ᠪᠦᠭᠦ ᠬᠤᠰᠢᠭᠤᠨ ᠤ ᠥᠷᠭᠡᠨ ᠤᠯᠠᠨ ᠠᠷᠠᠳ ᠲᠦᠮᠡᠨ ᠳᠤ  ᠢᠯᠡᠭᠡᠬᠦ ᠵᠠᠬᠢᠳᠠᠯ
ᠨᠡᠶᠢᠲᠡᠯᠡᠭᠰᠡᠨ ᠴᠠᠭ᠄
2022/12/9
         ᠪᠦᠭᠦ ᠬᠤᠰᠢᠭᠤᠨ ᠤ ᠥᠷᠭᠡᠨ ᠤᠯᠠᠨ ᠠᠷᠠᠳ ᠲᠦᠮᠡᠨ ᠳᠤ  ᠢᠯᠡᠭᠡᠬᠦ ᠵᠠᠬᠢᠳᠠᠯ     ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠭᠡᠳ ᠨᠢᠭᠡᠨᠲᠡ ᠭᠤᠷᠪᠠᠨ ᠵᠢᠯ ᠰᠢᠬᠠᠮ ᠪᠣᠯᠵᠤ ᠪᠠᠶᠢᠨ᠎ᠠ᠃ ᠭᠤᠷᠪᠠᠨ ᠵᠢᠯ ᠤᠨ ᠲᠤᠷᠰᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠠᠷᠠᠳ ᠲᠦᠮᠡᠨ ᠶᠡᠭᠡ ᠲᠠᠯ᠎ᠠ ᠶᠢ ᠬᠠᠷᠠᠭᠠᠯᠵᠠᠨ᠂ ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ᠂ ᠬᠦᠴᠦ ᠪᠠᠨ ᠬᠠᠮᠲᠤᠳᠬᠠᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠰᠡᠷᠭᠡᠶᠢᠯᠡᠯᠲᠡ ᠶᠢᠨ ᠱᠤᠭᠤᠮ ᠤᠨ ᠬᠤᠷᠢᠭ᠎ᠠ ᠱᠤᠭᠤᠮ ᠢ ᠪᠠᠲᠤ ᠰᠠᠬᠢᠭᠰᠠᠨ ᠪᠠᠶᠢᠨ᠎ᠠ᠃ ᠠᠳᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠤᠯᠠᠨ ᠤ ᠦᠭᠡ ᠳᠠᠭᠤᠨ ᠦᠭᠡᠢ ᠪᠠᠷ ᠡᠷᠭᠦᠭᠰᠡᠨ ᠪᠠ ᠬᠠᠷᠠᠮ ᠦᠭᠡᠢ ᠵᠢᠳᠬᠦᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕   ᠡᠨᠡ ᠤᠳᠠᠭᠠᠨ ᠤ ᠬᠥᠮᠥᠨ ᠲᠥᠷᠥᠯᠬᠢᠲᠡᠨ ᠤ ᠬᠢᠵᠢᠭ ᠤᠨ ᠪᠠᠶᠢᠳᠠᠯ ᠠᠴᠠ ᠭᠠᠷᠤᠭᠰᠠᠨ ᠡᠴᠦᠰ ᠤᠨ ᠢᠯᠠᠯᠲᠠ ᠨᠢ ᠬᠥᠮᠥᠨ ᠲᠥᠷᠥᠯᠬᠢᠲᠡᠨ ᠤ ᠴᠡᠴᠡᠭ ᠡᠪᠡᠳᠴᠢᠨ᠂ ᠲᠠᠬᠤᠯ ᠲᠠᠭᠰᠢᠭᠤᠷ᠂ ᠨᠤᠭᠤᠰᠤᠨ ᠤ ᠪᠣᠷᠣ ᠡᠳ᠋ ᠤᠨ ᠦᠷᠪᠢᠰᠦᠯ ᠢ ᠢᠯᠠᠨ ᠳᠠᠪᠠᠭ᠋ᠤ ᠲᠠᠢ ᠠᠳᠠᠯᠢᠬᠠᠨ ᠠᠭᠤᠤ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ 11 ᠰᠠᠷ᠎ᠠ ᠠᠴᠠ ᠨᠠᠰᠢ᠂ ᠨᠠᠮ ᠤᠨ ᠲᠥᠪ ᠬᠤᠷᠢᠶ᠎ᠠ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠬᠤ ᠲᠤᠬᠠᠢ ᠪᠠᠶᠢᠷᠢᠯᠠᠭᠤᠯᠤᠯᠲᠠ ᠬᠢᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠨ ᠵᠦᠢᠯ ᠤᠨ ᠠᠷᠭ᠎ᠠ ᠬᠡᠮᠵᠢᠶ᠎ᠡ ᠪᠣᠯᠣᠨ ᠠᠷᠪᠠᠨ ᠵᠦᠢᠯ ᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠥᠬᠦ ᠲᠠᠯ᠎ᠠ ᠪᠠᠷ ᠪᠠᠷᠢᠮᠵᠢᠶ᠎ᠠ ᠶᠢ ᠬᠠᠷᠭᠤᠭᠤᠯᠵᠤ᠂ ᠪᠠᠭ᠎ᠠ ᠠᠯᠬᠤᠮ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠠᠢ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠬᠤ ᠨᠢ ᠴᠢᠯᠦᠭᠡᠲᠡᠢ ᠪᠣᠯᠭᠠᠬᠤ ᠶᠠᠪᠤᠳᠠᠯ ᠪᠢᠰᠢ᠂ ᠬᠠᠷᠢᠨ ᠬᠢᠵᠢᠭ ᠤᠨ ᠪᠠᠶᠢᠳᠠᠯ ᠢ ᠨᠡᠩ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠬᠢᠵᠠᠭᠠᠷᠯᠠᠬᠤ ᠶᠠᠪᠤᠳᠠᠯ ᠪᠣᠯᠣᠨ᠎ᠠ᠂ ᠪᠢᠳᠡᠨ ᠤ ᠢᠲᠡᠭᠡᠯ ᠪᠠ ᠴᠢᠳᠠᠪᠤᠷᠢ ᠲᠠᠢ ᠪᠠᠶᠢᠬᠤ ᠶᠢ ᠢᠲᠡᠭᠡᠵᠦ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠥᠨᠥᠭᠡᠬᠦ ᠪᠠᠶᠢᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠷ ᠴᠢᠷᠮᠠᠶᠢᠬᠤ ᠬᠡᠷᠡᠭᠲᠡᠢ︕    ᠬᠥᠮᠥᠨ ᠨᠢᠭᠡᠪᠦᠷᠢ ᠴᠥᠮ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ᠂ ᠭᠠᠭᠴᠠ ᠬᠦ ᠬᠤᠪᠢ ᠬᠥᠮᠥᠨ ᠤ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠪᠡᠯ ᠰᠠᠶ᠋ᠢ ᠥᠪᠡᠷ ᠤᠨ ᠪᠡᠶ᠎ᠡ ᠪᠠ ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠤᠭ ᠤᠨ ᠳᠡᠭᠡᠳᠦ ᠬᠡᠮᠵᠢᠶ᠎ᠡ ᠪᠠᠷ ᠰᠠᠶᠢᠲᠤᠷ ᠬᠠᠮᠠᠭᠠᠯᠠᠵᠤ ᠴᠢᠳᠠᠨ᠎ᠠ᠃ ᠠᠳᠡ ᠪᠢᠳᠡ ᠥᠷᠭᠡᠨ ᠤᠯᠠᠨ ᠠᠷᠠᠳ ᠲᠦᠮᠡᠨ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠦᠷᠭᠦᠯᠵᠢ ᠰᠠᠯᠬᠢ ᠨᠠᠪᠲᠠᠷᠡᠭᠦᠯᠵᠦ᠂ ᠴᠤᠭᠯᠠᠷᠠᠬᠤ ᠦᠭᠡᠢ ᠪᠠᠶᠢᠵᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠭᠰᠡᠨ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠴᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ ᠪᠠᠶᠢᠵᠤ᠂ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠤᠷᠢᠶᠠᠯᠠᠵᠤ ᠪᠠᠶᠢᠨ᠎ᠠ᠃    ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠬᠠᠮᠤᠭ ᠤᠨ ᠳᠡᠭᠡᠳᠦ ᠬᠡᠮᠵᠢᠶᠡᠨ ᠳᠤ ᠬᠦᠷᠲᠡᠯ᠎ᠡ ᠪᠣᠳᠠᠲᠠᠶᠢᠵᠢᠭᠤᠯᠤᠨ᠎ᠠ᠃  ᠪᠢᠳᠡ ᠪᠦᠬᠦ ᠬᠦᠴᠦᠨ ᠢᠶᠠᠷ ᠢᠶᠠᠨ ᠰᠣᠶᠣᠯ ᠢᠷᠭᠡᠨᠰᠢᠯ ᠤᠨ ᠬᠠᠯᠠᠮᠵᠢᠯᠠᠯ ᠢ ᠴᠢᠩᠭᠠᠳᠬᠠᠵᠤ ᠂ ᠤᠯᠠᠨ ᠲᠦᠮᠡᠨ ᠤ ᠡᠪᠡᠳᠴᠢᠨ ᠦᠵᠡᠭᠦᠯᠬᠦ᠂ ᠲᠣᠯᠠᠭᠠᠯᠭ᠎ᠠ᠂ ᠰᠤᠷᠭᠠᠭᠤᠯᠢ ᠳᠤ ᠰᠠᠭᠤᠬᠤ ᠵᠡᠷᠭᠡ ᠦᠨᠳᠦᠰᠦᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠬᠠᠩᠭᠠᠨ᠎ᠠ᠃ ᠪᠢᠳᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠰᠢᠭᠤᠳ ᠨᠡᠪᠲᠡᠷᠡᠬᠦ ᠤᠲᠠᠰᠤ ᠶᠢ ᠨᠡᠪᠳᠡᠷᠡᠭᠦᠯᠵᠦ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃    ᠣᠳᠣᠬᠠᠨ ᠳᠤ ᠪᠢᠳᠡ ᠡᠴᠦᠰ ᠤᠨ ᠢᠯᠠᠯᠲᠠ ᠶᠢ ᠣᠯᠤᠭ᠎ᠠ ᠦᠭᠡᠢ᠂ ᠤᠴᠢᠷ ᠨᠢ ᠸᠢᠷᠦ᠋ᠰ ᠤᠨ ᠬᠤᠣᠷ ᠤᠨ ᠬᠦᠴᠦᠨ ᠬᠡᠳᠦᠢ ᠪᠠᠭᠤᠷᠠᠢ ᠪᠠᠶᠢᠯ᠎ᠠ ᠴᠤ ᠭᠡᠰᠡᠨ ᠣᠬᠤᠷᠬᠠᠨ ᠬᠤᠭᠤᠴᠠᠭᠠᠨ ᠳᠤ ᠮᠥᠨ ᠯᠡ ᠬᠥᠮᠥᠰ ᠲᠤ ᠬᠤᠣᠷ ᠬᠥᠨᠥᠭᠡᠯ ᠤᠴᠠᠷᠠᠭᠤᠯᠬᠤ ᠪᠣᠯᠣᠨ᠎ᠠ᠃ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠳᠡᠯᠭᠡᠷᠡᠬᠦ ᠶᠢ ᠠᠷᠭᠠᠴᠠᠬᠤ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ᠂ 3 ᠨᠠᠰᠤᠨ ᠠᠴᠠ ᠳᠡᠭᠡᠭᠰᠢᠬᠢ ᠬᠡᠦᠬᠡᠳ᠂ ᠲᠠᠷᠢᠯᠭ᠎ᠠ ᠶᠢ ᠪᠥᠬᠦ ᠶᠠᠪᠤᠴᠠ ᠳᠤ ᠬᠢᠵᠦ ᠳᠠᠭᠤᠰᠬᠠᠭᠰᠠᠨ ᠦᠭᠡᠢ ᠬᠥᠮᠥᠰ᠂ ᠲᠠᠷᠢᠯᠭ᠎ᠠ ᠶᠢ ᠴᠢᠩᠭᠠᠳᠬᠠᠬᠤ ᠨᠥᠬᠦᠴᠡᠯ ᠳᠤ ᠨᠡᠶᠢᠴᠡᠬᠦ ᠬᠥᠮᠥᠰ᠂ ᠢᠯᠠᠩᠭᠤᠶ᠎ᠠ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠶᠢ ᠪᠥᠬᠦ ᠶᠠᠪᠤᠴᠠ ᠳᠤ ᠲᠦᠷᠭᠡᠬᠡᠨ ᠬᠢᠵᠦ ᠳᠠᠭᠤᠰᠬᠠᠬᠤ ᠶᠢ ᠪᠢᠳᠡ ᠰᠠᠨᠠᠭᠤᠯᠵᠤ ᠪᠠᠶᠢᠨ᠎ᠠ᠃ ᠪᠢᠳᠡ ᠭᠠᠷ ᠬᠤᠯᠪᠣᠯᠴᠠᠨ ᠪᠠᠲᠤ ᠪᠠᠬᠢ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠶ᠎ᠠ᠃    ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠪᠡᠯ ᠳᠠᠪᠠᠵᠤ ᠳᠡᠶᠢᠯᠬᠦ ᠦᠭᠡᠢ ᠬᠦᠴᠢᠷ ᠭᠡᠵᠦ ᠪᠠᠶᠢᠬᠤ ᠦᠭᠡᠢ᠂ ᠲᠠᠨ ᠤ ᠣᠶᠢᠯᠠᠭᠠᠯᠲᠠ᠂ ᠳᠡᠮᠵᠢᠯᠭᠡ᠂ ᠬᠠᠮᠵᠢᠯᠴᠠᠭ᠎ᠠ ᠪᠣᠯ ᠪᠢᠳᠡᠨ ᠤ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠶᠢᠨ ᠬᠠᠮᠤᠭ ᠤᠨ ᠶᠡᠭᠡ ᠢᠳᠡ ᠬᠦᠴᠦᠨ ᠪᠠ ᠬᠠᠮᠤᠭ ᠤᠨ ᠬᠦᠴᠦᠷᠬᠡᠭ ᠬᠥᠳᠡᠯᠭᠡᠭᠦ ᠬᠦᠴᠦᠨ ᠮᠥᠨ︕ ᠪᠢᠳᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂  ᠬᠢᠵᠢᠭ ᠢ ᠬᠠᠮᠲᠤᠪᠠᠷ ᠬᠤᠷᠢᠭᠯᠠᠵᠤ  ᠂  ᠢᠯᠠᠯᠲᠠ ᠶᠢ ᠬᠠᠮᠲᠤᠪᠠᠷ ᠤᠭᠲᠤᠶ᠎ᠠ︕  ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠬᠤᠷᠢᠶ᠎ᠠ  ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                  2022 ᠣᠨ ᠤ 12 ᠰᠠᠷ᠎ᠠ ᠶᠢᠨ 8 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号