᠢᠰᠦᠯ ᠪᠤᠯᠬᠤ ᠠᠴᠠ ᠬᠢᠴᠢᠶᠡ
ᠨᠡᠶᠢᠲᠡᠯᠡᠭᠰᠡᠨ ᠴᠠᠭ᠄
2022/12/2
      ᠡᠪᠦᠳᠦᠭ ᠬᠦᠢᠲᠡᠨ ᠪᠠᠶᠢᠪᠠᠯ ᠦᠷᠪᠢᠰᠦᠯ ᠪᠤᠯᠬᠤ ᠠᠴᠠ ᠬᠢᠴᠢᠶᠡ      ᠨᠠᠰᠤᠲᠠᠶᠢᠴᠤᠳ ᠤᠨ ᠭᠡᠯᠡᠭᠦ ᠪᠠᠷ᠂ ᠨᠠᠰᠤ ᠠᠭᠢᠬᠤ ᠲᠤᠰᠤᠮ ᠡᠪᠦᠳᠦᠭ ᠳᠠᠭᠠᠷᠠᠵᠤ ᠪᠡᠭᠡᠷᠡᠬᠦ᠂ ᠭᠦᠰᠢᠭᠦ ᠨᠢ ᠶᠡᠭᠡ ᠪᠤᠯᠳᠠᠭ ᠪᠠᠶᠢᠨ᠎ᠠ᠃ ᠡᠪᠦᠳᠦᠭ ᠤᠨ ᠦᠶ᠎ᠡ ᠵᠢᠩᠭᠢᠨᠡᠭᠰᠡᠨ ᠤ ᠬᠠᠮᠤᠭ ᠤᠨ ᠦᠷᠭᠦᠯᠵᠢ ᠲᠣᠬᠢᠶᠠᠯᠳᠤᠳᠠᠭ ᠰᠢᠯᠲᠠᠭᠠᠨ ᠪᠣᠯ ᠲᠣᠶᠢᠭ ᠤᠨ ᠶᠠᠰᠤ ᠵᠥᠭᠡᠯᠡᠷᠡᠬᠦ᠂ ᠡᠪᠦᠳᠦᠭ ᠤᠨ ᠦᠶ᠎ᠡ ᠶᠢᠨ ᠶᠠᠰᠤᠨ ᠤ ᠴᠢᠨᠠᠷᠲᠠᠢ ᠦᠶ᠎ᠡ ᠭᠡᠰᠢᠭᠦᠨ ᠤ ᠦᠷᠪᠢᠰᠦᠯ ᠵᠡᠷᠭᠡ ᠪᠠᠶᠢᠵᠤ᠂ ᠡᠪᠡᠳᠴᠢᠨ ᠡᠭᠦᠰᠬᠡᠭᠰᠡᠨ ᠰᠢᠯᠲᠠᠭᠠᠨ ᠳᠤ ᠴᠢᠭᠯᠡᠭᠦᠯᠦᠨ ᠵᠠᠰᠠᠬᠤ ᠬᠡᠷᠡᠭᠲᠡᠢ᠃ ᠡᠪᠦᠳᠦᠭ ᠤᠨ ᠦᠶ᠎ᠡ ᠶᠢᠨ ᠡᠷᠭᠢᠨ ᠲᠣᠭᠤᠷᠢᠨ ᠤ ᠪᠤᠯᠴᠢᠩ ᠨᠢ ᠮᠠᠰᠢ ᠨᠢᠮᠭᠡᠨ ᠪᠠᠶᠢᠵᠤ᠂ ᠬᠡᠪ ᠤᠨ ᠡᠪᠦᠳᠦᠭ ᠤᠨ ᠦᠶ᠎ᠡ ᠶᠢᠨ ᠠᠷᠠᠰᠤᠨ ᠤ ᠳᠤᠯᠠᠭᠠᠨ ᠤ ᠬᠡᠮᠵᠢᠶ᠎ᠡ ᠨᠢ ᠪᠤᠰᠤᠳ ᠬᠡᠰᠡᠭ ᠤᠨ ᠳᠤᠯᠠᠭᠠᠨ ᠤ ᠬᠡᠮᠵᠢᠶ᠎ᠡ ᠠᠴᠠ ᠵᠢᠭᠠᠬᠠᠨ ᠳᠣᠣᠷ᠎ᠠ ᠪᠠᠶᠢᠳᠠᠭ᠂ ᠬᠡᠷᠪᠡ ᠳᠤᠯᠠᠭᠠᠯᠠᠬᠤ ᠶᠢ ᠠᠩᠬᠠᠷᠬᠤ ᠦᠭᠡᠢ ᠪᠣᠯ ᠠᠮᠠᠷᠬᠠᠨ ᠡᠪᠡᠳᠴᠢᠨ ᠡᠭᠦᠰᠬᠡᠵᠦ ᠮᠡᠳᠡᠨ᠎ᠠ᠃          ᠬᠡᠷᠪᠡ ᠲᠠᠨ ᠤ ᠡᠪᠦᠳᠦᠭ ᠤᠨ ᠦᠶ᠎ᠡ ᠪᠠᠷ ᠴᠢᠨᠢ ᠦᠷᠭᠦᠯᠵᠢ ᠵᠢᠩᠭᠢᠨᠡᠵᠦ᠂ ᠳᠠᠭᠠᠷᠠᠵᠤ ᠪᠡᠭᠡᠷᠡᠬᠦ᠂ ᠰᠠᠯᠬᠢ ᠠᠪᠬᠤ ᠠᠴᠠ ᠰᠢᠷᠬᠡᠶᠢᠵᠦ ᠪᠠᠶᠢᠪᠠᠯ ᠦᠶ᠎ᠡ ᠭᠡᠰᠢᠭᠦᠦ ᠶᠢᠨ ᠳᠣᠲᠣᠭᠠᠳᠤ ᠳᠤ ᠨᠢᠭᠡᠨᠲᠡ ᠳᠣᠷᠣᠶᠢᠲᠠᠭᠰᠠᠨ ᠬᠤᠪᠢᠷᠠᠯᠲᠠ ᠭᠠᠷᠤᠭᠰᠠᠨ ᠪᠠᠶᠢᠵᠤ ᠮᠡᠳᠡᠭᠦ ᠶᠢᠨ ᠲᠤᠯᠠᠳᠠ᠂ ᠠᠩᠬᠠᠷᠴᠤ ᠠᠷᠠᠴᠢᠯᠠᠬᠤ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号