ᠨᠢᠭᠡ ᠴᠠᠭ ᠰᠠᠭᠤᠪᠠᠯ ᠬᠤᠶᠠᠷ ᠮᠢᠨᠦ᠋ᠲ ᠠᠯᠬᠤᠭᠠᠷᠠᠢ︕
ᠨᠡᠶᠢᠲᠡᠯᠡᠭᠰᠡᠨ ᠴᠠᠭ᠄
2022/12/8
             ᠨᠢᠭᠡ ᠴᠠᠭ ᠰᠠᠭᠤᠪᠠᠯ ᠬᠤᠶᠠᠷ ᠮᠢᠨᠦ᠋ᠲ ᠠᠯᠬᠤᠭᠠᠷᠠᠢ︕       ᠭᠡᠷ ᠪᠦᠯᠢ ᠶᠢᠨ ᠭᠡᠰᠢᠭᠦᠨ ᠪᠡᠶ᠎ᠡ ᠮᠠᠬᠠᠪᠤᠳ ᠤᠨ ᠡᠷᠡᠭᠦᠯ ᠡᠩᠬᠡ ᠶᠢ ᠣᠨᠴᠠ ᠠᠩᠬᠠᠷᠬᠤ ᠬᠡᠷᠡᠭᠲᠡᠢ᠃     ᠶᠠᠳᠠᠷᠠᠬᠤ ᠶᠢᠨ ᠲᠣᠳᠣᠷᠬᠠᠶᠢᠯᠠᠯᠲᠠ ᠶᠢ ᠦᠨᠳᠦᠰᠦᠯᠡᠪᠡᠯ᠂ ᠶᠠᠮᠠᠷ ᠨᠢᠭᠡᠨ ᠢᠵᠢᠯ ᠲᠦᠷᠦᠯ ᠤᠨ ᠠᠵᠢᠯ ᠢ ᠤᠳᠠᠭᠠᠨ ᠬᠢᠭᠡᠳ ᠯᠡ ᠪᠠᠶᠢᠪᠠᠯ ᠳᠠᠷᠤᠢ ᠶᠠᠳᠠᠷᠠᠨ᠎ᠠ᠂ ᠡᠶᠢᠮᠦ ᠠᠴᠠ ᠤᠳᠠᠭᠠᠨ ᠰᠠᠭᠤᠬᠤ ᠨᠢ ᠬᠥᠮᠥᠨ ᠤ ᠪᠡᠶ᠎ᠡ ᠳᠤ ᠶᠡᠭᠡ ᠮᠠᠭᠤ ᠪᠥᠭᠡᠳ ᠮᠥᠨ ᠶᠠᠳᠠᠷᠠᠵᠤ ᠪᠠᠶᠢᠳᠠᠭ᠃ ᠠᠮᠧᠷᠢᠺᠠ ᠶᠢᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ 1 ᠴᠠᠭ ᠰᠠᠭᠤᠪᠠᠯ 2 ᠮᠢᠨᠦ᠋ᠲ ᠠᠯᠬᠤᠬᠤ ᠨᠢ ᠦᠬᠦᠬᠦ ᠠᠶᠤᠯ ᠢ ᠵᠠᠭᠤᠨ ᠤ ᠭᠤᠴᠢᠨ ᠭᠤᠷᠪᠠ ᠪᠠᠷ ᠪᠠᠭᠤᠷᠠᠭᠤᠯᠳᠠᠭ᠃ ᠢᠯᠠᠩᠭᠤᠶ᠎ᠠ‌‍ᠲ᠋ᠡᠳᠡᠭᠡᠷ ᠤᠳᠠᠭᠠᠨ ᠴᠢᠨᠠᠷ ᠲᠠᠢ ᠪᠥᠭᠡᠷ᠎ᠡ ᠶᠢᠨ ᠡᠪᠡᠳᠴᠢᠲᠡᠨ ᠤ ᠦᠬᠦᠬᠦ ᠠᠶᠤᠯ ᠢ ᠵᠠᠭᠤᠨ ᠤ ᠳᠥᠴᠢᠨ ᠨᠢᠭᠡ ᠪᠠᠷ ᠪᠠᠭᠤᠷᠠᠭᠤᠯᠳᠠᠭ᠃ ᠤᠳᠠᠭᠠᠨ ᠰᠠᠭᠤᠵᠤ ᠠᠵᠢᠯᠯᠠᠳᠠᠭ ᠬᠥᠮᠥᠰ ᠡᠭᠦᠨ ᠠᠴᠠ ᠭᠠᠳᠠᠨ᠎ᠠ ᠨᠢᠭᠡ ᠭᠠᠷᠠᠭ ᠲᠤ ᠬᠤᠶᠠᠷ ᠴᠠᠭ ᠠᠴᠠ ᠳᠡᠭᠡᠭᠰᠢ ᠰᠢᠷᠦᠭᠦᠨ ᠬᠥᠳᠡᠯᠭᠡᠭᠡᠨ ᠬᠢᠬᠦ ᠬᠡᠷᠡᠭᠲᠡᠢ ᠭᠡᠵᠡᠢ᠃         ᠡᠭᠦᠨ ᠠᠴᠠ ᠭᠠᠳᠠᠨ᠎ᠠ᠂ ᠳᠣᠣᠷᠠᠬᠢ ᠬᠡᠳᠦᠨ ᠵᠦᠢᠯ ᠤᠨ ᠳᠠᠳᠬᠠᠯ ᠨᠢ ᠬᠥᠮᠥᠰ ᠤᠨ ᠡᠷᠡᠭᠦᠯ ᠮᠡᠨᠳᠦ ᠶᠢ ᠨᠥᠯᠥᠭᠡᠯᠡᠳᠡᠭ ᠶᠤᠮ᠃ ᠡᠶᠢᠮᠦ ᠠᠴᠠ᠂ ᠭᠡᠷ ᠪᠦᠯᠢ ᠶᠢᠨ ᠭᠡᠰᠢᠭᠦᠨ ᠨᠢᠭᠡᠪᠦᠷᠢ ᠡᠳᠦᠷ ᠲᠤᠳᠤᠮ ᠤᠨ ᠠᠮᠢᠳᠤᠷᠠᠯ ᠤᠨ ᠳᠤᠮᠳᠠ ᠪᠠᠨ ᠡᠳᠡᠭᠡᠷ ᠵᠦᠢᠯ ᠢ ᠠᠩᠬᠠᠷᠤᠭᠠᠷᠠᠢ︕ ᠬᠡᠲᠦᠷᠡᠲᠡᠯ᠎ᠡ ᠠᠷᠢᠬᠢ ᠤᠤᠭᠤᠬᠤ᠂ ᠳᠤᠷ᠎ᠠ ᠪᠠᠷ ᠢᠶᠠᠨ ᠡᠮ ᠤᠤᠭᠤᠬᠤ᠂ ᠪᠠᠶᠢᠩᠭᠤ ᠰᠡᠳᠬᠢᠯ ᠰᠠᠨᠠᠭ᠎ᠠ ᠵᠤᠪᠠᠭᠤ᠂ ᠲᠣᠰᠣ ᠲᠠᠢ ᠢᠳᠡᠭᠡᠨ ᠠᠷᠪᠢᠨ ᠢᠳᠡᠬᠦ᠂ ᠰᠥᠨᠢ ᠪᠠᠷ ᠬᠤᠭᠤᠯᠠ ᠢᠳᠡᠬᠦ᠂ ᠲᠠᠮᠠᠬᠢ ᠲᠠᠲᠠᠬᠤ᠂ ᠬᠤᠣᠷ ᠲᠠᠲᠠᠬᠤ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号