ᠲᠠᠮᠢᠷ ᠤᠨ ᠬᠥᠳᠡᠯᠭᠡᠭᠡᠨ ᠳᠤ ᠣᠷᠤᠯᠴᠠᠬᠤ ᠤᠷᠮ᠎ᠠ ᠶᠢ ᠬᠡᠷᠬᠢᠨ ᠲᠡᠭᠡᠭᠰᠢᠯᠡᠬᠦᠯᠬᠦ ᠪᠤᠢ︖
ᠨᠡᠶᠢᠲᠡᠯᠡᠭᠰᠡᠨ ᠴᠠᠭ᠄
2022/12/2
   ᠲᠠᠮᠢᠷ ᠤᠨ ᠬᠥᠳᠡᠯᠭᠡᠭᠡᠨ ᠳᠤ ᠣᠷᠤᠯᠴᠠᠬᠤ ᠤᠷᠮ᠎ᠠ ᠶᠢ ᠬᠡᠷᠬᠢᠨ ᠲᠡᠭᠡᠭᠰᠢᠯᠡᠬᠦᠯᠬᠦ ᠪᠤᠢ︖      ᠲᠠᠮᠢᠷ ᠤᠨ ᠬᠥᠳᠡᠯᠭᠡᠭᠡᠨ ᠳᠤ ᠣᠷᠤᠯᠴᠠᠬᠤ ᠨᠢ ᠪᠡᠶ᠎ᠡ ᠮᠠᠬᠠᠪᠤᠳ ᠲᠤ ᠠᠰᠢᠭᠲᠠᠢ ᠭᠡᠳᠡᠭ ᠢ ᠳᠠᠶᠠᠭᠠᠷ ᠪᠦᠷ ᠮᠡᠳᠡᠳᠡᠭ ᠴᠤ᠂ ᠪᠠᠶᠢᠩᠭᠤ ᠪᠠᠷᠢᠮᠲᠠᠯᠠᠬᠤ ᠳᠤ ᠬᠦᠴᠢᠷ ᠪᠠᠶᠢᠳᠠᠭ᠃ ᠠᠩᠭ᠍ᠯᠢ ᠶᠢᠨ ᠲᠠᠮᠢᠷ ᠤᠨ ᠳᠠᠰᠬᠠᠯᠵᠢᠭᠤᠯᠤᠭᠴᠢ Ucoach ᠲᠠᠮᠢᠷ ᠤᠨ ᠬᠥᠳᠡᠯᠭᠡᠭᠡᠨ ᠳᠤ ᠣᠷᠤᠯᠴᠠᠬᠤ ᠤᠷᠮ᠎ᠠ ᠶᠢ ᠲᠡᠭᠡᠭᠰᠢᠯᠡᠬᠦᠯᠬᠦ ᠲᠠᠪᠤᠨ ᠠᠷᠭ᠎ᠠ ᠶᠢ ᠰᠤᠳᠤᠯᠤᠨ ᠭᠠᠷᠭᠠᠭᠰᠠᠨ ᠶᠤᠮ᠃ ᠨᠢᠭᠡᠳᠦᠭᠡᠷ ᠲᠤ᠂ ᠲᠣᠬᠢᠯᠢᠭ ᠱᠠᠬᠠᠢ ᠪᠡᠯᠡᠳᠬᠡᠨ᠎ᠡ᠃ ᠲᠠᠮᠢᠷ ᠤᠨ ᠬᠡᠷᠡᠭᠰᠡᠯ ᠤᠨ ᠲᠤᠰᠬᠠᠢ ᠳᠡᠯᠭᠡᠭᠦᠷ ᠲᠤ ᠬᠦᠷᠴᠦ ᠬᠥᠳᠡᠯᠭᠡᠭᠡᠨ ᠬᠢᠬᠦ ᠳᠤ ᠲᠣᠬᠢᠷᠠᠮᠵᠢᠲᠠᠢ ᠱᠠᠬᠠᠢ ᠬᠤᠳᠠᠯᠳᠤᠨ ᠠᠪᠬᠤ ᠨᠢ ᠪᠡᠶ᠎ᠡ ᠳᠤ ᠠᠰᠢᠭᠲᠠᠢ ᠪᠠᠷ ᠪᠠᠷᠠᠬᠤ ᠦᠭᠡᠢ᠂ ᠲᠠᠮᠢᠷ ᠤᠨ ᠬᠥᠳᠡᠯᠭᠡᠭᠡᠨ ᠳᠤ ᠣᠷᠤᠯᠴᠠᠬᠤ ᠤᠷᠮ᠎ᠠ ᠶᠢ ᠴᠤ ᠬᠥᠭᠵᠢᠭᠡᠳᠡᠭ᠃ ᠬᠤᠶᠠᠳᠤᠭᠠᠷ ᠲᠤ᠂ ᠬᠠᠷᠠᠯᠲᠠ ᠪᠠᠨ ᠲᠣᠭᠲᠠᠭᠠᠨ᠎ᠠ᠃ ᠨᠢᠭᠡ ᠡᠳᠦᠷ ᠲᠤ ᠬᠡᠳᠦᠢ ᠴᠠᠭ ᠬᠥᠳᠡᠯᠭᠡᠭᠡᠨ ᠬᠢᠬᠦ ᠪᠤᠶᠤ ᠬᠡᠳᠦᠢ ᠬᠤᠯᠠ ᠵᠠᠢ ᠬᠦᠶᠦᠬᠦ ᠭᠡᠬᠦ ᠵᠡᠷᠭᠡ ᠶᠢ ᠵᠢᠭᠰᠠᠭᠠᠵᠤ ᠭᠠᠷᠭᠠᠨ᠎ᠠ᠃ ᠪᠠᠰᠠ ᠪᠡᠶ᠎ᠡ ᠶᠢᠨ ᠬᠦᠨᠳᠦ ᠪᠠᠨ ᠬᠡᠳᠦᠢ ᠺᠢᠯᠦᠭᠷᠡᠮ ᠪᠠᠭᠤᠷᠠᠭᠤᠯᠬᠤ ᠪᠠᠷ ᠬᠠᠷᠠᠯᠲᠠ ᠪᠤᠯᠭᠠᠵᠦ ᠪᠣᠯᠣᠨ᠎ᠠ᠃ ᠡᠶᠢᠮᠦᠷᠬᠦ ᠲᠣᠳᠣᠷᠬᠠᠢ ᠬᠠᠷᠠᠯᠲᠠ ᠲᠥᠯᠥᠪᠯᠡᠭᠡ ᠨᠢ ᠮᠠᠰᠢ ᠴᠢᠩᠭ᠎ᠠ ᠬᠥᠳᠡᠯᠭᠡᠭᠴᠢ ᠬᠦᠴᠦᠨ ᠪᠣᠯᠵᠤ᠂ ᠲᠠᠮᠢᠷ ᠤᠨ ᠬᠥᠳᠡᠯᠭᠡᠭᠡᠨ ᠢ ᠪᠠᠶᠢᠩᠭᠤ ᠪᠠᠷᠢᠮᠲᠠᠯᠠᠬᠤ ᠳᠤ ᠲᠤᠰᠠᠯᠠᠬᠤ ᠪᠣᠯᠣᠨ᠎ᠠ᠃ ᠭᠤᠷᠪᠠᠳᠤᠭᠠᠷ ᠲᠤ᠂ ᠬᠥᠳᠡᠯᠭᠡᠭᠡᠨ ᠬᠢᠬᠦ ᠲᠠᠯᠠᠪᠤᠷ ᠢᠶᠠᠨ ᠦᠷᠬᠦᠯᠵᠢ ᠰᠣᠯᠢᠵᠤ ᠪᠠᠶᠢᠪᠠᠯ ᠰᠠᠶᠢᠨ᠃ ᠳᠥᠷᠪᠡᠳᠦᠭᠡᠷ ᠲᠤ᠂ ᠨᠠᠶᠢᠵᠠ ᠨᠥᠬᠦᠳ ᠢᠶᠠᠨ ᠴᠤᠭᠯᠠᠭᠤᠯᠤᠨ᠂ ᠬᠠᠮᠲᠤ ᠪᠠᠷ ᠴᠠᠭ ᠪᠣᠯᠵᠣᠨ ᠬᠥᠳᠡᠯᠭᠡᠭᠡᠨ ᠬᠢᠨ᠎ᠡ᠃ ᠲᠠᠪᠤᠳᠤᠭᠠᠷ ᠲᠤ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠬᠦᠭᠡᠷᠦᠮᠵᠢ ᠶᠢ ᠠᠰᠢᠭᠯᠠᠨ᠎ᠠ᠃ ᠵᠢᠱᠢᠶᠡᠯᠡᠪᠡᠯ ᠭᠠᠷ ᠤᠲᠠᠰᠤᠨ ᠳᠠᠭᠠᠨ ᠣᠶᠤᠨᠴᠢ ᠬᠡᠷᠡᠭᠯᠡᠭᠡᠨ ᠤ ᠰᠢᠰᠲ᠋ᠧᠮ ᠤᠭᠰᠠᠷᠠᠨ᠂ ᠲᠡᠭᠦᠨ ᠳᠡᠭᠡᠷᠡᠬᠢ ᠬᠥᠳᠡᠯᠭᠡᠭᠡᠨ ᠤ ᠲᠥᠰᠥᠪ ᠢᠶᠠᠷ ᠬᠥᠳᠡᠯᠭᠡᠭᠡᠨ ᠬᠢᠬᠦ ᠪᠤᠶᠤ ᠬᠥᠳᠡᠯᠭᠡᠭᠡᠨ ᠬᠢᠭᠰᠡᠨ ᠪᠠᠶᠢᠳᠠᠯ ᠢᠶᠠᠨ ᠬᠢᠨᠠᠨ ᠬᠡᠮᠵᠢᠵᠦ ᠪᠣᠯᠣᠨ᠎ᠠ᠃ ᠪᠠᠰᠠ ᠭᠠᠷ ᠤᠲᠠᠰᠤᠨ ᠤ ᠵᠥᠭᠡᠯᠡᠨ ᠲᠤᠨᠤᠭ ᠢ ᠠᠰᠢᠭᠯᠠᠨ᠂ ᠰᠦᠯᠵᠢᠶᠡᠨ ᠳᠡᠭᠡᠷ᠎ᠡ ᠨᠠᠶᠢᠵᠠ ᠨᠥᠬᠦᠳ ᠲᠠᠢ ᠪᠠᠨ ᠪᠣᠯᠵᠣᠨ ᠤᠷᠤᠯᠳᠤᠵᠦ ᠪᠣᠯᠣᠨ᠎ᠠ᠃ ᠡᠳᠦᠷ ᠪᠦᠷᠢ ᠬᠦᠶᠦᠬᠦ ᠨᠢ ᠡᠷᠡᠭᠲᠡᠶᠢᠴᠦᠳ ᠤᠨ ᠠᠮᠢ ᠨᠠᠰᠤ ᠶᠢ 6.2 ᠵᠢᠯ᠂ ᠡᠮᠡᠭᠲᠡᠶᠢᠴᠦᠳ ᠤᠨ ᠠᠮᠢ ᠨᠠᠰᠤ ᠶᠢ 5.6 ᠵᠢᠯ ᠤᠷᠲᠤᠳᠬᠠᠬᠤ ᠪᠣᠯᠣᠨ᠎ᠠ᠃ ᠭᠠᠷᠠᠭ ᠪᠦᠷᠢ 60 - 150 ᠮᠢᠨᠦ᠋ᠲ ᠬᠦᠶᠦᠬᠦ ᠶᠢ ᠪᠠᠷᠢᠮᠲᠠᠯᠠᠭᠠᠷᠠᠢ᠃
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号