ᠮᠠᠯᠴᠢᠳ ᠮᠣᠷᠢᠨ ᠤ ᠣᠷᠣᠯᠳᠣᠭᠠᠨ ᠢᠶᠠᠷ ᠲᠠᠮᠵᠢᠭᠤᠯᠣᠨ ᠪᠡᠬᠡᠵᠢᠩ ᠤᠨ ᠡᠪᠣᠯ ᠤᠨ ᠣᠯᠠᠷᠢᠯ ᠤᠨ ᠣᠯᠢᠮᠫᠢᠺ ᠤᠨ ᠲᠠᠮᠢᠷ ᠤᠨ ᠴᠣᠭᠯᠠᠭᠠᠨ ᠳᠤ ᠢᠳᠡᠭᠡᠯ ᠵᠣᠷᠢᠭ ᠨᠡᠮᠡᠷᠢᠯᠡᠪᠡ
ᠨᠡᠶᠢᠲᠡᠯᠡᠭᠰᠡᠨ ᠴᠠᠭ᠄
2022/2/16
ᠮᠠᠯᠴᠢᠳ ᠮᠣᠷᠢᠨ ᠤ ᠣᠷᠣᠯᠳᠣᠭᠠᠨ ᠢᠶᠠᠷ ᠲᠠᠮᠵᠢᠭᠤᠯᠣᠨ ᠪᠡᠬᠡᠵᠢᠩ ᠤᠨ ᠡᠪᠣᠯ ᠤᠨ ᠣᠯᠠᠷᠢᠯ ᠤᠨ ᠣᠯᠢᠮᠫᠢᠺ ᠤᠨ ᠲᠠᠮᠢᠷ ᠤᠨ ᠴᠣᠭᠯᠠᠭᠠᠨ ᠳᠤ                                                2 ᠰᠠᠷ᠎ᠠ ᠶᠢᠨ 10 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠣᠯᠠᠭᠠᠨᠬᠠᠭᠠᠯᠭ᠎ᠠ ᠰᠣᠮᠣᠨ ᠤ ᠪᠠᠶᠠᠨᠨᠠᠭᠤᠷ ᠭᠠᠴᠠᠭᠠᠨ ᠤ ᠮᠠᠯᠴᠢᠳ ᠤᠨ ᠰᠣᠶᠣᠯ ᠲᠠᠮᠢᠷ ᠤᠨ ᠬᠦᠳᠡᠯᠬᠡᠬᠡᠨ ︽ᠦᠦᠷ ᠤᠨ ᠬᠤᠷᠲᠦ︾ ᠠᠩᠬᠠᠳᠣᠭᠠᠷ ᠣᠳᠠᠭᠠᠨ ᠤ ᠮᠣᠷᠢᠨ ᠤ ᠣᠷᠣᠯᠳᠣᠭᠠᠨ ᠬᠦᠭᠵᠢᠶᠡᠨ ᠨᠠᠷᠬᠢᠶᠠᠨ ᠲᠠᠢ  ᠶᠠᠪᠣᠭᠳᠠᠵᠦ᠂ ᠮᠠᠯᠴᠢᠳ ᠴᠦ  ᠪᠡᠬᠡᠵᠢᠩ ᠤᠨ ᠡᠪᠣᠯ ᠤᠨ ᠣᠯᠠᠷᠢᠯ  ᠤᠨ ᠣᠯᠢᠮᠫᠢᠺ ᠤᠨ ᠲᠠᠮᠢᠷ ᠤᠨ ᠴᠣᠭᠯᠠᠭᠠᠨ ᠳᠤ ᠬᠦᠴᠦᠨ ᠨᠡᠮᠡᠷᠢᠯᠡᠬᠦ ᠵᠣᠷᠢᠭ ᠰᠠᠨᠠᠭ᠎ᠠ᠂ ᠢᠳᠡᠬᠡᠯ ᠬᠦᠰᠡᠯ ᠢᠶᠠᠨ ᠢᠯᠡᠳᠭᠡᠵᠦ᠂  ᠣᠷᠣᠯᠳᠣᠭᠠᠨ ᠤ ᠲᠡᠭᠦᠰ ᠠᠮᠵᠢᠯᠳᠠᠳᠠᠢ ᠦᠨᠳᠣᠷᠯᠡᠬᠦ ᠶᠢ ᠪᠡᠯᠭᠡᠳᠡᠭᠰᠡᠨ ᠪᠠᠶᠢᠨ᠎ᠠ᠃
 
 
