ᠪᠠᠷᠠᠭᠤᠨ  ᠦᠵᠦᠮᠦᠴᠢᠨ  ᠬᠤᠰᠢᠭᠤᠨ  ᠤ  ᠰᠢᠨ᠎ᠡ ᠲᠢᠲᠢᠮᠯᠢᠭ ᠠᠭᠤᠰᠬᠢᠨ ᠦᠷᠪᠢᠰᠦᠯ ‍ᠤᠨ‌‍ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠵᠠᠷᠯᠠᠯ              ︵58 ᠳ᠋ᠤᠭᠠᠷ
ᠨᠡᠶᠢᠲᠡᠯᠡᠭᠰᠡᠨ ᠴᠠᠭ᠄
2022/12/8
ᠪᠠᠷᠠᠭᠤᠨ  ᠦᠵᠦᠮᠦᠴᠢᠨ  ᠬᠤᠰᠢᠭᠤᠨ   ᠤ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠤᠨ ᠵᠠᠷᠯᠠᠯ               ︵58 ᠳ᠋ᠤᠭᠠᠷ ᠲᠤᠭᠠᠲᠦ︶    ᠣᠶᠢᠷ᠎ᠠ ᠳᠤ᠂ ᠮᠠᠨ ᠤ ᠬᠤᠰᠢᠭᠤᠨ ᠤ ᠤᠶᠢᠷ᠎ᠠ ᠬᠠᠪᠢ ᠶᠢᠨ ᠭᠠᠵᠠᠷ ᠣᠷᠣᠨ ᠤ ᠪᠤᠳᠠᠰ ᠤᠨ ᠭᠦᠢᠯᠭᠡᠭᠡᠨ ᠤ ᠲᠦᠷᠭᠡᠨ ᠬᠦᠷᠭᠡᠯᠲᠡ ᠶᠢᠨ ᠠᠵᠢᠯᠲᠠᠳ ᠤᠨ ᠪᠦᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷᠲᠠᠢ ᠡᠪᠡᠳᠴᠢᠳᠡᠨ ᠢᠯᠡᠷᠡᠪᠡ᠃ ᠬᠢᠵᠢᠭ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠡᠯ᠎ᠡ ᠲᠦᠷᠭᠡᠨ ᠬᠦᠷᠭᠡᠯᠲᠡ ᠶᠢᠨ ᠪᠤᠳᠡᠰ ᠤᠨ ᠭᠦᠢᠯᠭᠡᠭᠡᠨ ᠤ ᠠᠵᠢᠯᠲᠠᠨ ᠪᠣᠯᠣᠨ 12 ᠰᠠᠷ᠎ᠠ ᠶᠢᠨ1 ᠤ ᠡᠳᠦᠷ ᠠᠴᠠ ᠨᠠᠰᠢ ᠵᠢᠩ ᠳ᠋ᠦᠩ ᠲᠦᠷᠭᠡᠨ ᠬᠦᠷᠭᠡᠯᠲᠡ᠂ ᠱᠧᠨ ᠲᠦᠩ ᠲᠦᠷᠭᠡᠨ ᠬᠦᠷᠭᠡᠯᠲᠡ᠂ ᠱᠦᠨ ᠹᠧᠩ ᠲᠦᠷᠭᠡᠨ ᠬᠦᠷᠭᠡᠯᠲᠡ ᠶᠢᠨ ᠰᠢᠤᠳᠠᠨ ᠤ ᠵᠦᠢᠯ ᠢ ᠭᠥᠯᠢᠶᠡᠨ ᠠᠪᠤᠭᠰᠠᠨ ᠬᠤᠯᠪᠣᠭᠳᠠᠯ ᠪᠦᠬᠦᠢ ᠬᠥᠮᠥᠰ ᠲᠤ ᠵᠣᠬᠢᠴᠠᠩᠭᠤᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠤᠷᠢᠶᠠᠨ ᠠᠪᠤᠭᠰᠠᠨ ᠰᠢᠤᠳᠠᠨ ᠤ ᠵᠦᠢᠯ ᠤᠨ ᠭᠠᠳᠠᠷ ᠪᠣᠭᠤᠳᠠᠯ ᠵᠢᠴᠢ ᠳᠤᠳᠤᠷᠠᠬᠢ ᠡᠳ᠋ ᠪᠣᠳᠠᠰ ᠲᠤ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠢᠭᠤᠳᠬᠠᠯ ᠬᠢᠬᠦ ᠶᠢ ᠬᠦᠰᠡᠵᠦ ᠪᠠᠶᠢᠨ᠎ᠠ᠃ ᠳᠡᠭᠡᠷ᠎ᠡ ᠳᠤᠷᠠᠳᠤᠭᠰᠠᠨ ᠬᠤᠯᠪᠣᠭᠳᠠᠯ ᠪᠦᠬᠦᠢ ᠬᠥᠮᠥᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ︽ᠠᠷᠪᠠᠨ ᠶᠡᠭᠡ ᠡᠪᠡᠳᠴᠢᠨ ᠤ ᠪᠠᠶᠢᠳᠠᠯ︾ ︵ᠬᠤᠭᠤᠯᠠᠢ ᠬᠠᠪᠤᠳᠴᠤ ᠡᠪᠡᠳᠬᠦ᠂ ᠬᠠᠭᠤᠷᠠᠢ ᠪᠠᠷ ᠬᠠᠨᠢᠶᠠᠯᠭᠠᠬᠤ᠂ ᠭᠡᠷᠡᠯ ᠠᠴᠠ ᠠᠶᠤᠬᠤ᠂ ᠰᠠᠭᠤᠯᠭᠠᠬᠤ᠂ ᠬᠠᠯᠠᠭᠤᠷᠠᠬᠤ᠂ ᠪᠦᠭᠦ ᠪᠡᠶ᠎ᠡ ᠲᠠᠮᠢᠷᠳᠠᠬᠤ᠂ ᠨᠢᠳᠦᠨ ᠤ ᠨᠡᠶᠢᠯᠡᠮᠡᠯ ᠪᠦᠷᠬᠦᠪᠴᠢ ᠳᠤ ᠴᠢᠰᠤ ᠬᠤᠷᠠᠬᠤ᠂ ᠤᠰᠤ ᠠᠯᠳᠠᠭᠳᠠᠬᠤ᠂ ᠴᠠᠬᠢᠯᠭᠠᠨ ᠵᠠᠳᠠᠯᠤᠭᠳᠠᠬᠤᠨ ᠰᠠᠮᠠᠭᠤᠷᠠᠬᠤ᠂ ᠠᠮᠢᠰᠬᠤᠯ ᠴᠢᠬᠤᠯᠳᠠᠬᠤ ᠵᠡᠷᠭᠡ︶ ᠢᠯᠡᠷᠡᠪᠡᠯ᠂ ᠲᠡᠷᠡ ᠳᠠᠷᠤᠢ ᠳᠤᠨᠢ ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠮᠡᠳᠡᠭᠦᠯᠬᠦ ᠶᠢᠨ ᠬᠠᠮᠲᠤ ᠲᠤᠰᠠᠭᠠᠷᠯᠠᠬᠤ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠬᠠᠮᠵᠢᠯᠴᠠᠨ ᠨᠠᠶᠢᠳᠠᠪᠤᠷᠢᠵᠢᠭᠤᠯᠤᠨ᠎ᠠ᠃ ᠮᠡᠳᠡᠭᠦᠯᠬᠦ ᠪᠠᠨ ᠬᠤᠶᠢᠰᠢᠯᠠᠭᠤᠯᠬᠤ᠂ ᠮᠡᠳᠡᠭᠦᠯᠬᠦ ᠦᠭᠡᠢ ᠨᠢᠭᠤᠭᠠᠳ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠬᠤᠭᠤᠴᠠᠭᠠᠨ ᠳᠤ ᠬᠢᠯᠢ ᠶᠢᠨ ᠭᠠᠳᠠᠨᠠᠬᠢ ᠪᠠ ᠬᠢᠵᠢᠭ  ᠤᠨ ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠲᠠᠸᠠᠷ ᠬᠤᠳᠠᠯᠳᠤᠨ ᠠᠪᠬᠤ ᠳᠤ ᠪᠠᠨ ᠪᠤᠯᠭᠤᠮᠵᠢᠯᠠᠬᠤ ᠶᠢ ᠰᠠᠨᠠᠭᠤᠯᠵᠤ ᠪᠠᠶᠢᠨ᠎ᠠ᠃ ᠰᠢᠤᠳᠠᠨ ᠤ ᠲᠦᠷᠭᠡᠨ ᠬᠦᠷᠭᠡᠯᠲᠡ ᠶᠢᠨ ᠵᠦᠢᠯ ᠢ ᠬᠤᠷᠢᠶᠠᠨ ᠠᠪᠬᠤ ᠳᠠᠭᠠᠨ ᠠᠮᠠᠪᠴᠢ ᠪᠠ ᠨᠢᠭᠡ ᠯᠡ ᠤᠳᠠᠭ᠎ᠠ ᠬᠡᠷᠡᠭᠯᠡᠬᠦ ᠪᠡᠭᠡᠯᠡᠢ ᠶᠢ ᠵᠡᠭᠦᠵᠦ᠂ ᠰᠢᠭᠤᠳ ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠢ᠃ ᠰᠢᠤᠳᠠᠨ ᠤ ᠲᠦᠷᠭᠡᠨ ᠬᠦᠷᠭᠡᠯᠲᠡ ᠶᠢᠨ ᠵᠦᠢᠯ ᠢ ᠠᠯᠢ ᠴᠢᠳᠠᠬᠤ ᠪᠠᠷ ᠲᠤᠬᠠᠢ ᠶᠢᠨ ᠭᠠᠵᠠᠷ ᠲᠤᠨᠢ ᠵᠠᠳᠠᠯᠵᠦ᠂ ᠭᠠᠳᠠᠷ ᠪᠣᠭᠤᠳᠠᠯ ᠢ ᠭᠡᠷ ᠲᠡᠭᠡᠨ ᠠᠪᠠᠴᠢᠵᠤ ᠪᠣᠯᠬᠤ ᠦᠭᠡᠢ᠂ ᠵᠠᠳᠠᠯᠬᠤ ᠳᠠᠭᠠᠨ ᠤᠷᠢᠳ ᠢᠶᠠᠷ ᠾᠯᠣᠷ ᠠᠭᠤᠯᠤᠭᠰᠠᠨ ᠠᠷᠢᠭᠤᠳᠬᠠᠭᠴᠢ ᠡᠳ᠋ ᠪᠤᠶᠤ 75% ᠶᠢᠨ ᠰᠫᠢᠷᠲ ᠢᠶᠠᠷ ᠭᠠᠳᠠᠷ  ᠳᠣᠲᠣᠷ᠎ᠠ ᠪᠣᠭᠤᠳᠠᠯ ᠢ ᠨᠢ ᠪᠦᠬᠦ ᠲᠠᠯ᠎ᠠ ᠪᠠᠷ ᠲᠤᠶᠢᠯᠪᠤᠷᠢᠲᠠᠢ ᠠᠷᠢᠭᠤᠳᠬᠠᠵᠤ᠂ ᠰᠠᠯᠬᠢ ᠨᠡᠪᠲᠡᠷᠡᠬᠦ ᠭᠠᠵᠠᠷ ᠲᠤ 30 ᠮᠢᠨᠦ᠋ᠲ ᠲᠠᠯᠪᠢᠨ᠎ᠠ᠃ ᠰᠢᠤᠳᠠᠨ ᠤ ᠵᠦᠢᠯ ᠢ ᠠᠪᠴᠤ ᠵᠠᠳᠠᠯᠬᠤ ᠳᠤ ᠪᠠᠨ ᠠᠮᠠ᠂ ᠨᠢᠳᠦ᠂ ᠬᠠᠮᠠᠷ ᠲᠤ ᠪᠠᠨ ᠭᠠᠷ ᠢᠶᠠᠷ ᠢᠶᠠᠨ ᠰᠢᠭᠤᠳ ᠬᠦᠷᠦᠯᠴᠡᠬᠦ ᠠᠴᠠ ᠵᠠᠶᠢᠯᠠᠰᠬᠢᠵᠦ᠂ ᠰᠢᠤᠳᠠᠨ ᠤ ᠵᠦᠢᠯ ᠢ ᠰᠢᠢᠳᠪᠦᠷᠢᠯᠡᠵᠦ ᠪᠠᠷᠠᠭᠰᠠᠨ ᠤ ᠳᠠᠷᠠᠭ᠎ᠠ ᠪᠡᠭᠡᠯᠡᠢ ᠪᠠᠨ ᠠᠪᠴᠤ ᠬᠠᠶᠠᠭᠠᠳ᠂ ᠰᠠᠪᠤᠩ ᠲᠠᠢ ᠰᠢᠩᠭᠡᠨ ᠪᠤᠶᠤ ᠭᠠᠷ ᠤᠬᠢᠶᠠᠬᠤ ᠰᠢᠩᠭᠡᠨ ᠢᠶᠠᠷ ︽ᠳᠤᠯᠤᠭᠠᠨ ᠠᠯᠬᠤᠮ ᠤᠨ ᠭᠠᠷ ᠤᠬᠢᠶᠠᠬᠤ ᠠᠷᠭ᠎ᠠ︾ ᠪᠠᠷ ᠭᠠᠷ ᠢᠶᠠᠨ ᠰᠠᠶᠢᠳᠤᠷ ᠤᠬᠢᠶᠠᠬᠤ ᠪᠤᠶᠤ ᠭᠠᠷ ᠠᠷᠢᠭᠤᠳᠬᠠᠬᠤ ᠡᠮ ᠪᠠ 75% ᠶᠢᠨ ᠰᠫᠢᠷᠲ ᠢᠶᠠᠷ ᠭᠠᠷ ᠢᠶᠠᠨ ᠠᠷᠢᠭᠤᠳᠬᠠᠵᠤ ᠪᠣᠯᠣᠨ᠎ᠠ᠃ᠪᠠᠷᠠᠭᠤᠨ ᠦᠵᠦᠮᠦᠴᠢᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠤᠲᠠᠰᠤ᠄ 0479 ︱ 6827397ᠪᠠᠷᠠᠭᠤᠨ ᠦᠵᠦᠮᠦᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠲᠠᠰᠤ᠄ 0479 ︱ 3522876ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠤᠲᠠᠰᠤ᠄ 0479 ︱ 3524341ᠪᠠᠷᠠᠭᠤᠨ ᠦᠵᠦᠮᠦᠴᠢᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ᠄ 0479 ︱ 3529347ᠡᠯ᠎ᠡ ᠰᠤᠮᠤ ᠪᠠᠯᠭᠠᠰᠤ᠂ ᠨᠡᠶᠢᠭᠡᠮ ᠳᠤᠭᠤᠷᠢᠭ ᠤᠨ ᠬᠠᠷᠢᠯᠴᠠᠬᠤ ᠤᠳᠠᠰᠤ᠄ᠪᠠᠯᠭᠠᠷᠭᠤᠣᠯ ᠪᠠᠯᠭᠠᠰᠤ᠄ 0479- 3520668 ᠪᠠᠯᠭᠠᠷᠭᠤᠣᠯ ᠪᠠᠯᠭᠠᠰᠤᠨ ᠤ ᠪᠣᠷᠤᠲᠣᠯᠤᠭᠠᠢ ᠨᠡᠶᠢᠭᠡᠮ ᠲᠣᠭᠤᠷᠢᠭ᠄ 0479- 6978077 ᠪᠠᠯᠭᠠᠷᠭᠤᠣᠯ ᠪᠠᠯᠭᠠᠰᠤᠨ ᠤ ᠪᠠᠯᠭᠠᠷ ᠨᠡᠶᠢᠭᠡᠮ ᠲᠣᠭᠤᠷᠢᠭ᠄ 0479- 3918393 ᠪᠠᠯᠭᠠᠷᠭᠤᠣᠯ ᠪᠠᠯᠭᠠᠰᠤᠨ ᠤ ᠪᠠᠶᠠᠨ ᠠᠭᠤᠯᠠ ᠨᠡᠶᠢᠭᠡᠮ ᠲᠣᠭᠤᠷᠢᠭ᠄ 15504793534 ᠪᠠᠯᠭᠠᠷᠭᠤᠣᠯ ᠪᠠᠯᠭᠠᠰᠤᠨ ᠤ ᠪᠠᠶᠠᠨᠬᠤᠰᠢᠭᠤ ᠨᠡᠶᠢᠭᠡᠮ ᠲᠣᠭᠤᠷᠢᠭ᠄ 0479- 3528373 ᠪᠠᠯᠭᠠᠷᠭᠤᠣᠯ ᠪᠠᠯᠭᠠᠰᠤᠨ ᠤ ᠬᠠᠨ ᠠᠭᠤᠯᠠ ᠨᠡᠶᠢᠭᠡᠮ ᠲᠣᠭᠤᠷᠢᠭ᠄ 0479- 2438611 ᠪᠠᠯᠭᠠᠷᠭᠤᠣᠯ ᠪᠠᠯᠭᠠᠰᠤᠨ ᠤ ᠪᠠᠶᠠᠨᠭᠤᠣᠯ ᠨᠡᠶᠢᠭᠡᠮ ᠲᠣᠭᠤᠷᠢᠭ᠄ 0479- 3520400 ᠪᠠᠶᠠᠨᠬᠤᠸᠠ ᠪᠠᠯᠭᠠᠰᠤ᠄ 0479- 2771103ᠪᠠᠶᠠᠨᠬᠤᠸᠠ ᠪᠠᠯᠭᠠᠰᠤᠨ ᠤ ᠪᠠᠶᠠᠨᠬᠤᠸᠠ ᠨᠡᠶᠢᠭᠡᠮ ᠲᠣᠭᠤᠷᠢᠭ᠄ 18647609718 ᠪᠠᠶᠠᠨᠬᠤᠰᠢᠭᠤ ᠰᠤᠮᠤ᠄ 0479- 3823008 ᠣᠯᠠᠭᠠᠨᠬᠠᠭᠠᠯᠭ᠎ᠠ ᠰᠤᠮᠤ᠄ 0479-3820330ᠭᠤᠷᠣᠬᠠᠨ ᠪᠠᠯᠭᠠᠰᠤ᠄ 13848496893 ᠵᠢᠷ ᠤᠨ ᠭᠤᠣᠯ ᠪᠠᠯᠭᠠᠰᠤ᠄ 0479- 6820299ᠬᠤᠭᠤᠯᠠᠲᠤ ᠶᠢᠨ ᠭᠤᠣᠯ ᠪᠠᠯᠭᠠᠰᠤ᠄ 0479- 3910081 ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠄ 13614794678      ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ      ᠬᠢᠵᠢᠭ   ᠤᠨ  ᠪᠠᠶᠢᠳᠠᠯ   ᠢ  ᠰᠡᠷᠭᠡᠶᠢᠯᠡᠨ ᠡᠵᠡᠮᠳᠡᠬᠦ  ᠠᠵᠢᠯ   ᠤᠨ ᠵᠢᠯᠤᠭᠤᠳᠬᠤ ᠬᠡᠯᠲᠡᠰ                                  2022 ᠣᠨ ᠤ 12 ᠰᠠᠷ᠎ᠠ ᠶᠢᠨ 6 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号