ᠡᠶᠢᠮᠦ ᠵᠢᠮᠢᠰ ᠢ ᠬᠢᠴᠢᠶᠡ
ᠨᠡᠶᠢᠲᠡᠯᠡᠭᠰᠡᠨ ᠴᠠᠭ᠄
2022/12/2
                ᠡᠶᠢᠮᠦ ᠵᠢᠮᠢᠰ ᠢ ᠬᠢᠴᠢᠶᠡ      ᠠᠯᠲᠠᠨ ᠨᠠᠮᠤᠷ ᠤᠨ ᠤᠯᠠᠷᠢᠯ ᠳᠤ᠂ ᠱᠠᠪᠲᠠᠯ᠎ᠠ ᠨᠢ ᠡᠯ᠎ᠡ ᠵᠦᠢᠯ ᠤᠨ ᠤᠮᠳᠠᠭᠠᠨ᠂ ᠪᠣᠭᠤᠷᠰᠤᠭ ᠵᠡᠷᠭᠡ ᠢᠳᠡᠭᠡᠨ ᠳᠤ ᠶᠡᠬᠡᠪᠡᠷ ᠬᠡᠷᠡᠭᠯᠡᠭᠳᠡᠵᠦ᠁ ᠱᠠᠪᠲᠠᠯ᠎ᠠ ᠶᠢᠨ ᠲᠥᠷᠥᠯ ᠵᠦᠢᠯ ᠪᠠ ᠢᠳᠡᠬᠦ ᠠᠷᠭ᠎ᠠ ᠨᠢ ᠴᠦ ᠮᠠᠰᠢ ᠪᠠᠶᠠᠯᠢᠭ ᠪᠠᠶᠢᠳᠠᠭ᠂ ᠡᠶᠢᠮᠦ ᠠᠴᠠ ᠱᠠᠪᠲᠠᠯ᠎ᠠ ᠨᠢ ᠰᠢᠨ᠎ᠡ ︽ᠰᠦᠯᠵᠢᠶᠡᠨ ᠤ ᠴᠤᠤᠲᠠᠨ︾ ᠪᠣᠯᠤᠭᠰᠠᠨ ᠪᠠᠶᠢᠨ᠎ᠠ᠃ ᠭᠡᠪᠡᠴᠦ ᠱᠠᠪᠲᠠᠯ᠎ᠠ ᠢᠳᠡᠬᠦ ᠳᠤ ᠵᠣᠬᠢᠬᠤ ᠬᠡᠮᠵᠢᠶ᠎ᠡ ᠶᠢ ᠠᠩᠬᠠᠷᠬᠤ ᠬᠡᠷᠡᠭᠲᠡᠢ᠂ ᠵᠠᠷᠢᠮ ᠬᠥᠮᠥᠨ ᠬᠤᠶᠠᠷ ᠭᠤᠷᠪᠠᠨ ᠡᠳᠦᠷ ᠤᠨ ᠳᠣᠲᠣᠷ᠎ᠠ 20 ᠭᠠᠷᠤᠢ ᠱᠠᠪᠲᠠᠯ᠎ᠠ ᠢᠳᠡᠭᠰᠡᠨ  ᠠᠴᠠ ᠪᠣᠯᠵᠤ ᠭᠡᠳᠡᠰᠦ ᠨᠢ ᠡᠪᠡᠳᠦᠭᠰᠡᠨ ᠤᠴᠢᠷ ᠭᠠᠷᠴᠠᠢ᠂ ᠤᠤᠯ ᠨᠢ ᠱᠠᠪᠲᠠᠯ᠎ᠠ ᠢᠳᠡᠭᠰᠡᠨ ᠠᠴᠠ ᠪᠣᠯᠵᠤ ᠭᠡᠳᠡᠰᠦᠨ ᠤ ᠲᠦᠭᠵᠢᠷᠡᠯ ᠪᠣᠯᠤᠭᠰᠠᠨ ᠪᠠᠶᠢᠨ᠎ᠠ᠃          