ᠡᠪᠡᠰᠦ ᠬᠠᠳᠤᠬᠤ
ᠨᠡᠶᠢᠲᠡᠯᠡᠭᠰᠡᠨ ᠴᠠᠭ᠄
2022/12/8
                  ᠡᠪᠡᠰᠦ ᠬᠠᠳᠤᠬᠤ     ᠦᠵᠦᠮᠦᠴᠢᠨ ᠳᠤ ᠠᠯᠢ ᠡᠷᠲᠡ ᠠᠴᠠ ᠡᠪᠡᠰᠦ ᠶᠢ ᠨᠤᠭᠤᠭᠠᠨ ᠢᠶᠠᠷ ᠨᠢ ᠬᠠᠳᠤᠵᠦ ᠲᠡᠭᠡᠭᠡᠵᠦ᠂ ᠫᠧᠩ ᠰᠠᠷᠠᠪᠴᠢ ᠳᠠᠭᠠᠨ ᠤᠷᠤᠭᠤᠯᠵᠦ᠂ ᠡᠪᠦᠯ ᠬᠠᠪᠤᠷ ᠤᠨ ᠬᠤᠭᠤᠴᠠᠭᠠᠨ ᠳᠤ ᠪᠠᠭᠤᠷᠠᠢ ᠳᠤᠷᠤᠢ ᠮᠠᠯ ᠢᠶᠠᠨ ᠡᠪᠡᠰᠦᠯᠡᠬᠦ᠂ ᠤᠨᠤᠯᠭ᠎ᠠ ᠶᠢᠨ ᠮᠣᠷᠢ ᠪᠠᠨ ᠡᠪᠡᠰᠦᠯᠡᠬᠦ ᠶᠢᠨ ᠬᠠᠮᠳᠤ᠂ ᠭᠠᠮᠰᠢᠭ ᠲᠠᠢ ᠲᠡᠮᠡᠴᠡᠵᠦ᠂ ᠮᠠᠯ ᠢᠶᠠᠨ ᠮᠡᠨᠳᠦ ᠤᠨᠳᠤᠷᠤᠭᠤᠯᠬᠤ ᠶᠢᠨ ᠡᠪᠡᠰᠦ ᠪᠤᠷᠳᠤᠭᠠᠨ ᠤ ᠪᠡᠯᠡᠳᠬᠡᠯ ᠪᠤᠯᠭᠠᠵᠦ ᠢᠷᠡᠵᠡᠢ᠃ ᠡᠭᠦᠨ ᠤ ᠡᠪᠡᠰᠦ ᠬᠠᠳᠤᠬᠤ ᠭᠡᠳᠡᠭ ᠪᠠ ︽ᠡᠪᠦᠯᠵᠢᠶ᠎ᠡ ᠳᠠᠷᠤᠬᠤ︾ ᠭᠡᠳᠡᠭ᠃     ︽ᠡᠪᠡᠰᠦ ᠬᠠᠳᠤᠬᠤ︾ ᠪᠣᠯ ᠦᠵᠦᠮᠦᠴᠢᠨ ᠤ ᠨᠡᠶᠢᠭᠡᠮ ᠲᠠᠶᠠᠭᠠᠷ ᠤᠨ ᠨᠠᠮᠦᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠢᠵᠦ ᠬᠦᠢᠴᠡᠳᠬᠡᠬᠦ ᠨᠢᠭᠡᠨ ᠵᠠᠩᠭᠢᠯᠠᠭ᠎ᠠ ᠶᠢᠨ ᠴᠢᠨᠠᠷ ᠲᠠᠢ ᠭᠤᠣᠯ ᠠᠵᠢᠯ ᠪᠤᠯᠤᠨ᠎ᠠ᠃ ᠡᠶᠢᠮᠦ ᠠᠴᠠ ᠡᠪᠡᠰᠤ ᠬᠠᠳᠤᠬᠤ ᠬᠤᠭᠤᠴᠠᠭᠠᠨ ᠳᠤ ᠪᠠᠷᠤᠭ ᠡᠪᠦᠭᠡᠳ ᠨᠠᠰᠤᠳᠠᠨ ᠭᠡᠤᠭᠡᠳ ᠪᠠᠭᠠᠴᠤᠳ ᠬᠦᠮᠦᠨ ᠪᠦᠷᠢ ᠬᠦᠳᠡᠯᠦᠯᠴᠡᠳᠡᠭ᠃ ᠡᠪᠡᠰᠦ ᠶᠢ ᠦᠩᠭᠡᠷᠡᠭᠰᠡᠨ ᠳᠤ ᠪᠦᠷᠢ ᠰᠠᠩᠳᠤᠤ ᠪᠠᠷ ᠬᠠᠳᠤᠨ᠎ᠠ᠃ ᠡᠨᠡ ᠠᠵᠢᠯ  ᠨᠢ ᠪᠢᠯᠢᠭ ᠤᠨ ᠤᠯᠠᠷᠢᠯ ᠤᠨ ᠰᠠᠷ᠎ᠠ ᠶᠢᠨ 7 ᠰᠠᠷ᠎ᠠ ᠶᠢᠨ ᠰᠡᠭᠦᠯᠴᠢ ᠠᠴᠠ 8 ᠰᠠᠷ᠎ᠠ ᠶᠢᠨ ᠰᠡᠬᠦᠯ ᠬᠦᠷᠲᠡᠯ᠎ᠡ ᠰᠠᠷ᠎ᠠ ᠢᠯᠡᠬᠦᠦ ᠶᠢᠨ ᠬᠤᠭᠤᠴᠠᠭ᠎ᠠ ᠶᠠᠪᠤᠭᠳᠠᠨ᠎ᠠ᠃
 
ᠢᠷᠡᠯᠲᠡ᠄ ᠦᠵᠦᠮᠦᠴᠢᠨ ᠠᠢᠮᠠᠭ ᠨᠣᠮ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号