ᠪᠤᠯᠤᠭᠰᠠᠨ ᠰᠦ
ᠨᠡᠶᠢᠲᠡᠯᠡᠭᠰᠡᠨ ᠴᠠᠭ᠄
2022/12/9
                 ᠪᠤᠯᠤᠭᠰᠠᠨ ᠰᠦ      ᠪᠤᠯᠤᠭᠰᠠᠨ ᠰᠦ ᠪᠣᠯ ᠭᠠᠯ ᠳᠡᠭᠡᠷ᠎ᠡ ᠪᠤᠴᠠᠯᠭᠠᠵᠦ ᠪᠤᠯᠪᠠᠰᠤᠷᠠᠭᠤᠯᠤᠭᠰᠠᠨ ᠰᠦ ᠶᠢ ᠬᠡᠯᠡᠨ᠎ᠡ᠃ ᠰᠦ ᠶᠢ ᠪᠤᠯᠪᠠᠰᠤᠷᠠᠭᠤᠯᠬᠤ ᠨᠢ ᠦᠪᠡᠷ ᠤᠨ ᠲᠤᠰ ᠪᠡᠶ᠎ᠡ ᠨᠢ ᠨᠢᠭᠡ ᠵᠦᠢᠯ ᠤᠨ ᠴᠠᠭᠠᠨ ᠢᠳᠡᠭᠡᠨ ᠮᠦᠷᠳᠡᠭᠡᠨ ᠪᠠᠰᠠ ᠴᠦ ᠨᠢᠭᠡ ᠵᠦᠢᠯ ᠤᠨ ᠴᠠᠭᠠᠨ ᠢᠳᠡᠭᠡᠨ ᠦᠢᠯᠡᠳᠬᠦ ᠶᠢᠨ ᠴᠢᠬᠤᠯᠠ ᠠᠷᠭ᠎ᠠ ᠪᠠᠷᠢᠯ ᠪᠤᠯᠤᠨ᠎ᠠ᠃  ᠦᠵᠦᠮᠦᠴᠢᠨ ᠳᠤ ᠲᠡᠭᠦᠨ ᠢ ᠨᠢᠭᠡ ᠳᠦᠷᠦᠯ ᠤᠨ ᠴᠠᠭᠠᠨ ᠢᠳᠡᠭᠡᠨ ᠭᠡᠳᠡᠭ ᠨᠢ ᠲᠡᠳᠡ ᠲᠤᠰᠠᠬᠠᠶᠢᠯᠠᠨ ᠰᠦ ᠪᠤᠴᠠᠯᠭᠠᠵᠦ ᠤᠤᠭᠤᠳᠠᠭ᠃ ᠰᠦ ᠪᠤᠴᠠᠯᠭᠠᠵᠦ ᠤᠤᠭᠤᠬᠤ ᠪᠣᠯ ᠰᠢᠮ᠎ᠡ ᠲᠡᠵᠢᠭᠡᠯ ᠢᠶᠠᠷ ᠦᠨᠳᠦᠷ᠂ ᠰᠢᠬᠢᠷᠯᠢᠭ ᠰᠠᠶᠢᠬᠠᠨ ᠠᠮᠳᠠᠲᠠᠢ᠂ ᠪᠤᠯᠤᠭᠰᠠᠨ ᠪᠤᠳᠠᠭ᠎ᠠ ᠤᠷᠬᠢᠵᠦ ᠰᠢᠷ᠎ᠠ ᠲᠤᠰᠦ ᠰᠠᠮᠤᠴᠦ ᠪᠤᠷᠠᠮ ᠬᠢᠭᠡᠳ ᠤᠤᠭᠤᠪᠠᠯ ᠨᠡᠩ ᠰᠠᠶᠢᠬᠠᠨ ᠠᠮᠳᠠᠳᠠᠢ ᠪᠠᠶᠢᠳᠠᠭ ᠠᠴᠠ ᠨᠠᠰᠤᠳᠠᠶᠢᠴᠤᠳ ᠤᠨ ᠣᠨᠴᠠ ᠢᠳᠡᠭᠡᠨ ᠮᠦᠨ᠃ ᠨᠡᠩ ᠴᠦ ᠪᠤᠯᠤᠭᠰᠠᠨ ᠰᠦ ᠨᠢᠯᠬ᠎ᠠ ᠭᠡᠤᠭᠡᠳ ᠢ ᠤᠭᠵᠢᠵᠤ ᠲᠡᠵᠢᠭᠡᠪᠡᠯ ᠡᠬᠡ ᠶᠢᠨ ᠰᠦ ᠶᠢ ᠤᠷᠣᠯᠠᠵᠦ᠂ ᠡᠷᠡᠬᠦᠯ ᠡᠩᠬᠡ ᠬᠦᠮᠦᠨ ᠪᠤᠯᠭᠠᠨ ᠪᠤᠶᠢᠵᠢᠭᠤᠯᠳᠠᠭ᠃ ᠪᠠᠰᠠᠴᠦ ᠳᠡᠭᠦᠨ ᠢ ᠴᠠᠭᠠᠨ ᠢᠳᠡᠭᠡᠨ ᠦᠢᠯᠡᠳᠬᠦ ᠶᠢᠨ ᠴᠢᠬᠤᠯᠠ ᠠᠷᠭ᠎ᠠ ᠪᠠᠷᠢᠯ ᠭᠡᠵᠦ ᠬᠡᠯᠡᠳᠡᠭ ᠨᠢ ᠲᠤᠰᠬᠠᠶᠢᠯᠠᠨ ᠦᠷᠦᠮ᠎ᠡ᠂ ᠴᠠᠭᠠᠨ ᠲᠤᠰᠦ ᠬᠤᠷᠢᠶᠠᠬᠤ ᠶᠢᠨ ᠳᠦᠯᠦᠭᠡ ᠰᠦ ᠶᠢ ᠵᠠᠮᠤᠷᠠᠭᠠᠵᠦ ᠪᠤᠯᠭᠤᠭᠠᠳᠠᠭ᠃ ᠡᠶᠢᠮᠦ ᠠᠴᠠ ᠪᠤᠯᠤᠭᠰᠠᠨ ᠰᠦ ᠶᠢᠨ ᠲᠤᠰ ᠪᠡᠶ᠎ᠡ ᠨᠢ ᠦᠵᠦᠮᠦᠴᠢᠨ ᠴᠠᠭᠠᠨ ᠢᠳᠡᠭᠡᠨ ᠤ ᠳᠦᠷᠦᠯ ᠵᠦᠢᠯ ᠮᠦᠷᠳᠡᠭᠡᠨ ᠦᠷᠦᠮ᠎ᠡ᠂ ᠴᠠᠭᠠᠨ ᠲᠤᠰᠦ ᠵᠡᠷᠭᠡ ᠴᠠᠭᠠᠨ ᠢᠳᠡᠭᠡᠨ ᠦᠢᠯᠡᠳᠪᠦᠷᠢᠯᠡᠬᠦ ᠶᠢᠨ ᠤᠷᠢᠳᠠᠯ ᠮᠦᠨ᠃
 
ᠢᠷᠡᠯᠲᠡ᠄ ᠦᠵᠦᠮᠦᠴᠢᠨ ᠠᠢᠮᠠᠭ ᠨᠣᠮ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号