ᠡᠮᠴᠢ ᠶᠢᠨ ᠲᠠᠨᠢᠯᠴᠠᠭᠤᠯᠤᠭᠰᠠᠨ ᠢᠶᠠᠷ᠂ ᠱᠠᠪᠲᠠᠯ᠎ᠠ ᠳᠤ ᠬᠠᠷᠢᠴᠠᠩᠭᠤᠢ ᠪᠠᠷ ᠨᠡᠯᠢᠶᠡᠳ ᠠᠷᠪᠢᠨ ᠲᠠᠨᠨᠢᠨ ᠬᠦᠴᠢᠯ ᠪᠠ ᠵᠢᠮᠢᠰ ᠤᠨ ᠴᠠᠪᠠᠤ ᠠᠭᠤᠯᠵᠤ᠂ ᠵᠣᠬᠢᠬᠤ ᠨᠥᠬᠦᠴᠡᠯ ᠳᠣᠣᠷ᠎ᠠ ᠢᠯᠭᠠᠷᠠᠭᠤᠯᠤᠨ ᠭᠠᠷᠭᠠᠵᠤ᠂ ᠬᠤᠳᠣᠭᠤᠳᠤᠨ ᠳᠣᠲᠣᠷᠠᠬᠢ ᠤᠭᠤᠷᠠᠭ ᠵᠡᠷᠭᠡ ᠲᠠᠢ ᠬᠠᠮᠲᠤ ᠲᠤᠨᠤᠳᠠᠰᠤ ᠡᠭᠦᠰᠳᠡᠭ᠂ ᠲᠤᠬᠠᠶᠢᠯᠠᠪᠠᠯ ︽ᠬᠤᠳᠣᠭᠤᠳᠤᠨ ᠤ ᠴᠢᠯᠠᠭᠤᠵᠢᠯ︾ ᠨᠢ ᠬᠥᠮᠥᠨ ᠢ ᠬᠡᠪᠡᠯᠢ ᠡᠪᠡᠳᠬᠦ᠂ ᠭᠡᠳᠡᠰᠦ ᠬᠥᠭᠡᠭᠡᠬᠦ᠂ ᠳᠤᠷ᠎ᠠ ᠪᠣᠯᠭᠢᠵᠤ ᠪᠥᠭᠡᠯᠵᠢᠬᠦ ᠵᠡᠷᠭᠡ ᠰᠢᠩᠭᠡᠭᠡᠯᠲᠡ ᠶᠢᠨ ᠵᠠᠮ ᠤᠨ ᠡᠪᠡᠳᠴᠢᠨ ᠤ ᠢᠯᠡᠷᠡᠯ ᠲᠠᠢ ᠪᠣᠯᠭᠠᠵᠤ᠂ ᠴᠢᠨᠠᠭᠰᠢᠯᠠᠪᠠᠯ ᠭᠡᠳᠡᠰᠦᠨ ᠤ ᠲᠦᠭᠵᠢᠷᠡᠯ ᠪᠤᠶᠤ ᠰᠢᠩᠭᠡᠭᠡᠯᠲᠡ ᠶᠢᠨ ᠵᠠᠮ ᠠᠴᠠ ᠴᠢᠰᠤ ᠭᠠᠷᠬᠤ ᠡᠪᠡᠳᠴᠢᠨ ᠪᠣᠯᠵᠤ᠂ ᠬᠦᠨᠳᠦ ᠨᠣᠴᠢᠲᠠᠢ ᠨᠢ ᠮᠡᠰᠡ ᠵᠠᠰᠠᠯ ᠢᠶᠠᠷ ᠳᠡᠮᠵᠢᠨ ᠡᠮᠨᠡᠨ ᠵᠠᠰᠠᠬᠤ ᠬᠡᠷᠡᠭᠲᠡᠢ ᠪᠠᠶᠢᠳᠠᠭ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号