ᠰᠠᠷᠠᠭᠤᠯᠨᠣᠳᠤᠭ ᠭᠠᠴᠠᠭᠠᠨ ᠤ ᠬᠢᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠵᠣ ᠪᠣᠢ
ᠨᠡᠶᠢᠲᠡᠯᠡᠭᠰᠡᠨ ᠴᠠᠭ᠄
2022/12/6
   ᠰᠠᠷᠠᠭᠤᠯᠨᠣᠳᠤᠭ ᠭᠠᠴᠠᠭᠠᠨ ᠤ ᠬᠢᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠵᠣ ᠪᠣᠢ                            11 ᠰᠠᠷ᠎ᠠ ᠶᠢᠨ 30 ᠤ ᠡᠳᠦᠷ ᠪᠠᠶᠠᠨᠬᠤᠰᠢᠭᠤ ᠰᠣᠮᠣᠨ ᠤ ᠰᠠᠷᠠᠭᠤᠯᠨᠣᠳᠤᠭ ᠭᠠᠴᠠᠭᠠᠨ ᠤ ᠨᠠᠮ ᠤᠨ  ᠬᠡᠰᠢᠭᠦᠳ ᠨᠢ  ᠨᠠᠮ ᠤᠨ ᠬᠡᠰᠢᠭᠦᠨ ᠤ ᠳᠣᠭᠳᠠᠮᠠᠯ ᠡᠳᠦᠷ ᠤᠨ ᠠᠵᠢᠯᠯᠠᠭᠠᠨ ᠳᠤ ᠪᠠᠨ ᠬᠤᠷᠢᠳᠣᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠬᠠᠮᠳᠣᠪᠡᠷ ᠰᠣᠷᠣᠯᠴᠠᠵᠣ᠂  ᠬᠤᠰᠢᠭᠤ ᠠᠷᠠᠳ ᠤᠨ ᠲᠦᠯᠦᠭᠡᠯᠡᠭᠴᠢᠳ ᠤᠨ  ᠪᠠᠶᠢᠩᠭᠤ  ᠶᠢᠨ ᠬᠤᠷᠢᠶᠠᠨ ᠤ ᠠᠯᠪᠠᠨ ᠭᠡᠷ   ᠠᠴᠠ ᠲᠠᠭᠠᠭᠠᠴᠢᠯᠠᠭᠰᠠᠨ ᠭᠠᠴᠠᠭᠠᠨ ᠤ ᠪᠠᠨ ᠨᠠᠮ ᠤᠨ ᠬᠡᠰᠢᠭᠦᠳ ᠲᠤ ᠶᠡᠭᠡ ᠬᠤᠷᠠᠯ ᠤᠨ ᠢᠯᠡᠳᠬᠡᠯ ᠢ ᠣᠩᠰᠢᠨ ᠲᠠᠶᠢᠯᠪᠣᠷᠢᠯᠠᠵᠣ ᠦᠭᠭᠦᠭᠰᠡᠨ ᠪᠠᠶᠢᠨ᠎ᠠ᠃      ᠰᠠᠷᠠᠭᠤᠯᠨᠣᠳᠤᠭ ᠭᠠᠴᠠᠭ᠎ᠠ ᠨᠢ ᠲᠣᠰ ᠣᠳᠠᠭᠠᠨ ᠤ  ︿ᠨᠠᠮ ᠤᠨ ᠬᠤᠷᠢᠳᠣᠭᠠᠷ  ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠣᠶ᠎ᠠ  ﹀ ᠭᠡᠬᠦ ᠭᠤᠣᠯ  ᠰᠡᠳᠦᠪᠳᠦ ᠰᠣᠷᠣᠯᠴᠠᠯᠭ᠎ᠠ ᠶᠢᠨ ᠠᠵᠢᠯᠯᠠᠭ᠎ᠠ  ᠳᠠᠭᠠᠨ ᠬᠤᠷᠢᠳᠣᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠣᠯᠣᠨ ᠠᠯᠣᠰ ᠬᠡᠳᠦ ᠶᠢᠨ ᠨᠦᠯᠦᠭᠡ᠂ ᠥᠩᠭᠡᠷᠡᠭᠡᠰᠡᠨ ᠲᠠᠪᠣᠨ  ᠵᠢᠯ ᠤᠨ ᠠᠵᠢᠯ ᠤᠨ ᠪᠣᠳᠠᠳᠣ ᠠᠭᠤᠯᠭ᠎ᠠ  ᠵᠢᠴᠢ ᠣᠳᠣᠬᠢᠴᠢᠯᠠᠯᠲᠠ ᠪᠠᠷ ᠪᠦᠬᠦ ᠲᠠᠯ᠎ᠠ ᠪᠠᠷ ᠠᠬᠢᠭᠤᠯᠬᠤ ᠶᠢᠨ ᠴᠢᠬᠤᠯᠠ ᠠᠭᠤᠯᠣᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠤᠨ ᠲᠣᠬᠠᠢ ᠪᠣᠳᠠᠳᠣ ᠪᠠᠶᠢᠳᠠᠯ  ᠲᠠᠢ ᠪᠠᠨ ᠣᠶᠠᠯᠳᠣᠭᠤᠯᠣᠨ ᠠᠮᠢᠳᠣᠯᠢᠭ ᠰᠠᠶᠢᠬᠠᠨ ᠲᠠᠶᠢᠯᠪᠣᠷᠢᠯᠠᠵᠣ᠂ ᠨᠠᠮ ᠤᠨ ᠬᠡᠰᠢᠬᠦᠨ ᠺᠠᠳ᠋ᠷᠴᠣᠳ ᠥᠪᠡᠷ ᠤᠨ ᠦᠢᠯᠡᠳᠦᠯ ᠴᠢᠳᠠᠪᠬᠢ ᠪᠠᠨ ᠨᠠᠡᠩ ᠰᠠᠶᠢᠨ ᠪᠠᠳᠠᠷᠠᠭᠤᠯᠵᠣ᠂ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠣᠬᠠᠭᠤᠯᠬᠤ ᠶᠢ ᠣᠳᠣᠬᠠᠨ ᠤ ᠪᠠ ᠬᠤᠶᠢᠰᠢᠲᠠ ᠶᠢᠨ ᠨᠢᠭᠡ ᠬᠤᠭᠤᠴᠠᠭᠠᠨ ᠤ ᠲᠡᠷᠢᠬᠦᠨ ᠴᠢᠬᠤᠯᠠ ᠡᠭᠦᠷᠬᠡ ᠪᠣᠯᠭᠠᠨ ᠂ ᠮᠠᠯᠴᠢᠳ ᠤᠨ ᠢᠶᠠᠨ ᠲᠣᠮᠳᠠ ᠵᠢᠱᠢᠶᠡᠴᠢ ᠲᠠᠭᠠᠭᠤᠯᠣᠭᠴᠢ ᠶᠢᠨ ᠦᠢᠯᠡᠳᠦᠯ ᠢᠶᠠᠨ  ᠪᠠᠳᠠᠷᠠᠭᠤᠯᠣᠨ᠂  ᠬᠤᠷᠠᠯ ᠤᠨ ᠵᠣᠷᠢᠭ ᠰᠠᠨᠠᠭ᠎ᠠ ᠶᠢ ᠪᠣᠳᠠᠳᠣ ᠠᠵᠢᠯ ᠤᠨ ᠲᠣᠮᠳᠠ   ᠪᠠᠨ  ᠲᠣᠣᠱᠯᠠᠭᠤᠯᠵᠣ ᠪᠣᠳᠠᠳᠣ ᠦᠷ᠎ᠠ ᠪᠦᠳᠦᠮᠵᠢᠲᠠᠢ ᠠᠵᠢᠯ ᠬᠢᠬᠦ ᠶᠢ ᠵᠣᠷᠢᠭᠵᠢᠭᠤᠯᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号