︽ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠦᠪᠵᠢᠭᠦᠯᠭᠡ ︵2021 ︱ 2025 ᠣᠨ︶︾ ᠶᠢᠨ ᠲᠤᠬᠠᠢ ᠪᠢᠴᠢᠭ ᠮᠠᠲ᠋ᠧᠷᠢᠶᠠᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2022/12/8
     ︽ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠦᠪᠵᠢᠭᠦᠯᠭᠡ ︵2021 ︱ 2025 ᠣᠨ︶︾ ᠶᠢᠨ ᠲᠤᠬᠠᠢ ᠪᠢᠴᠢᠭ ᠮᠠᠲ᠋ᠧᠷᠢᠶᠠᠯ ᠤᠨ ᠲᠠᠶᠢᠯᠤᠮᠵᠢ   ︽ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠦᠪᠵᠢᠭᠦᠯᠭᠡ ︵2021 ︱ 2025 ᠣᠨ︶︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠲᠣᠭᠲᠠᠭᠠᠬᠤ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠱᠠᠭᠠᠷᠳᠠᠯᠭ᠎ᠠ ᠮᠥᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠤᠨ ᠲᠣᠭᠲᠠᠭᠠᠯ ᠮᠥᠨ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠦᠯᠬᠢᠨ ᠠᠬᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠴᠢᠬᠤᠯᠠ ᠠᠷᠭ᠎ᠠ ᠬᠡᠮᠵᠢᠶ᠎ᠡ ᠮᠥᠨ᠃    ᠪᠢᠳᠡ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠦᠷᠢᠶᠡᠨ ᠳᠤ ᠨᠡᠷ᠎ᠡ ᠠᠯᠳᠠᠷᠰᠢᠭᠰᠠᠨ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ᠲᠣᠰ ︽ᠲᠥᠯᠦᠪᠵᠢᠭᠦᠯᠭᠡ︾ ᠶᠢ ᠲᠤᠭᠤᠷᠪᠢᠨ ᠪᠢᠴᠢᠬᠦ ᠡᠭᠦᠷᠭᠡ ᠶᠢ ᠡᠭᠦᠷᠭᠡᠯᠡᠭᠦᠯᠵᠦ᠂ 2022 ᠣᠨ ᠤ 1 ᠰᠠᠷ᠎ᠠ ᠶᠢᠨ ᠰᠡᠭᠦᠯᠴᠢ ᠠᠴᠠ ᠡᠬᠢᠯᠡᠨ ᠲᠤᠭᠤᠷᠪᠢᠵᠤ᠂ 2 ᠰᠠᠷ᠎ᠠ ᠶᠢᠨ ᠰᠡᠭᠦᠯᠴᠢ ᠪᠠᠷ ᠡᠬᠡ ᠨᠣᠣᠷᠠᠭ ᠢ ᠪᠣᠶ ᠪᠣᠯᠭᠠᠪᠠ᠃ ᠠᠩᠬᠠᠨ ᠤ ᠡᠬᠡ ᠨᠣᠣᠷᠠᠭ ᠢ ᠭᠠᠷᠭᠠᠭᠰᠠᠨ ᠤ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠣᠯᠣᠨ ᠬᠤᠰᠢᠭᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤ ᠳᠠᠷᠤᠭ᠎ᠠ ᠠᠴᠠ ᠵᠢᠭᠠᠪᠤᠷᠢ ᠠᠪᠴᠤ ᠬᠠᠷᠢᠭᠤ ᠮᠡᠳᠡᠭᠦᠯᠦᠭᠡᠳ᠂ ᠤᠷᠢᠳ ᠬᠤᠵᠢᠳ ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶᠠᠨ ᠤ ᠭᠡᠰᠢᠭᠦᠨ ᠨᠢᠭᠡᠴᠡ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠬᠢᠵᠦ᠂ ᠤᠷᠬᠢᠯ ᠭᠡᠯᠳᠡᠰ ᠤᠨ ᠳᠠᠷᠤᠭ᠎ᠠ᠂ ᠦ᠋ ᠵᠢᠢ ᠴᠢᠶᠠᠩ ᠬᠤᠰᠢᠭᠤ ᠳᠠᠷᠤᠭ᠎ᠠ ᠪᠣᠯᠣᠨ ᠡᠯ᠎ᠡ ᠰᠠᠯᠠᠭ᠎ᠠ ᠮᠥᠴᠢᠷ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠤᠨ ᠰᠠᠨᠠᠯ   ᠢ ᠦᠨᠳᠦᠰᠦᠯᠡᠨ᠂ ᠲᠠᠪᠤ ᠤᠳᠠᠭ᠎ᠠ ᠵᠠᠰᠠᠪᠤᠷᠢ ᠣᠷᠣᠭᠤᠯᠤᠭᠠᠳ᠂ ᠣᠳᠣᠬᠠᠨ ᠤ ︽ᠲᠥᠯᠦᠪᠵᠢᠭᠦᠯᠭᠡ︾   ᠶᠢᠨ ᠬᠢᠨᠠᠨ ᠲᠣᠭᠲᠠᠭᠠᠬᠤ ᠡᠬᠡ ᠨᠣᠣᠷᠠᠭ   ᠢ ᠭᠠᠷᠭᠠᠭᠰᠠᠨ ᠪᠠᠶᠢᠨ᠎ᠠ᠃    ︽ᠲᠥᠯᠦᠪᠵᠢᠭᠦᠯᠭᠡ︾ ︵ᠬᠢᠨᠠᠭᠤᠯᠬᠤ ᠪᠠᠷ ᠳᠡᠪᠰᠢᠭᠦᠯᠦᠭᠰᠡᠨ ᠨᠣᠣᠷᠠᠭ︶ ᠳᠤ ᠨᠠᠢᠮᠠᠨ ᠪᠦᠯᠦᠭ 32 ᠬᠡᠰᠡᠭ ᠪᠠᠭᠲᠠᠨ᠎ᠠ᠂ ᠭᠤᠣᠯ ᠠᠭᠤᠯᠭ᠎ᠠ ᠨᠢ ᠮᠠᠨ ᠤ ᠬᠤᠰᠢᠭᠤᠨ ᠤ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠦᠨᠳᠦᠰᠦᠲᠡᠨ ᠤ ᠠᠵᠢᠯ ᠤᠨ ᠭᠤᠣᠯ ᠠᠮᠵᠢᠯᠲᠠ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠪᠤᠰᠤᠳᠴᠢ ᠪᠠᠷ ᠦᠨᠡᠯᠡᠵᠦ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠣᠨ ᠶᠡᠷᠦᠩᠬᠡᠢ ᠬᠠᠷᠠᠯᠲᠠ ᠶᠢ ᠳᠤᠷᠠᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ   ᠶᠢ ᠠᠬᠢᠭᠤᠯᠬᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ   ᠢ ᠠᠬᠢᠭᠤᠯᠬᠤ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠬᠤ ᠵᠡᠷᠭᠡ ᠭᠤᠣᠯᠳᠠᠯᠭ᠎ᠠ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠪᠣᠳᠠᠲᠠᠢ ᠠᠭᠤᠯᠭ᠎ᠠ ᠪᠠ ᠭᠤᠣᠯᠳᠠᠯᠭ᠎ᠠ ᠲᠠᠢ ᠬᠦᠷᠢᠶ᠎ᠡ᠂ ᠡᠭᠦᠳᠦᠨ ᠪᠠᠶᠢᠭᠤᠯᠬᠤ ᠠᠵᠢᠯ ᠤᠨ ︽ᠨᠠᠢᠮᠠ ᠶᠢ ᠣᠷᠣᠭᠤᠯᠬᠤ︾ ᠴᠢᠭᠯᠡᠯ ᠤᠨ ᠠᠭᠤᠯᠭ᠎ᠠ ᠪᠠ ᠪᠣᠳᠠᠲᠠᠢ ᠱᠠᠭᠠᠷᠳᠠᠯᠭ᠎ᠠ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠠᠵᠢᠯ ᠤᠨ ᠡᠭᠦᠷᠭᠡ ᠵᠡᠷᠭᠡ ᠶᠢ ᠨᠠᠷᠢᠯᠢᠭᠵᠢᠭᠤᠯᠵᠠᠢ᠃ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠳᠡᠮᠵᠢᠨ᠂ ᠣᠯᠠᠨ ᠢᠶᠠᠷ ᠢᠶᠠᠨ ᠡᠨᠡᠬᠦ ︽ᠲᠥᠯᠦᠪᠵᠢᠭᠦᠯᠭᠡ︾ ᠨᠢ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ   ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠬᠤ ᠶᠢ ᠰᠠᠨᠠᠯ ᠨᠢᠭᠡᠲᠡᠢ ᠲᠠᠨᠢᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠬᠠᠷᠭᠤᠭᠤᠯᠵᠤ᠂ ᠮᠠᠲ᠋ᠧᠷᠢᠶᠠᠯ ᠤᠨ ᠠᠭᠤᠯᠭ᠎ᠠ ᠨᠢ ᠨᠠᠷᠢᠨ ᠪᠣᠳᠠᠲᠠᠢ ᠪᠠᠶᠢᠵᠤ᠂ ᠥᠩᠭᠡᠷᠡᠭᠰᠡᠨ ᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠦᠨᠡᠯᠡᠵᠦ᠂ ᠤᠯᠤᠰ ᠲᠥᠷᠥ ᠶᠢᠨ ᠵᠣᠭᠰᠣᠯᠲᠠ ᠥᠨᠳᠥᠷ᠂ ᠤᠳᠤᠷᠢᠳᠤᠮᠵᠢ ᠵᠥᠪ ᠣᠨᠣᠪᠴᠢᠲᠠᠶ ᠪᠠᠶᠢᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠰᠢᠯᠢ ᠶᠢᠨ ᠭᠤᠣᠯ ᠠᠶᠢᠮᠠᠭ ᠤᠨ ᠠᠵᠢᠯ ᠤᠨ ᠶᠡᠭᠡ ᠲᠠᠯ᠎ᠠ ᠳᠤ ᠰᠠᠭᠤᠷᠢᠯᠠᠨ᠂ ᠪᠠᠷᠠᠭᠤᠨ ᠦᠵᠦᠮᠦᠴᠢᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠦᠢᠯᠡᠳᠦᠯᠭᠡ ᠶᠢᠨ ᠴᠢᠨᠠᠷ ᠲᠠᠢ ᠶᠤᠮ᠃   ︽ᠲᠥᠯᠦᠪᠵᠢᠭᠦᠯᠭᠡ︾ ᠨᠢ ᠰᠢᠷᠢᠰ ︽ᠢᠨᠵᠧᠨᠧᠷᠢᠩ︾ ᠢᠶᠠᠷ ᠳᠡᠮᠵᠢᠨ ᠠᠬᠢᠭᠤᠯᠤᠭᠳᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠪᠣᠳᠠᠲᠠᠢ ᠪᠥᠭᠡᠳ ᠪᠦᠲᠦᠮᠵᠢᠲᠡᠶ ᠪᠠᠶᠢᠬᠤ ᠶᠢ ᠪᠡᠶᠡᠯᠡᠭᠦᠯᠬᠦ ᠳᠤ ᠠᠰᠢᠭᠲᠠᠢ ᠪᠠᠶᠢᠵᠤ᠂ ᠮᠠᠨ ᠤ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃   ᠪᠢᠳᠡᠨ ᠤ ᠦᠵᠡᠬᠦ ᠪᠠᠷ ︽ᠲᠥᠯᠦᠪᠵᠢᠭᠦᠯᠭᠡ︾ ᠦᠨᠳᠦᠰᠦᠨ ᠳᠡᠭᠡᠨ ᠪᠣᠯᠪᠠᠰᠤᠷᠠᠩᠭᠤᠢ ᠪᠣᠯᠵᠠᠢ᠂ ᠡᠳᠦᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ ᠬᠢᠨᠠᠨ ᠵᠥᠪᠯᠡᠭᠦᠯᠵᠦ᠂ ᠬᠢᠨᠠᠨ ᠵᠥᠪᠯᠡᠵᠦ ᠪᠠᠲᠤᠯᠠᠭᠰᠠᠨ ᠤ ᠲᠠᠷᠠᠭ᠎ᠠ᠂ ᠪᠢᠲᠠ ︽ᠲᠥᠯᠦᠪᠵᠢᠭᠦᠯᠭᠡ︾  ᠶᠢᠨ ᠬᠡᠷᠡᠭᠵᠢᠭᠦᠯᠦᠯᠲᠡ ᠶᠢ ᠬᠢᠨᠠᠮᠠᠭᠠᠢ ᠰᠠᠶᠢᠲᠤᠷ ᠠᠳᠬᠤᠵᠤ᠂ ᠪᠦᠭᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠠᠲᠤᠯᠠᠵᠤ᠂ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠤᠢ ᠪᠣᠯᠭᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号