︽ᠲᠠᠯᠠᠪᠤᠷ ᠤᠨ ᠺᠣᠳ᠋︾ ᠶᠢ ᠰᠢᠯᠭᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/5
︽ᠲᠠᠯᠠᠪᠤᠷ ᠤᠨ ᠺᠣᠳ᠋︾ ᠶᠢ ᠰᠢᠯᠭᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ ︽ᠲᠠᠯᠠᠪᠤᠷ ᠤᠨ ᠺᠣᠳ᠋︾ ᠪᠣᠯ ᠬᠠᠯᠳᠠᠪᠤᠷᠢᠲᠤ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠤᠭ ᠦᠨᠳᠦᠰᠦ ︵ᠰᠤᠷᠪᠤᠯᠵᠢ︶ ᠶᠢ ᠡᠷᠢᠬᠦ ᠴᠢᠬᠤᠯᠠ ᠠᠷᠭ᠎ᠠ ᠠᠪᠴᠠᠯ ᠪᠠᠶᠢᠵᠤ᠂ ᠬᠢᠵᠢᠭ ᠤᠨ ᠪᠠᠶᠢᠳᠠᠯ ᠢ ᠤᠨᠤᠪᠴᠢᠲᠠᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠮᠡᠷᠭᠡᠵᠢᠯ ᠤᠨ ᠬᠠᠯᠬᠠᠪᠴᠢ ᠪᠣᠯᠣᠨ᠎ᠠ᠃ ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠯᠠᠨ ᠭᠠᠵᠠᠷ ᠲᠤ ᠲᠠᠷᠬᠠᠵᠤ᠂ ᠣᠨᠴᠠᠭᠠᠶᠢᠯᠠᠨ ᠬᠥᠮᠥᠨ ᠤ ᠤᠷᠤᠰᠬᠠᠯ ᠪᠠ ᠪᠣᠳᠠᠰ ᠤᠨ ᠭᠦᠢᠯᠭᠡᠭᠡᠨ ᠢ ᠳᠠᠭᠠᠯᠳᠤᠨ ᠡᠳᠦᠷ ᠠᠴᠠ ᠡᠳᠦᠷ ᠣᠯᠠᠰᠢᠷᠠᠵᠦ ᠪᠠᠶᠢᠬᠤ ᠪᠤᠯᠬᠤᠷ᠂ ᠮᠠᠨ ᠤ ᠬᠤᠰᠢᠭᠤᠨ ᠤ  ᠭᠠᠳᠠᠨ᠎ᠠ ᠠᠴᠠ ᠬᠠᠯᠳᠠᠪᠤᠷᠢᠯᠠᠨ ᠤᠷᠤᠵᠦ ᠢᠷᠡᠬᠦ ᠶᠢ ᠰᠡᠷᠭᠡᠶᠢᠯᠡᠬᠦ ᠳᠠᠷᠤᠯᠲᠠ ᠥᠷᠭᠦᠯᠵᠢᠯᠡᠨ ᠨᠡᠮᠡᠭᠳᠡᠵᠦ ᠪᠤᠢ᠃ ᠰᠢᠨᠵᠢᠯᠡᠬᠦ ᠤᠬᠠᠭᠠᠨᠴᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠯᠠᠳᠠ᠂ ᠭᠤᠣᠯᠳᠠᠯᠭ᠎ᠠ ᠲᠠᠢ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠤᠯᠠᠳᠠ᠂ ᠡᠳᠦᠭᠡ ︽ᠲᠠᠯᠠᠪᠤᠷ ᠤᠨ ᠺᠣᠳ᠋︾ ᠶᠢ ᠰᠢᠷᠪᠢᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠤᠤᠷ᠎ᠠ ᠮᠡᠳᠡᠭᠳᠡᠶ᠎ᠡ᠄ᠡᠯ᠎ᠡ ᠢᠳᠡᠭᠡᠨ ᠤᠮᠳᠠᠭᠠᠨ ᠤ ᠦᠢᠯᠡᠴᠢᠯᠡᠭᠡᠨ ᠤ ᠭᠠᠵᠠᠷ᠂ ᠡᠮ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠤᠳ ᠨᠢ ︽ᠬᠡᠨ ᠬᠠᠮᠢᠶᠠᠷᠤᠭᠰᠠᠨ ᠪᠣᠯ ᠬᠡᠨ ᠬᠠᠷᠢᠭᠤᠴᠠᠬᠤ︾  ᠂ ︽ᠬᠡᠨ ᠡᠵᠡᠩᠨᠡᠭᠰᠡᠨ ᠪᠣᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠳᠤᠷᠢᠮᠵᠢᠯᠡᠯ ᠶᠣᠰᠣᠭᠠᠷ ᠠᠬᠤᠢ ᠲᠠᠯᠠᠪᠤᠷ ᠤᠨ ᠺᠣᠳ᠋ ᠶᠢ ᠭᠤᠶᠤᠴᠢᠯᠠᠨ ᠠᠪᠬᠤ ᠶᠢᠨ ᠳᠠᠭᠠᠣ ᠣᠷᠣᠵᠤ ᠭᠠᠷᠬᠤ ᠡᠭᠦᠳᠡᠨ ᠤ ᠢᠯᠡ ᠭᠠᠵᠠᠷ ᠲᠤ ︽ᠲᠠᠯᠠᠪᠤᠷ ᠤᠨ ᠺᠣᠳ᠋︾ ᠶᠢ ᠨᠠᠭᠠᠵᠤ᠂ ᠲᠤᠰᠬᠠᠢ ᠬᠥᠮᠥᠨ ᠲᠣᠬᠢᠷᠠᠭᠤᠯᠤᠨ᠂ ᠪᠠᠶᠢᠴᠠᠭᠠᠨ ᠰᠢᠯᠭᠠᠵᠤ᠂ ︽ᠨᠢᠭᠡ ᠺᠣᠳ᠋ ᠪᠠᠷ ᠤᠯᠠᠨ ᠬᠥᠮᠥᠨ ᠣᠷᠣᠬᠤ︾ ᠶᠢ ᠬᠤᠷᠢᠭᠯᠠᠵᠤ᠂ ︽ᠣᠷᠣᠵᠤ  ᠭᠠᠷᠬᠤ ᠬᠦᠮᠦᠨ ᠪᠦᠬᠦᠨ ᠴᠦᠮ ᠺᠣᠳ᠋ ᠰᠢᠷᠪᠢᠬᠦ᠂ ᠺᠣᠳ᠋ ᠶᠢ ᠪᠠᠶᠢᠴᠠᠭᠠᠬᠤ ᠬᠦᠮᠦᠨ ᠪᠠᠶᠢᠬᠤ᠂ ᠨᠢᠭᠡᠴᠦ ᠬᠦᠮᠦᠨ ᠢ ᠤᠷᠬᠢᠭᠳᠠᠭᠤᠯᠬᠤ ᠦᠭᠡᠢ ᠪᠠᠶᠢᠬᠤ︾ ᠶᠢ ᠪᠠᠲᠤᠯᠠᠬᠤ ᠬᠡᠷᠡᠭᠲᠡᠢ᠃ ᠣᠶᠤᠨᠲᠤ ᠭᠠᠷ ᠤᠲᠠᠰᠤ ᠦᠭᠡᠢ ᠨᠠᠰᠤᠲᠠᠶᠢᠴᠤᠳ ᠪᠤᠶᠤ ᠬᠡᠦᠬᠡᠳ ᠵᠢᠴᠢ ᠤᠨᠴᠠᠭᠠᠢ ᠪᠠᠶᠢᠳᠠᠯ ᠠᠴᠠ ᠪᠣᠯᠵᠦ ᠬᠡᠪ ᠤᠨ ᠶᠣᠰᠣᠭᠠᠷ ᠲᠠᠯᠠᠪᠤᠷ ᠤᠨ ᠺᠣᠳ᠋ ᠶᠢ ᠰᠢᠷᠪᠢᠵᠦ ᠲᠡᠶᠢᠯᠬᠦ ᠦᠭᠡᠢ ᠬᠥᠮᠥᠰ ᠢ ᠲᠡᠮᠳᠡᠭᠯᠡᠨ ᠲᠠᠩᠰᠠᠯᠠᠵᠦ᠂ ᠳᠡᠯᠭᠡᠭᠦᠷ ᠲᠤ ᠤᠷᠤᠵᠦ ᠭᠠᠷᠬᠤ ᠬᠦᠮᠦᠰ ᠢ ᠲᠡᠮᠳᠡᠭᠯᠡᠨ ᠳᠠᠩᠰᠠᠯᠠᠬᠤ ᠠᠵᠢᠯ ᠤᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ᠪᠠᠷᠠᠭᠤᠨ ᠦᠵᠦᠮᠦᠴᠢᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠡᠯᠳᠡᠰ ᠤᠨ ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ︽ᠲᠠᠯᠠᠪᠤᠷ ᠤᠨ ᠺᠣᠳ᠋︾ ᠶᠢ ᠪᠠᠶᠢᠴᠠᠭᠠᠨ ᠰᠢᠯᠭᠠᠬᠤ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠭᠠᠯ ᠶᠣᠰᠣᠭᠠᠷ 10 ᠡᠳᠦᠷ ᠠᠵᠢᠯ ᠵᠣᠭᠰᠣᠭᠠᠨ ᠴᠡᠭᠴᠡᠯᠡᠬᠦ ᠶᠢᠨ ᠬᠠᠮᠲᠤ᠂ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠨ᠎ᠡ᠃ ᠲᠣᠭᠲᠠᠭᠠᠯ ᠶᠣᠰᠣᠭᠠᠷ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠣᠯᠵᠤ᠂ ᠬᠢᠵᠢᠭ ᠤᠨ ᠪᠠᠶᠢᠳᠠᠯ ᠡᠭᠦᠰᠬᠡᠭᠰᠡᠨ ᠪᠠ ᠲᠠᠷᠬᠠᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠠᠵᠢᠯ ᠢ ᠨᠢ ᠵᠣᠭᠰᠣᠭᠠᠨ᠂ ᠡᠵᠡᠩᠨᠡᠯᠲᠡ ᠶᠢᠨ ᠦᠨᠡᠮᠯᠡᠯ ᠢ ᠨᠢ ᠲᠦᠷ ᠦᠯᠡᠳᠡᠭᠡᠨ ᠠᠪᠬᠤ ᠪᠤᠶᠤ ᠬᠤᠷᠢᠶᠠᠨ ᠠᠪᠴᠤ᠂ ᠬᠦᠴᠦᠨ ᠦᠭᠡᠢ ᠪᠤᠯᠭᠠᠬᠤ ᠶᠢᠨ ᠬᠠᠮᠲᠤ ᠲᠠᠪᠤᠨ ᠲᠦᠮᠡᠨ ᠲᠥᠭᠦᠷᠢᠭ ᠠᠴᠠ ᠳᠡᠭᠡᠭᠰᠢ᠂ ᠬᠤᠷᠢᠨ ᠲᠦᠮᠡᠨ ᠲᠥᠭᠦᠷᠢᠭ ᠠᠴᠠ ᠳᠣᠷᠣᠭᠰᠢ ᠲᠤᠷᠠᠭᠠᠵᠤ ᠰᠢᠢᠳᠬᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠃ ᠥᠷᠭᠡᠨ ᠤᠯᠠᠨ ᠡᠵᠡᠩᠨᠡᠭᠴᠢᠳ ︽ᠺᠣᠳ᠋︾ ᠰᠢᠷᠪᠢᠬᠦᠯᠬᠦ ᠠᠵᠢᠯ ᠠᠴᠠ ᠡᠬᠢᠯᠡᠨ  ᠬᠢᠵᠢᠭ ᠤᠨ ᠪᠠᠶᠢᠳᠠᠯ ᠢ ᠰᠡᠷᠭᠡᠶᠢᠯᠡᠬᠦ ᠠᠵᠢᠯ ᠢ ᠨᠠᠶᠢᠳᠠᠪᠤᠷᠢᠵᠢᠭᠤᠯᠵᠦ᠂ ᠤᠬᠠᠮᠰᠠᠷ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠵᠢᠷᠤᠮᠯᠠᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠢᠩᠭ᠎ᠠ ᠰᠠᠬᠢᠵᠤ᠂ ᠡᠨᠡᠬᠦ ᠬᠢᠯᠪᠠᠷ ᠪᠤᠰᠤ ᠪᠠᠷ ᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠬᠦᠯᠬᠦ ᠬᠡᠷᠡᠭᠲᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号