 ᠲᠣᠰ ᠣᠳᠠᠭᠠᠨ ᠤ ᠣᠷᠣᠯᠳᠣᠭᠠᠨ ᠢ ᠪᠠᠶᠠᠨᠨᠠᠭᠤᠷ ᠭᠠᠴᠠᠭᠠᠨ ᠤ ᠮᠠᠯᠴᠢᠨ ᠵᠠᠯᠠᠭᠤ ᠰᠡᠴᠡᠨᠳᠠᠯᠠᠢ ᠠᠴᠠ ᠭᠤᠣᠯᠯᠠᠨ ᠡᠷᠬᠢᠯᠡᠵᠦ᠂ ᠪᠠᠶᠠᠨᠨᠠᠭᠤᠷ ᠭᠠᠴᠠᠭᠠᠨ ᠤ ᠡᠭᠦᠷ ᠵᠦᠪᠯᠡᠯ ᠠᠴᠠ ᠲᠠᠭᠠᠭᠠᠴᠢᠯᠠᠨ  ᠡᠷᠬᠢᠯᠡᠵᠦ᠂ ᠪᠦᠳᠦᠬᠦᠨ ᠮᠣᠷᠢ᠂ ᠰᠢᠳᠣᠯᠡᠩ ᠦᠷᠢᠶ᠎ᠡ᠂ ᠬᠢᠵᠠᠯᠠᠩ ᠦᠷᠢᠶ᠎ᠡ ᠵᠡᠷᠭᠡ ᠭᠤᠷᠪᠠᠨ ᠲᠦᠷᠦᠯ ᠤᠨ ᠣᠷᠣᠯᠳᠣᠭᠠᠨ ᠬᠤᠪᠢᠶᠠᠨ ᠶᠠᠪᠣᠭᠳᠠᠭᠤᠯᠣᠨ᠂ ᠣᠶᠠᠭᠠᠴᠢᠳ ᠵᠢᠷᠠ ᠭᠠᠷᠣᠢ ᠬᠤᠷᠳᠣᠨ ᠬᠦᠯᠦᠭ ᠢᠶᠠᠨ ᠬᠤᠷᠳᠣᠯᠠᠭᠤᠯᠵᠠᠢ᠃
       ᠪᠦᠳᠦᠬᠦᠨ ᠮᠤᠷᠢᠨ ᠤ ᠤᠷᠤᠯᠳᠤᠭᠠᠨ ᠳᠤ᠂ ᠠᠯᠳᠠᠡᠭᠤᠤᠯ ᠤᠨ ᠪᠤᠯᠤᠳᠪᠠᠭᠠᠲᠤᠷ ᠤᠨ ᠬᠠᠯᠳᠠᠷ ᠮᠤᠷᠢ ᠲᠡᠷᠢᠬᠦᠯᠡᠵᠦ᠂ ᠡᠷᠢᠶᠡᠡᠭᠤᠪᠢ ᠶᠢᠨ ᠬᠠᠰᠪᠦ᠋ᠬᠡ ᠶᠢᠨ ᠬᠡᠭᠡᠷ ᠮᠤᠷᠢ ᠳᠡᠳ᠋ᠯᠡᠵᠦ᠂ ᠰᠢᠳᠦᠯᠡᠩ ᠦᠷᠢᠶᠡᠨ ᠤ ᠤᠷᠤᠯᠳᠤᠭᠠᠨ ᠳᠤ ᠪᠠᠶᠠᠡᠨᠠᠭᠤᠷ ᠤᠨ ᠰᠡᠴᠡᠨᠳᠠᠯᠠᠢ ᠶᠢᠨ ᠭᠡᠭᠡᠷ ᠦᠷᠢᠶ᠎ᠡ ᠲᠡᠷᠢᠬᠦᠯᠡᠵᠦ᠂ ᠪᠠᠶᠠᠡᠨᠠᠭᠤᠷ ᠤᠨ ᠪᠦᠬᠡᠪᠠᠭᠠᠲᠤᠷ ᠤᠨ ᠭᠡᠭᠡᠷ ᠦᠷᠢᠶ᠎ᠡ ᠳᠡᠳ᠋ᠯᠡᠨ᠂ ᠬᠢᠵᠠᠯᠠᠩ ᠦᠷᠢᠶᠠᠨ ᠤ ᠤᠷᠤᠯᠳᠤᠭᠠᠨ ᠳᠤ ᠭᠤᠷᠤᠬᠠᠨ ᠪᠠᠯᠭᠠᠰᠤᠨ ᠤ ᠰᠡᠴᠡᠨ ᠤ ᠬᠠᠯᠳᠠᠷ ᠦᠷᠢᠶ᠎ᠡ ᠲᠡᠷᠢᠬᠦᠯᠡᠨ᠂ ᠬᠠᠷᠠᠭᠠᠳᠦ ᠶᠢᠨ ᠪᠤᠯᠤᠷᠵᠠᠨ᠎ᠠ ᠶᠢᠨ ᠬᠡᠭᠡᠷ ᠦᠷᠢᠶ᠎ᠡ ᠳᠡᠳ᠋ᠯᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号