ᠠᠶᠢᠮᠠᠭ ᠤᠨ ᠡᠮᠡᠭᠲᠡᠶᠢᠴᠦᠳ ᠤᠨ ᠬᠤᠯᠪᠤᠭᠠᠲᠦ ᠬᠤᠷᠠᠯ ᠪᠠᠷᠠᠭᠤᠨ ᠦᠵᠦᠮᠦᠴᠢᠨ ᠬᠤᠰᠢᠭᠤᠨ ᠳᠤ ᠬᠦᠨᠵᠡᠭᠡᠶᠢᠷᠡᠨ ᠱᠠᠩᠨᠠᠯ ᠢ ᠦᠨᠳᠦᠰᠦᠨ ᠱᠠᠲᠤᠨ ᠳᠤ ᠬᠦᠷᠭᠡᠬᠦ ᠪᠠ  ᠪᠤᠯᠭᠤᠭᠠᠨ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/3/11
          ᠠᠶᠢᠮᠠᠭ ᠤᠨ ᠡᠮᠡᠭᠲᠡᠶᠢᠴᠦᠳ ᠤᠨ ᠬᠤᠯᠪᠤᠭᠠᠲᠦ ᠬᠤᠷᠠᠯ ᠪᠠᠷᠠᠭᠤᠨ ᠦᠵᠦᠮᠦᠴᠢᠨ           ᠬᠤᠰᠢᠭᠤᠨ ᠳᠤ ᠬᠦᠨᠵᠡᠭᠡᠶᠢᠷᠡᠨ ᠱᠠᠩᠨᠠᠯ ᠢ ᠦᠨᠳᠦᠰᠦᠨ ᠱᠠᠲᠤᠨ ᠳᠤ ᠬᠦᠷᠭᠡᠬᠦ ᠪᠠ           ᠪᠤᠯᠭᠤᠭᠠᠨ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ                                                                       112 ᠳ᠋ᠤᠭᠠᠷ ᠤᠳᠠᠭᠠᠨ ᠤ ︽3·8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ  ᠬᠦᠷᠴᠦ ᠢᠷᠡᠬᠦ ᠲᠠᠰᠢᠷᠠᠮ  ᠢᠶᠠᠷ᠂ ᠲᠡᠷᠢᠭᠦᠨ ᠤ ᠡᠮᠡᠭᠲᠡᠶᠢᠴᠦᠳ ᠤᠨ ᠦᠯᠢᠭᠡᠷ ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠡᠮᠡᠭᠲᠡᠶᠢᠴᠦᠳ ᠢ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠬᠤ ᠶᠢᠨ ᠲᠥᠯᠥᠭᠡ᠂ 3 ᠰᠠᠷ᠎ᠠ ᠶᠢᠨ 5 ᠤ ᠡᠳᠦᠷ᠂ ᠰᠢᠯᠢ ᠶᠢᠨ ᠭᠤᠤᠯ ᠠᠶᠢᠮᠠᠭ ᠤᠨ ᠡᠮᠡᠭᠲᠡᠶᠢᠴᠦᠳ ᠤᠨ ᠬᠤᠯᠪᠤᠭᠠᠲᠦ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠡᠦ ᠾᠦᠢ ᠭᠤᠸᠠᠩ ᠪᠠᠷᠠᠭᠤᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ᠂ ᠱᠠᠩᠨᠠᠯ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠦᠷᠨᠢᠭᠦᠯᠵᠦ᠂ ᠪᠥᠬᠦ ᠤᠯᠤᠰ ᠤᠨ ︽ᠵᠠᠭᠤᠨ ᠡᠮᠡᠭᠲᠡᠶ ᠰᠢᠯᠢᠳᠡᠭ ᠰᠦᠯᠵᠢᠶᠡᠴᠢᠨ ᠤ ᠥᠯᠢᠭᠡᠷ︾ ᠤᠨ ᠢᠷᠠᠭᠤ ᠠᠯᠳᠠᠷ ᠢ ᠭᠥᠷᠳᠡᠭᠰᠡᠨ  ᠰᠦᠯᠵᠢᠶᠡᠨ ᠤᠳᠤᠨ ᠤᠶᠠᠩᠭ᠎ᠠ ᠳᠤ ᠢᠷᠠᠭᠤ ᠠᠯᠳᠠᠷ ᠤᠨ ᠦᠨᠡᠮᠯᠡᠯ ᠪᠠ ᠪᠠᠶᠠᠷ ᠤᠨ ᠡᠳᠦᠷ ᠤᠨ ᠪᠡᠯᠡᠭ ᠬᠦᠷᠭᠡᠭᠰᠡᠨ ᠤ ᠬᠠᠮᠲᠤ᠂ ᠲᠡᠭᠦᠨ ᠢ ᠢᠷᠠᠭᠤ ᠠᠯᠳᠠᠷ ᠢᠶᠠᠨ ᠨᠠᠨᠳᠢᠩᠨᠠᠵᠤ᠂ ᠬᠦᠲᠦᠯᠦᠨ ᠳᠠᠭᠠᠭᠤᠯᠬᠤ ᠦᠢᠯᠡᠳᠦᠯ  ᠢᠶᠠᠨ ᠭᠦᠢᠴᠡᠳ ᠪᠠᠳᠠᠷᠠᠭᠤᠯᠤᠨ᠂ ᠨᠡᠶᠢᠭᠡᠮ ᠳᠠᠶᠠᠭᠠᠷ ᠲᠤ ᠵᠦᠪ ᠡᠨᠧᠷᠭᠢ ᠶᠢ ᠢᠳᠡᠪᠬᠢᠲᠡᠢ ᠳᠠᠮᠵᠢᠭᠤᠯᠵᠤ᠂ ᠰᠢᠨ᠎ᠡ ᠴᠠᠭ ᠦᠶ᠎ᠡ  ᠶᠢᠨ ᠡᠮᠡᠭᠲᠡᠶᠢᠴᠦᠳ ᠤᠨ ᠵᠢᠳᠭᠦᠯ ᠢᠶᠠᠨ ᠨᠡᠮᠡᠷᠢᠯᠡᠭᠡᠷᠡᠢ ᠭᠡᠵᠦ ᠵᠤᠷᠢᠭᠵᠢᠭᠤᠯᠪᠠ᠃
   ᠳᠠᠷᠠᠭ᠎ᠠ ᠨᠢ ᠪᠤᠯᠭᠤᠭᠠᠨ ᠲᠤᠬᠤᠨᠢᠭᠤᠯᠬᠤ ᠲᠤᠭᠤᠶᠢᠯᠠᠩ ᠨᠢ 2 ᠨᠡᠷ᠎ᠡ ᠬᠦᠨᠳᠦ ᠡᠪᠡᠳᠴᠢᠨ ᠳᠤ ᠨᠡᠷᠪᠡᠭᠳᠡᠭᠰᠡᠨ ᠠᠮᠢᠳᠤᠷᠠᠯ ᠬᠦᠴᠢᠷᠳᠡᠯᠲᠡᠶ ᠡᠮᠡᠭᠲᠡᠢ ᠶᠢ ᠪᠤᠯᠭᠤᠭᠠᠨ ᠲᠤᠬᠤᠨᠢᠭᠤᠯᠵᠦ᠂ ᠵᠤᠭᠤᠰ ᠮᠦᠡᠭᠬᠦ ᠪᠤᠯᠤᠨ ᠲᠤᠬᠤᠨᠢᠭᠤᠯᠭ᠎ᠠ ᠶᠢᠨ ᠪᠤᠳᠠᠰ ᠭᠠᠷᠳᠠᠭᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号