ᠸᠢᠴᠠᠲ ᠲᠤ ᠡᠶᠢᠮᠦ ᠵᠦᠢᠯ ᠢᠯᠡᠷᠡᠪᠡᠯ ᠪᠣᠯᠭᠤᠮᠵᠢᠯᠠ︕
ᠨᠡᠶᠢᠲᠡᠯᠡᠭᠰᠡᠨ ᠴᠠᠭ᠄
2022/12/2
                ᠸᠢᠴᠠᠲ ᠲᠤ ᠡᠶᠢᠮᠦ ᠵᠦᠢᠯ ᠢᠯᠡᠷᠡᠪᠡᠯ ᠪᠣᠯᠭᠤᠮᠵᠢᠯᠠ︕      ᠤᠳᠤ ᠶᠢᠨ ᠬᠥᠮᠥᠰ ᠶᠡᠷᠦᠨᠢ ᠸᠢᠴᠠᠲ᠂ ᡁᠢ ᠹᠦ᠋ ᠪᠤᠤ ᠪᠠᠷ ᠲᠣᠭᠠᠴᠠᠭ᠎ᠠ ᠬᠢᠳᠡᠭ ᠪᠣᠯᠣᠯ᠎ᠠ᠃ ᠬᠡᠷᠪᠡ ᠲᠠᠨ ᠤ ᠸᠢᠴᠠᠲ ᠤᠨ ᠶᠠᠷᠢᠯᠴᠠᠭᠠᠨ ᠤ ᠳᠤᠮᠳᠠ ᠭᠡᠨᠡᠳᠲᠡ ᠡᠶᠢᠮᠦ ᠵᠦᠢᠯ ᠢᠯᠡᠷᠡᠪᠡᠯ ᠪᠣᠯᠭᠤᠮᠵᠢᠯᠠᠬᠤ ᠬᠡᠷᠡᠭᠲᠡᠢ ᠶᠤᠮ ᠪᠠᠶᠢᠨ᠎ᠠ᠃         ᠰᠢᠶᠣᠣ ᠴᠧᠨ ᠥᠨᠥᠬᠡᠨ ᠥᠲᠥᠨ ᠪᠥᠮᠪᠦᠭᠡ ᠶᠢᠨ QQ ᠶᠢᠨ ᠬᠤᠯᠪᠣᠭᠠᠨ ᠳᠤ ᠣᠷᠣᠵᠤ᠂ ᠰᠢᠨ᠎ᠡ ᠪᠥᠮᠪᠦᠭᠡ ᠶᠢᠨ ᠫᠠᠶᠢᠰᠠ ᠬᠤᠳᠠᠯᠳᠤᠨ ᠠᠪᠬᠤ ᠭᠡᠰᠡᠨ ᠳᠤ ᠵᠠᠷᠢᠮ ᠬᠥᠮᠥᠰ ᠲᠡᠭᠦᠨ ᠢ ᠪᠦᠷᠢᠳᠬᠡᠵᠦ ᠠᠪᠤᠭᠠᠳ ᠪᠦᠲᠦᠭᠡᠭᠳᠡᠬᠦᠨ ᠢᠶᠠᠨ ᠲᠠᠨᠢᠯᠴᠠᠭᠤᠯᠤᠭᠰᠠᠨ ᠪᠠᠶᠢᠪᠠ᠃ ᠶᠠᠭᠠᠬᠢᠭᠠᠳ ᠬᠤᠳᠠᠯᠳᠤᠭᠠᠨ ᠤ ᠲᠠᠪᠴᠠᠩ ᠳᠤ ᠠᠷᠠᠯᠵᠢᠶ᠎ᠠ ᠬᠢᠬᠦ ᠦᠭᠡᠢ ᠢᠩᠭᠢᠵᠦ ᠳᠠᠯᠳᠠᠭᠤᠷ ᠪᠣᠷᠣᠯᠠᠭᠤᠯᠵᠤ ᠪᠠᠶᠢᠭ᠎ᠠ ᠲᠤᠬᠠᠢ ᠰᠣᠨᠢᠷᠬᠠᠭᠰᠠᠨ ᠳᠤ ᠨᠦᠬᠦᠬᠡ ᠡᠲᠡᠭᠡᠳ ᠨᠢ ᠨᠠᠰᠤ ᠪᠠᠭ᠎ᠠ ᠤᠴᠢᠷ ᠲᠠᠪᠴᠠᠩ ᠳᠤ ᠪᠦᠷᠢᠳᠬᠡᠭᠦᠯᠵᠦ ᠴᠢᠳᠠᠬᠤ ᠦᠭᠡᠢ ᠭᠡᠳ QR ᠺᠣᠳ᠋ ᠶᠠᠪᠤᠭᠤᠯᠵᠤ ᠲᠣᠭᠠᠴᠠᠭ᠎ᠠ ᠬᠢᠬᠦ ᠶᠢ ᠱᠠᠭᠠᠷᠳᠠᠪᠠ᠃ ᠰᠢᠶᠣᠣ ᠴᠧᠨ ᠮᠥᠩᠭᠦ ᠰᠢᠯᠵᠢᠭᠦᠯᠬᠦ ᠦᠶ᠎ᠡ ᠳᠤ ᠸᠢᠴᠠᠲ ᠨᠢ ᠨᠥᠭᠦᠭᠡ ᠡᠲᠡᠭᠡᠳ ᠤᠨ ᠮᠥᠩᠭᠦᠨ ᠤ ᠳᠠᠩᠰᠠ ᠳᠤ ᠬᠡᠪ ᠤᠨ ᠪᠤᠰᠤ ᠦᠶᠯᠡ ᠠᠵᠢᠯᠯᠠᠭ᠎ᠠ ᠣᠷᠣᠰᠢᠵᠤ ᠪᠠᠶᠢᠭ᠎ᠠ ᠲᠤᠯᠠ᠂ ᠵᠣᠭᠤᠰ ᠬᠤᠷᠢᠶᠠᠬᠤ ᠶᠢ ᠬᠢᠵᠠᠭᠠᠷᠯᠠᠯ᠎ᠠ ᠭᠡᠰᠡᠨ ᠰᠠᠨᠠᠭᠤᠯᠭ᠎ᠠ ᠢᠯᠡᠷᠡᠭᠰᠡᠨ ᠪᠠᠶᠢᠨ᠎ᠠ᠃ ᠡᠬᠢᠨ ᠳᠡᠭᠡᠨ ᠲᠡᠷᠡ ᠡᠭᠦᠨ ᠳᠤ ᠰᠡᠵᠢᠭ ᠲᠠᠢ ᠪᠠᠶᠢᠭᠰᠠᠨ ᠴᠦ ᠨᠥᠭᠦᠭᠡ ᠡᠲᠡᠭᠡᠳ ᠨᠢ ᠰᠢᠶᠣᠣ ᠴᠧᠨ ᠳᠤ ᠪᠡᠶ᠎ᠡ ᠶᠢᠨ ᠦᠨᠡᠮᠯᠡᠯ᠂ ᠭᠡᠷᠡᠴᠢ ᠪᠢᠴᠢᠭ᠂ ᠱᠠᠩᠨᠠᠯ ᠤᠨ ᠫᠠᠶᠢᠰᠠ ᠪᠠᠨ ᠬᠠᠷᠠᠭᠤᠯᠤᠭᠰᠠᠨ ᠳᠤ ᠲᠡᠭᠦᠨ ᠤ ᠰᠡᠵᠢᠭ ᠡᠷᠡᠭᠡᠯᠵᠡᠭᠡ ᠠᠯᠳᠠᠷᠠᠵᠤ᠂ 930 ᠲᠥᠭᠦᠷᠢᠭ ᠲᠤᠰᠢᠶᠠᠭᠰᠠᠨ ᠪᠠᠶᠢᠨ᠎ᠠ᠃ ᠳᠡᠮᠡᠢ ᠤᠳᠠᠭᠰᠠᠨ ᠦᠭᠡᠢ ᠨᠦᠬᠦᠬᠡ ᠬᠥᠮᠥᠨ ᠶᠠᠷᠢᠯᠴᠠᠭᠠᠨ ᠤ ᠬᠠᠭᠠᠯᠭ᠎ᠠ ᠪᠠᠨ ᠬᠠᠭᠠᠭᠰᠠᠨ ᠢ ᠬᠠᠷᠠᠭᠠᠳ ᠰᠠᠶ᠋ᠢ ᠮᠡᠬᠡᠯᠡᠭᠳᠡᠭᠰᠡᠨ ᠢᠶᠠᠨ ᠮᠡᠳᠡᠭᠰᠡᠨ ᠪᠠᠶᠢᠨ᠎ᠠ᠃          ᠴᠠᠭᠳᠠᠭᠠᠨ ᠤ ᠲᠠᠯ᠎ᠠ ᠶᠢᠨ ᠰᠠᠨᠠᠭᠤᠯᠤᠮᠵᠢ᠄ ᠸᠢᠴᠠᠲ ᠢᠶᠠᠷ ᠮᠥᠩᠭᠦ ᠰᠢᠯᠵᠢᠭᠦᠯᠬᠦ ᠦᠶᠡᠰ᠂ ᠳᠠᠷᠠᠭᠠᠬᠢ ᠵᠦᠢᠯᠡᠰ ᠠᠴᠠ ᠪᠣᠯᠭᠤᠮᠵᠢᠯᠠᠬᠤ ᠬᠡᠷᠡᠭᠲᠡᠢ ᠶᠤᠮ ᠪᠠᠶᠢᠨ᠎ᠠ᠃ ︵ᠵᠢᠷᠤᠭ ᠠᠴᠠ ᠬᠠᠷᠠᠭᠠᠷᠠᠢ︶
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号