ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠵᠠᠷᠯᠠᠯ                                  ︵56 ᠳ᠋ᠤᠭᠠᠷ
ᠨᠡᠶᠢᠲᠡᠯᠡᠭᠰᠡᠨ ᠴᠠᠭ᠄
2022/12/5
ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ  ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠵᠠᠷᠯᠠᠯ                                  ︵56 ᠳ᠋ᠤᠭᠠᠷ ᠲᠣᠭᠠᠲᠤ︶    ᠣᠶᠢᠷ᠎ᠠ ᠶᠢᠨ ᠬᠤᠭᠤᠴᠠᠭᠠᠨ ᠳᠤ ᠣᠶᠢᠷ᠎ᠠ ᠬᠠᠪᠢ ᠶᠢᠨ ᠬᠤᠰᠢᠭᠤ ᠰᠢᠶᠠᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠳᠦᠭᠡ ᠬᠤᠰᠢᠭᠤᠨ ᠳᠤ ᠢᠷᠡᠬᠦ ︵ᠪᠤᠴᠠᠵᠤ ᠢᠷᠡᠬᠦ︶ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠳᠣᠣᠷᠠᠬᠢ ᠮᠡᠲᠦ ᠵᠠᠷᠯᠠᠶ᠎ᠠ᠄   ᠨᠢᠭᠡ᠂ ᠮᠠᠨ ᠤ ᠬᠤᠰᠢᠭᠤᠨ ᠳᠤ ᠢᠷᠡᠬᠦ ᠭᠡᠵᠦ ᠪᠠᠶᠢᠭ᠎ᠠ ᠬᠥᠮᠥᠰ ︵ᠮᠠᠨ ᠤ ᠬᠤᠰᠢᠭᠤᠨ ᠠᠴᠠ ᠭᠠᠳᠠᠭᠰᠢ ᠭᠠᠷᠴᠤ ᠪᠤᠴᠠᠵᠤ ᠢᠷᠡᠬᠦ ᠭᠡᠵᠦ ᠪᠠᠶᠢᠭ᠎ᠠ ᠬᠥᠮᠥᠰ ᠢ ᠪᠠᠭᠲᠠᠭᠠᠨ᠎ᠠ︶᠂ ᠨᠡᠶᠢᠭᠡᠮ ᠲᠣᠭᠤᠷᠢᠭ ︵ᠭᠠᠴᠠᠭ᠎ᠠ︶᠂ ᠰᠠᠭᠤᠬᠤ ᠭᠡᠵᠦ ᠪᠠᠶᠢᠭ᠎ᠠ ᠵᠣᠴᠢᠳ ᠤᠨ ᠪᠠᠭᠤᠳᠠᠯ ᠳᠤ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢ 3 ᠡᠳᠦᠷ ᠲᠤ 2 ᠤᠳᠠᠭ᠎ᠠ ᠬᠢᠯᠭᠡᠵᠦ ︵2 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠤᠨ ᠵᠠᠢ ᠨᠢ 24 ᠴᠠᠭ ᠠᠴᠠ ᠳᠡᠭᠡᠭᠰᠢ ᠪᠠᠶᠢᠵᠤ︶᠂ ᠬᠤᠶᠠᠳᠤᠭᠠᠷ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠭᠠᠷᠬᠤ ᠠᠴᠠ ᠡᠮᠦᠨ᠎ᠡ ᠤᠨᠴᠠᠭᠠᠢ ᠴᠢᠬᠤᠯᠠ ᠤᠴᠢᠷ ᠦᠭᠡᠢ ᠪᠣᠯ ᠭᠠᠳᠠᠭᠰᠢ ᠭᠠᠷᠴᠤ ᠪᠣᠯᠬᠤ ᠦᠭᠡᠢ᠂ 7 ᠡᠳᠦᠷ ᠤᠨ ᠳᠣᠲᠣᠷ᠎ᠠ ᠴᠤᠭᠯᠠᠷᠠᠬᠤ ᠦᠭᠡᠢ᠂ ᠬᠠᠮᠲᠤ ᠬᠤᠭᠤᠯᠠᠯᠠᠬᠤ ᠦᠭᠡᠢ᠂ ᠬᠥᠮᠥᠨ ᠬᠠᠷ᠎ᠠ ᠴᠤᠭᠯᠠᠷᠠᠭᠰᠠᠨ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠦᠭᠡᠢ ᠪᠠᠶᠢᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ ᠦᠭᠡᠢ ᠪᠠᠶᠢᠬᠤ ᠬᠡᠷᠡᠭᠲᠡᠢ᠃   ᠬᠤᠶᠠᠷ᠂ ᠠᠶᠢᠮᠠᠭ ᠤᠨ ᠳᠣᠲᠣᠷ᠎ᠠ ᠪᠤᠶᠤ ᠠᠶᠢᠮᠠᠭ ᠤᠨ ᠭᠠᠳᠠᠨᠠᠬᠢ ᠭᠠᠵᠠᠷ ᠣᠷᠣᠨ ᠠᠴᠠ ᠮᠡᠳᠡᠭᠦᠯᠦᠨ ᠢᠷᠡᠭᠰᠡᠨ ᠨᠢᠭᠲᠠ ᠣᠶᠢᠷᠠᠲᠤᠭᠰᠠᠳ ᠪᠠ ᠮᠠᠨ ᠤ ᠬᠤᠰᠢᠭᠤᠨ ᠤ ᠮᠠᠭᠠᠳᠯᠠᠨ ᠲᠣᠭᠲᠠᠭᠠᠭᠰᠠᠨ ᠨᠢᠭᠲᠠ ᠣᠶᠢᠷᠠᠲᠤᠭᠰᠠᠳ ᠲᠤ ︽5 ᠡᠳᠦᠷ ᠨᠢᠭᠡᠳᠦᠯᠲᠡᠢ ᠲᠤᠰᠠᠭᠠᠷᠯᠠᠬᠤ + 3 ᠡᠳᠦᠷ ᠭᠡᠷ ᠲᠤᠨᠢ ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠭᠡᠷ ᠲᠤᠨᠢ ᠲᠤᠰᠠᠭᠠᠷᠯᠠᠬᠤ ᠦᠶ᠎ᠡ ᠳᠤ᠂ ᠬᠠᠮᠲᠤ ᠰᠠᠭᠤᠭ᠎ᠠ ᠬᠥᠮᠥᠰ ᠲᠠᠢ ᠨᠢ ᠬᠠᠮᠲᠤ ᠳᠤᠨᠢ ᠬᠠᠮᠢᠶᠠᠷᠤᠨ ᠡᠵᠡᠮᠳᠡᠵᠦ᠂ ᠭᠠᠳᠠᠭᠰᠢ ᠭᠠᠷᠴᠤ ᠪᠣᠯᠬᠤ ᠦᠭᠡᠢ᠂ ᠨᠢᠭᠡᠳᠦᠯᠲᠡᠢ ᠲᠤᠰᠠᠭᠠᠷᠯᠠᠭᠰᠠᠨ 1᠂ 2 ᠂ 3᠂ 5 ᠳ᠋ᠤᠭᠠᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠭᠡᠷ ᠲᠤᠨᠢ ᠲᠤᠰᠠᠭᠠᠷᠯᠠᠭᠰᠠᠨ 1᠂ 3 ᠳ᠋ᠤᠭᠠᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠡᠷᠪᠡ ᠭᠡᠷ ᠲᠤ ᠪᠠᠨ ᠲᠤᠰᠠᠭᠠᠷᠯᠠᠭᠳᠠᠬᠤ ᠨᠥᠬᠦᠴᠡᠯ ᠦᠭᠡᠢ ᠪᠣᠯ᠂ ᠲᠣᠰ ᠬᠥᠮᠥᠨ ᠨᠢ ᠭᠤᠶᠤᠴᠢᠯᠠᠯ ᠳᠡᠪᠰᠢᠭᠦᠯᠵᠦ᠂ 8 ᠡᠳᠦᠷ ᠨᠢᠭᠡᠳᠦᠯᠲᠡᠢ ᠲᠤᠰᠠᠭᠠᠷᠯᠠᠬᠤ ᠶᠢ ᠬᠡᠷᠡᠭᠵᠢᠭᠦᠯᠵᠦ᠂ 6᠂ 8 ᠳ᠋ᠤᠭᠠᠷ ᠡᠳᠦᠷ ᠲᠤ ᠲᠣᠰ ᠲᠣᠰ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃   ᠭᠤᠷᠪᠠ᠂ ᠠᠶᠢᠮᠠᠭ ᠤᠨ ᠳᠣᠲᠣᠷ᠎ᠠ ᠪᠤᠶᠤ ᠠᠶᠢᠮᠠᠭ ᠤᠨ ᠭᠠᠳᠠᠨᠠᠬᠢ ᠬᠢᠵᠢᠭ ᠤᠨ ᠥᠨᠳᠥᠷ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠬᠦ ︵ᠪᠤᠴᠠᠵᠤ ᠢᠷᠡᠬᠦ︶ ᠬᠥᠮᠥᠰ ᠲᠤ ︽7 ᠡᠳᠦᠷ ᠤᠨ ᠭᠡᠷ  ᠲᠤᠨᠢ ᠲᠤᠰᠠᠭᠠᠷᠯᠠᠬᠤ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠭᠡᠷ ᠲᠤᠨᠢ ᠲᠤᠰᠠᠭᠠᠷᠯᠠᠬᠤ ᠦᠶ᠎ᠡ ᠳᠤ᠂ ᠬᠠᠮᠲᠤ ᠰᠠᠭᠤᠭ᠎ᠠ ᠬᠥᠮᠥᠰ ᠲᠠᠢ ᠨᠢ ᠬᠠᠮᠲᠤ ᠳᠤᠨᠢ ᠬᠠᠮᠢᠶᠠᠷᠤᠨ ᠡᠵᠡᠮᠳᠡᠵᠦ᠂ ᠭᠠᠳᠠᠭᠰᠢ ᠭᠠᠷᠴᠤ ᠪᠣᠯᠬᠤ ᠦᠭᠡᠢ᠃ ᠬᠡᠷᠪᠡ ᠭᠡᠷ ᠲᠡᠭᠡᠨ ᠲᠤᠰᠠᠭᠠᠷᠯᠠᠭᠳᠠᠬᠤ ᠨᠥᠬᠦᠴᠡᠯ ᠦᠭᠡᠢ ᠪᠣᠯ᠂ ᠲᠤᠰ ᠬᠥᠮᠥᠨ ᠨᠢ ᠭᠤᠶᠤᠴᠢᠯᠠᠯ ᠳᠡᠪᠰᠢᠭᠦᠯᠵᠦ᠂ ᠨᠢᠭᠡᠳᠦᠯᠲᠡᠢ ᠲᠤᠰᠠᠭᠠᠷᠯᠠᠬᠤ ᠪᠣᠯᠭᠠᠨ᠎ᠠ᠃ ᠲᠤᠰᠠᠭᠠᠷᠯᠠᠬᠤ ᠬᠤᠭᠤᠴᠠᠭᠠᠨ ᠤ 1᠂ 3᠂ 5᠂ 7 ᠳ᠋ᠤᠭᠠᠷ ᠡᠳᠦᠷ ᠲᠤ ᠲᠣᠰ ᠲᠣᠰ 1 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃   ᠳᠥᠷᠪᠡ᠂ ᠠᠶᠢᠮᠠᠭ ᠤᠨ ᠳᠣᠲᠣᠷ᠎ᠠ ᠪᠤᠶᠤ ᠠᠶᠢᠮᠠᠭ ᠤᠨ ᠭᠠᠳᠠᠨᠠᠬᠢ ᠬᠢᠵᠢᠭ ᠤᠨ ᠳᠣᠣᠷ᠎ᠠ ᠲᠦᠭᠰᠢᠭᠦᠷᠢ ᠲᠠᠢ ᠭᠠᠵᠠᠷ ᠣᠷᠣᠨ ᠠᠴᠠ ︵ᠬᠢᠵᠢᠭ ᠤᠨ ᠥᠨᠳᠥᠷ ᠲᠦᠭᠰᠢᠭᠦᠷᠢ ᠲᠠᠢ ᠣᠷᠣᠨ ᠳᠤ ᠪᠠᠶᠢᠭ᠎ᠠ ᠰᠢᠶᠠᠨ᠂ ᠬᠤᠲᠠ᠂ ᠲᠣᠭᠤᠷᠢᠭ᠂ ᠬᠤᠰᠢᠭᠤᠨ ᠤ ᠪᠤᠰᠤᠳ ᠭᠠᠵᠠᠷ ᠣᠷᠣᠨ᠂ ᠰᠢᠭᠤᠳ ᠬᠠᠷᠢᠶ᠎ᠠ ᠬᠤᠲᠠ ᠶᠢᠨ ᠲᠣᠭᠤᠷᠢᠭ ᠢ ᠵᠢᠭᠠᠵᠤ ᠪᠣᠶ ︶ ᠮᠠᠨ ᠤ ᠬᠤᠰᠢᠭᠤᠨ ᠳᠤ ᠢᠷᠡᠬᠦ ︵ᠪᠤᠴᠠᠵᠤ ᠢᠷᠡᠬᠦ︶ ᠬᠥᠮᠥᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ︽3 ᠡᠳᠦᠷ ᠭᠡᠷ ᠲᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ ᠳᠡᠶᠢᠯᠬᠦ ᠦᠭᠡᠢ ᠪᠣᠯ᠂ ᠪᠠᠭᠤᠭᠰᠠᠨ ᠭᠠᠵᠠᠷ ᠲᠠᠭᠠᠨ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠬᠢᠯᠭᠡᠵᠦ ᠪᠠᠷᠠᠮᠠᠭᠴᠠ ᠶᠠᠪᠤᠵᠤ ᠪᠣᠯᠣᠨ᠎ᠠ᠃   ᠲᠠᠪᠤ᠂ ᠬᠡᠰᠡᠭ ᠭᠠᠵᠠᠷ ᠣᠷᠣᠨ ᠤ ᠬᠢᠵᠢᠭ ᠤᠨ ᠪᠠᠶᠢᠳᠠᠯ ᠮᠥᠨᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠬᠤ ᠶᠢ ᠦᠨᠳᠦᠰᠦᠯᠡᠨ᠂ ᠠᠶᠢᠮᠠᠭ᠂ ᠬᠤᠰᠢᠭᠤ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ᠤᠨ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ   ᠵᠢᠷᠭᠤᠭ᠎ᠠ᠂ ᠮᠠᠨ ᠤ ᠬᠤᠰᠢᠭᠤᠨ ᠳᠤ ᠢᠷᠡᠬᠦ ︵ᠪᠤᠴᠠᠵᠤ ᠢᠷᠡᠬᠦ︶ ᠪᠦᠬᠦᠶᠢᠯᠡ ᠰᠤᠷᠤᠭᠴᠢᠳ ᠢ ᠵᠠᠮ ᠬᠠᠷᠢᠯᠴᠠᠭᠠᠨ ᠤ ᠪᠠᠶᠢᠴᠠᠭᠠᠯᠲᠠ ᠶᠢᠨ ᠴᠡᠭ᠂ ︽ᠨᠢᠭᠡ ᠲᠠᠯᠠᠪᠤᠷ ᠬᠤᠶᠠᠷ ᠥᠷᠲᠡᠭᠡ︾ ᠠᠴᠠ ︽ᠴᠡᠭ ᠠᠴᠠ ᠴᠡᠭ ᠲᠤ ᠬᠦᠷᠭᠡᠬᠦ︾ ᠠᠷᠭ᠎ᠠ ᠪᠠᠷ ᠶᠠᠪᠤᠭᠤᠯᠵᠤ᠂ ᠬᠤᠰᠢᠭᠤᠨ ᠳᠤ ᠪᠤᠴᠠᠨ ᠢᠷᠡᠬᠦ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠪᠤᠰᠤᠳ ᠬᠥᠮᠥᠨ ᠲᠠᠢ ᠣᠶᠢᠷᠠᠳᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠬᠤᠰᠢᠭᠤᠨ ᠳᠤ ᠢᠷᠡᠭᠰᠡᠨ ᠤ ᠳᠠᠷᠠᠭ᠎ᠠ᠂ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠢ ᠬᠠᠮᠵᠢᠯᠴᠠᠨ᠎ᠠ᠃   ᠲᠤᠯᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠠᠮᠵᠢᠯᠴᠠᠬᠤ ᠦᠭᠡᠢ ᠠᠴᠠ ᠪᠣᠯᠵᠤ ᠬᠢᠵᠢᠭ ᠤᠨ ᠪᠠᠶᠢᠳᠠᠯ ᠢ ᠲᠠᠷᠬᠠᠭᠠᠨ ᠳᠡᠯᠭᠡᠷᠡᠭᠦᠯᠦᠭᠰᠡᠨ ᠪᠠᠶᠢᠪᠠᠯ ᠬᠠᠮᠢᠶ᠎ᠠ ᠪᠦᠬᠦᠢ ᠬᠥᠮᠥᠰ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢ ᠦᠨᠳᠦᠰᠦᠯᠡᠨ᠂ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠃ ᠬᠤᠰᠢᠭᠤᠨ ᠳᠤ ᠢᠷᠡᠬᠦ ︵ᠪᠤᠴᠠᠵᠤ ᠢᠷᠡᠬᠦ︶ ᠪᠦᠬᠦᠶᠢᠯᠡ ᠬᠥᠮᠥᠰ ᠣᠶᠢᠯᠠᠭᠠᠨ ᠳᠡᠮᠵᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠬᠠᠮᠵᠢᠯᠴᠠᠬᠤ ᠶᠢ ᠬᠦᠰᠡᠵᠦ ᠪᠠᠶᠢᠨ᠎ᠠ᠃            ᠪᠠᠷᠠᠭᠤᠨ  ᠦᠵᠦᠮᠦᠴᠢᠨ  ᠬᠤᠰᠢᠭᠤᠨ  ᠤ  ᠰᠢᠨ᠎ᠡ  ᠬᠡᠯᠪᠡᠷᠢ   ᠶᠢᠨ  ᠲᠢᠲᠢᠮᠯᠢᠭ  ᠸᠢᠷᠦ᠋ᠰ   ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ                                            2022 ᠣᠨ ᠤ 12 ᠰᠠᠷ᠎ᠠ ᠶᠢᠨ 3 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号